ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2019/7/6
6 ᠰᠠᠷ᠎ᠠ ᠶᠢᠨ 18 — 30 ᠤ ᠡᠳᠦᠷ ᠪᠣᠯ ᠪᠥᠬᠦ ᠤᠯᠤᠰ ᠤᠨ ᠢᠳᠡᠭᠡᠨ ᠤ ᠵᠦᠶᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠮᠥᠨ᠂ 6 ᠰᠠᠷ᠎ᠠ ᠶᠢᠨ 26 ᠤ ᠡᠳᠦᠷ ᠤᠨ ᠦᠳᠡ ᠤᠨ ᠬᠤᠶᠢᠨ᠎ᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠲᠤᠷᠠᠨ ᠳ᠋ᠠ ᠨᠢᠤ ᠴᠢᠶᠦ᠋ᠨ ᠪᠠᠭ᠎ᠠ ᠰᠤᠷᠭᠠᠭᠤᠯᠢ ᠳᠤ ᠬᠦᠷᠴᠦ ᠢᠳᠡᠭᠡᠨ ᠤ ᠵᠦᠶᠯ ᠤᠨ ᠠᠮᠤᠷ ᠲᠦᠪᠰᠢᠨ ᠤ ᠮᠡᠳᠡᠯᠭᠡ ᠵᠢᠴᠢ ᠡᠷᠡᠭᠦᠯ ᠮᠡᠨᠳᠦ ᠶᠢᠨ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃ ᠲᠠᠶᠢᠯᠤᠮᠵᠢ ᠳ᠋ᠠ ᠨᠢᠤ ᠴᠢᠶᠦ᠋ᠨ ᠪᠠᠭ᠎ᠠ ᠰᠤᠷᠭᠠᠭᠤᠯᠢ   ᠶᠢᠨ ᠶᠡᠭᠡ ᠬᠤᠷᠠᠯ ᠤᠨ ᠦᠷᠦᠭᠡ ᠳᠤ ᠶᠠᠪᠤᠭᠳᠠᠪᠠ᠃ ᠳ᠋ᠠ ᠨᠢᠤ ᠴᠢᠶᠦ᠋ᠨ ᠪᠠᠭ᠎ᠠ ᠰᠤᠷᠭᠠᠭᠤᠯᠢ ᠶᠢᠨ 300 ᠭᠠᠷᠤᠶ ᠪᠠᠭᠰᠢ ᠰᠤᠷᠤᠭᠴᠢ ᠮᠡᠳᠡᠯᠭᠡ ᠶᠢᠨ ᠲᠠᠶᠢᠯᠤᠮᠵᠢ ᠳᠤ ᠣᠷᠣᠯᠴᠠᠪᠠ᠃  
ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠰᠠᠯᠠᠭᠠᠨ ᠤ ᠳᠠᠷᠤᠭ᠎ᠠ ᠯᠢᠦᠶ ᠱᠢ ᠰᠢᠤᠸᠠᠢ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠶᠢᠨ ᠶᠡᠷᠦᠩᠬᠡᠶᠢᠯᠡᠭᠰᠡᠨ ᠲᠠᠰᠤᠭ ᠤᠨ ᠡᠷᠬᠢᠯᠡᠭᠴᠢ ᠵᠧᠦ ᠰᠢᠤᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠭᠴᠢᠳ ᠤᠨ ᠣᠨᠴᠠᠯᠢᠭ᠂ ᠰᠡᠳᠬᠢᠴᠡ ᠶᠢᠨ ᠣᠨᠴᠠᠯᠢᠭ ᠢ ᠦᠨᠳᠦᠰᠦᠯᠡᠨ ︽ᠰᠤᠷᠤᠭᠴᠢᠳ ᠤᠨ  ᠠᠮᠠᠷᠬᠠᠨ ᠡᠭᠦᠰᠬᠦ ᠬᠠᠯᠳᠠᠪᠤᠷᠢᠲᠤ ᠡᠪᠡᠳᠴᠢᠨ ᠵᠢᠴᠢ ᠤᠷᠢᠳᠴᠢᠯᠠᠨ ᠰᠡᠷᠭᠡᠶᠢᠯᠡᠬᠦ︾ ᠪᠠ ︽ᠢᠳᠡᠭᠡᠨ ᠤ ᠠᠮᠤᠷ ᠲᠦᠪᠰᠢᠨ ᠤ ᠮᠡᠳᠡᠯᠭᠡ︾ ᠶᠢᠨ ᠮᠡᠳᠡᠯᠭᠡ ᠶᠢᠨ ᠲᠠᠶᠢᠯᠤᠮᠵᠢ ᠶᠢ ᠥᠷᠨᠢᠭᠦᠯᠪᠡ᠃ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠪᠦᠬᠦ ᠪᠠᠭᠰᠢ ᠰᠤᠷᠤᠭᠴᠢᠳ ᠲᠠᠢ ᠪᠣᠳᠠᠲᠤ ᠠᠮᠢᠳᠤᠷᠠᠯ ᠤᠨ ᠳᠤᠮᠳᠠ ᠡᠭᠦᠰᠦᠭᠰᠡᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠬᠤᠪᠢᠶᠠᠯᠴᠠᠨ ᠡᠳ᠋ᠯᠡᠬᠦ ᠶᠢᠨ ᠬᠠᠮᠲᠤ ᠵᠤᠨ ᠤ ᠤᠯᠠᠷᠢᠯ ᠤᠨ ᠢᠳᠡᠭᠡᠨ ᠤᠮᠳᠠᠭᠠᠨ᠂ ᠠᠮᠠᠭᠠᠢ ᠡᠪᠡᠳᠴᠢᠨ᠂ ᠰᠡᠷᠬᠡᠨᠦᠳ ᠵᠡᠷᠭᠡ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠭᠤᠤᠯᠴᠢᠯᠠᠨ ᠡᠵᠡᠮᠰᠢᠪᠡ᠃
ᠳᠥᠭᠦᠮ ᠣᠶᠢᠯᠠᠭᠠᠮᠵᠢᠲᠠᠶ ᠲᠠᠶᠢᠯᠤᠮᠵᠢ ᠪᠠᠷ ᠬᠡᠦᠬᠡᠳ ᠢ ᠡᠷᠡᠭᠦᠯ ᠮᠡᠨᠳᠦ ᠶᠢᠨ ᠤᠬᠠᠮᠰᠠᠷ ᠢ ᠠᠩᠬ᠎ᠠ ᠠᠯᠬᠤᠮ ᠪᠦᠷᠢᠯᠳᠦᠭᠦᠯᠬᠦ ᠶᠢᠨ ᠬᠠᠮᠲᠤ᠂ ᠮᠡᠳᠡᠯᠭᠡ ᠶᠢ ᠨᠢ ᠭᠡᠷ ᠤᠨ ᠠᠬᠠᠮᠠᠳ ᠲᠤ ᠤᠯᠠᠮᠵᠢᠯᠠᠨ ᠥᠭᠴᠦ᠂ ᠭᠠᠷ ᠭᠠᠷ ᠢᠶᠠᠨ ᠬᠤᠯᠪᠣᠭᠠᠯᠠᠨ ᠭᠡᠷ ᠤᠨ ᠠᠬᠠᠮᠠᠳ ᠲᠠᠢ ᠬᠠᠮᠲᠤ ᠪᠠᠷ ᠢᠳᠡᠭᠡᠨ ᠤ ᠠᠮᠤᠷ ᠲᠦᠪᠰᠢᠨ᠂ ᠡᠷᠡᠭᠦᠯ ᠮᠡᠨᠳᠦ ᠶᠢᠨ ᠮᠡᠳᠡᠯᠭᠡ ᠪᠠ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠶᠢ ᠠᠩᠬᠠᠷᠬᠤ ᠶᠢ ᠵᠣᠷᠢᠭᠵᠢᠭᠤᠯᠵᠠᠶ᠃ ᠲᠣᠰ ᠤᠳᠠᠭᠠᠨ ᠤ ᠠᠵᠢᠯᠯᠠᠭ᠎ᠠ ᠨᠢ ᠨᠢᠯᠬ᠎ᠠ ᠬᠡᠦᠬᠡᠳ ᠤᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠵᠦ᠂ ᠦᠨᠳᠦᠰᠦᠨ ᠱᠠᠲᠤᠨ ᠤ ᠡᠷᠡᠭᠦᠯ ᠮᠡᠨᠳᠦ ᠶᠢ ᠠᠬᠢᠭᠤᠯᠬᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠶᠢᠨ ᠥᠷᠨᠢᠯᠲᠡ ᠶᠢ ᠪᠦᠲᠦᠮᠵᠢᠲᠡᠶ ᠠᠬᠢᠭᠤᠯᠪᠠ᠃ ᠠᠵᠢᠯᠯᠠᠭ᠎ᠠ ᠳᠤ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ︾᠂ ︽ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ︾᠂ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 1200 ᠭᠠᠷᠤᠶ ᠬᠤᠪᠢ ᠲᠠᠷᠬᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号