ᠵᠢᠨᠱᠠᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠨᠢ ᠠᠷᠪᠠᠨ ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠪᠠᠭ᠋ᠠᠷᠤᠯ ᠢ ᠲᠡᠳᠡᠭ᠌ᠰᠠᠨ ᠰᠤᠷᠭᠠᠭᠤᠯᠢ ᠶᠢᠨ ᠬᠦᠷᠢᠶᠡᠯᠡᠩ ᠤᠨ ᠨᠠᠶᠢᠷᠠᠯ ᠲᠠᠭᠤᠤ ᠶᠢᠨ ᠨᠠᠶᠢᠷ ᠲᠤ ᠬᠤᠶᠠᠳᠤᠭᠠᠷ ᠲᠡᠰ ᠱᠠᠩᠨᠠᠯ ᠤᠯᠪᠠ
ᠨᠡᠶᠢᠲᠡᠯᠡᠭᠰᠡᠨ ᠴᠠᠭ᠄
2019/7/30
 ︽ᠵᠠᠯᠠᠭᠤ ᠨᠠᠰᠤᠨ ᠤ ᠬᠦᠴᠦᠨ ᠴᠢᠳᠠᠯ ᠢᠶᠠᠨ ᠴᠤᠭᠯᠠᠷᠠᠭᠤᠯᠤᠨ᠂ ᠤᠶᠠᠩᠭᠠᠳᠤ ᠲᠠᠭᠤᠤ ᠪᠠᠨ ᠬᠢᠴᠢᠶᠡᠩᠬᠦᠶᠢᠯᠡᠨ ᠰᠤᠨᠤᠰᠤᠨ᠎ᠠ᠃︾ 7 ᠰᠠᠷ᠎ᠠ ᠶᠢᠨ 18 ᠤ ᠡᠳᠦᠷ ᠤᠨ ᠤᠷᠤᠢ᠂ ︽ᠲᠡᠭᠷᠢ ᠶᠢᠨ ᠤᠷᠤᠨ ᠴᠧᠩᠳᠦ᠋ ᠳᠤ ᠪᠤᠯᠵᠤᠨ ᠠᠭᠤᠯᠵᠠᠵᠤ ᠰᠢᠨ᠎ᠡ ᠴᠠᠭ ᠦᠶ᠎ᠡ ᠪᠠᠨ ᠮᠠᠭᠳᠠᠨ ᠲᠠᠭᠤᠯᠠᠬᠤ︾ ᠠᠷᠪᠠᠨ ᠲᠦᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠪᠠᠭ᠋ᠠᠷᠤᠯ ᠢ ᠲᠡᠳᠡᠭ᠌ᠰᠠᠨ ᠰᠤᠷᠭᠠᠭᠤᠯᠢ ᠶᠢᠨ ᠬᠦᠷᠢᠶᠡᠯᠡᠩ ᠤᠨ ᠨᠠᠶᠢᠷᠠᠯ ᠲᠠᠭᠤᠤ ᠶᠢᠨ ᠨᠠᠶᠢᠷ ᠤᠨ ᠱᠠᠩᠨᠠᠯ ᠤᠯᠭᠤᠬᠤ ᠶᠤᠰᠤᠯᠠᠯ ᠢ ᠴᠧᠩᠳᠦ᠋ ᠬᠤᠳᠠ ᠶᠢᠨ ᠲᠠᠭᠤᠤ ᠬᠦᠭᠵᠢᠮ ᠤᠨ ᠲᠠᠩᠬᠢᠮ ᠳᠤ ᠦᠪᠡᠳᠡᠭᠰᠢ ᠶᠡᠭᠡᠪᠡᠷ ᠶᠠᠪᠤᠭᠳᠠᠭᠤᠯᠪᠠ᠃ ᠲᠤᠰ ᠤᠳᠠᠭᠠᠨ ᠤ ᠨᠠᠶᠢᠷᠠᠯ ᠲᠠᠭᠤᠤ ᠶᠢᠨ ᠨᠠᠶᠢᠷ ᠲᠤ ᠪᠦᠬᠦ ᠤᠯᠤᠰ ᠤᠨ 25 ᠮᠤᠵᠢ ᠬᠤᠳᠠ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ 80 ᠭᠠᠷᠤᠢ ᠨᠠᠶᠢᠷᠠᠯ ᠲᠠᠭᠤᠤ ᠶᠢᠨ ᠪᠦᠯᠬᠦᠮ  ᠠᠴᠠ ᠴᠧᠩᠳᠦ᠋ ᠬᠤᠳᠠ ᠶᠢᠨ ᠲᠠᠭᠤᠤ ᠬᠦᠭᠵᠢᠮ ᠤᠨ ᠲᠠᠩᠬᠢᠮ ᠳᠤ ᠮᠦᠷᠦᠶᠢᠴᠡᠪᠡ᠃ ᠵᠢᠨᠱᠠᠨ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ︽ᠴᠦᠩ ᠵᠧᠩ ᠨᠠᠶᠢᠷᠠᠯ ᠲᠠᠭᠤᠤ ᠶᠢᠨ ᠪᠦᠯᠬᠦᠮ︾ ᠲᠤᠮᠳᠠᠳᠤ ᠰᠤᠷᠭᠠᠭᠤᠯᠢ ᠶᠢᠨ ᠲᠤᠭᠤᠶᠢᠯᠠᠩ ᠤᠨ ᠬᠤᠶᠠᠳᠤᠭᠠᠷ ᠲᠡᠰ ᠤᠨ ᠱᠠᠩᠨᠠᠯ ᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号