6 ᠰᠠᠷ᠎ᠠ ᠶᠢᠨ 26 ᠤ ᠡᠳᠦᠷ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠠᠩ ᠭᠦᠸᠧ ᠬᠤᠸᠠ ᠬᠤᠰᠢᠭᠤᠨ | ᠷᠠᠳᠢᠣ᠋ ᠲᠧᠯᠸᠢᠰ ᠤᠨ ᠲᠥᠪ ᠲᠤ ᠬᠦᠷᠴᠦ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ | ᠶᠢᠨ ᠪᠠᠶᠢᠳᠠᠯ ᠳᠤ ᠵᠣᠷᠢᠭᠤᠯᠤᠨ ᠠᠯᠪᠠᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠶᠣᠤ ᠵᠢᠶᠦ᠋ᠨ᠂ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ | ᠤ ᠡᠳ᠋ ᠤᠨ ᠵᠠᠰᠠᠭ ᠤᠨ ᠲᠣᠪᠴᠢᠶ᠎ᠠ ᠵᠢᠴᠢ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | | | ᠵᠠᠩ ᠭᠦᠸᠧ ᠬᠤᠸᠠ ᠨᠠᠷ ᠬᠤᠰᠢᠭᠤᠨ ᠤ ᠷᠠᠳᠢᠣ᠋ ᠲᠧᠯᠸᠢᠰ ᠤᠨ ᠲᠥᠪ ᠤᠨ ᠠᠯᠪᠠᠨ ᠠᠰᠠᠷ᠂ ᠷᠠᠳᠢᠣ᠋ ᠨᠡᠪᠲᠡᠷᠡᠭᠦᠯᠭᠡ | ᠶᠢᠨ ᠰᠢᠭᠤᠳ ᠨᠡᠪᠲᠡᠷᠡᠭᠦᠯᠭᠡ ᠶᠢᠨ ᠲᠠᠰᠤᠭ᠂ ᠦᠢᠯᠡᠳᠬᠦ ᠳᠠᠰᠤᠭ᠂ ᠨᠡᠪᠲᠡᠷᠡᠭᠦᠯᠬᠦ ᠳᠠᠰᠤᠭ ᠲᠤ ᠭᠦᠨᠵᠡᠭᠡᠶᠢᠷᠡᠵᠦ᠂ | ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠵᠢᠯ ᠢ ᠰᠣᠨᠣᠰᠴᠤ᠂ ᠠᠯᠪᠠᠯᠠᠬᠤ ᠳᠠᠰᠤᠭ᠂ ᠰᠤᠷᠪᠤᠯᠵᠢᠯᠠᠬᠤ ᠨᠠᠶᠢᠷᠠᠭᠤᠯᠬᠤ | ᠨᠡᠪᠲᠡᠷᠡᠭᠦᠯᠬᠦ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠪᠠᠢᠴᠠᠭᠠᠨ ᠦᠵᠡᠵᠦ᠂ ᠬᠠᠮ ᠵᠠᠭᠤᠴᠢᠯᠠᠭᠤᠷ ᠤᠨ | ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠪᠡ ᠵᠢᠴᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ | ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ | ᠳᠤᠮᠳᠠᠬᠢ ᠲᠠᠯᠠᠪᠤᠷ᠂ ᠪᠡᠯᠡ ᠮᠥᠩᠭᠦ᠂ ᠲᠥᠬᠦᠭᠡᠷᠦᠮᠵᠢ᠂ ᠡᠩᠨᠡᠭᠡ᠂ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠪᠠᠷ | ᠣᠷᠣᠰᠢᠵᠤ ᠪᠢᠠᠶᠭᠠ ᠠᠰᠠᠭᠤᠳᠠᠯ ᠪᠣᠯᠤᠨ ᠲᠤᠯᠭᠠᠷᠠᠵᠤ ᠪᠠᠶᠢᠭ᠎ᠠ ᠬᠦᠴᠢᠷᠳᠡᠯ ᠢ ᠣᠶᠢᠯᠠᠭᠠᠵᠤ ᠰᠠᠨᠠᠯ ᠰᠠᠨᠠᠭᠤᠯᠭ᠎ᠠ | ᠳᠤᠷᠠᠳᠪᠠ᠃ | | | ᠵᠠᠩ ᠭᠦᠸᠧ ᠬᠤᠸᠠᠵᠢᠭᠠᠵᠤ ᠭᠠᠷᠭᠠᠭᠰᠠᠨ ᠨᠢ᠄ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ | ᠶᠢᠨ ᠲᠠᠯᠠᠪᠤᠷ ᠭᠠᠵᠠᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠳᠠᠮᠵᠢ ᠶᠢ ᠬᠡᠷᠡᠭᠯᠡᠬᠦ ᠬᠤᠪᠢᠶᠠᠷᠢ | ᠲᠣᠭᠤᠷᠢᠭ ᠢ ᠰᠠᠶᠢᠲᠤᠷ ᠬᠢᠵᠦ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ | ᠠᠬᠢᠭᠤᠯᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠫᠷᠣᠭ᠍ᠷᠠᠮ ᠢ ᠡᠬᠢᠯᠡᠭᠦᠯᠵᠦ᠂ ᠬᠠᠤᠯᠢ | ᠲᠣᠭᠲᠠᠭᠠᠯ ᠳᠤ ᠨᠡᠶᠢᠴᠡᠭᠦᠯᠦᠨ ᠠᠵᠢᠯᠯᠠᠭᠤᠯᠤᠨ᠎ᠠ᠃ ᠤᠯᠤᠰ ᠤᠨ ᠲᠤᠰᠬᠠᠶ ᠲᠥᠷᠥᠯ ᠤᠨ ᠪᠠᠯᠠ ᠮᠥᠩᠭᠦ ᠶᠢ | ᠴᠢᠷᠮᠠᠶᠢᠨ ᠣᠯᠵᠤ᠂ ᠬᠦᠷᠦᠯᠴᠡᠬᠦ ᠥᠬᠡᠶ ᠬᠡᠰᠡᠭ ᠬᠤᠰᠢᠭᠤᠨ ᠤ ᠡᠳ᠋ ᠤᠨ ᠵᠠᠰᠠᠭ ᠠᠴᠠ ᠨᠡᠮᠡᠯᠲᠡ ᠲᠦᠰᠦᠯ ᠬᠢᠵᠦ ᠂ | ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠲᠤᠯᠠᠨ᠎ᠠ᠃ ᠲᠥᠬᠦᠭᠡᠷᠦᠮᠵᠢ | ᠬᠤᠳᠠᠯᠳᠤᠨ ᠠᠪᠬᠤ ᠲᠠᠯ᠎ᠠ ᠪᠠᠷ ᠲᠥᠰᠦᠪ ᠢ ᠰᠠᠶᠢᠲᠤᠷ ᠬᠢᠵᠦ᠂ ᠴᠢᠬᠤᠯᠠ ᠬᠡᠷᠡᠭᠴᠡᠭᠡ ᠲᠠᠢ᠂ ᠦᠨ᠎ᠡ ᠥᠷᠲᠡᠭ ᠲᠠᠢ | ᠲᠥᠬᠦᠭᠡᠷᠦᠮᠵᠢ ᠶᠢ ᠬᠤᠳᠠᠯᠳᠤᠨ ᠠᠪᠬᠤ ᠬᠡᠷᠡᠭᠲᠡᠶ᠃ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ᠂ ᠲᠤᠰᠬᠠᠶ | ᠮᠡᠷᠭᠡᠵᠢᠯ ᠢ ᠦᠨᠳᠦᠰᠦᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠠᠵᠢᠯᠲᠠᠨ ᠢ ᠡᠮᠬᠢᠯᠡᠨ | ᠨᠡᠶᠢᠯᠡᠭᠦᠯᠵᠦ᠂ ᠬᠦᠷᠦᠯᠴᠡᠬᠦ ᠥᠬᠡᠶ ᠬᠡᠰᠡᠭ ᠢ ᠣᠷᠣᠭᠤᠯᠤᠨ ᠠᠪᠴᠢᠷᠠᠵᠤ ᠬᠠᠮᠢᠶ᠎ᠠ ᠪᠦᠬᠦᠢ ᠴᠢᠳᠠᠪᠤᠷᠢᠲᠠᠨ ᠢ ᠰᠢᠯᠭᠠᠨ | ᠡᠯᠰᠡᠬᠦ᠂ ᠵᠠᠰᠠᠭ ᠤᠨ ᠣᠷᠳᠣᠨ ᠦᠶᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠴᠠᠬᠢᠯᠭᠠᠨ ᠢ ᠠᠶᠤᠯᠭᠦᠶ ᠬᠡᠷᠡᠭᠯᠡᠬᠦ᠂ ᠭᠠᠯ ᠢ ᠰᠡᠷᠭᠡᠶᠢᠯᠡᠬᠦ | ᠬᠡᠷᠡᠭᠲᠡᠶ᠃ ᠠᠵᠢᠯ ᠶᠢᠨ ᠴᠢᠳᠠᠪᠤᠷᠢ᠂ ᠠᠵᠢᠯ ᠶᠢᠨ ᠣᠶᠢᠯᠠᠭᠠᠭᠳᠠᠬᠤᠨ ᠢᠶᠠᠨ ᠳᠡᠭᠡᠭᠰᠢᠯᠡᠭᠦᠯᠵᠦ᠂ ᠲᠡᠷᠢᠭᠦᠨ ᠵᠡᠷᠭᠡ | ᠶᠢᠨ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠣᠯᠭᠠᠭᠤᠯᠵᠤ᠂ ᠪᠤᠰᠤᠳ | ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠥᠨᠳᠥᠷ ᠪᠠᠷᠢᠮᠵᠢᠶ᠎ᠠ ᠲᠠᠢ᠂ ᠪᠦᠬᠦ ᠬᠤᠲᠠ | ᠶᠢᠨ ᠲᠡᠷᠢᠭᠦᠨ ᠵᠡᠷᠭᠡ ᠶᠢᠨ ᠬᠠᠮ ᠵᠠᠭᠤᠴᠢᠯᠠᠭᠤᠷ ᠤᠨ ᠲᠥᠪ ᠢ ᠪᠠᠶᠢᠭᠤᠯᠬᠤ ᠶᠢᠨ ᠬᠠᠮᠲᠤ ᠰᠢᠨ᠎ᠡ ᠪᠠᠷ | ᠪᠠᠶᠢᠭᠤᠯᠤᠭᠰᠠᠨ ᠬᠠᠷᠠᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠢ ᠥᠪᠡᠷᠲᠡᠭᠡᠨ ᠵᠠᠰᠠᠬᠤ ᠣᠷᠣᠨ ᠤ | ᠬᠤᠰᠢᠭᠤ ᠰᠢᠶᠠᠨ ᠤ ᠱᠠᠲᠤᠨ ᠤ ᠡᠮᠦᠨ᠎ᠡ ᠡᠩᠨᠡᠭᠡᠨ ᠳᠤ ᠶᠠᠪᠤᠬᠤ ᠶᠢ ᠬᠦᠰᠡᠵᠦ ᠪᠠᠶᠢᠨ᠎ᠠ᠃ ︽7 · 1︾ ᠤ ᠨᠠᠮ | ᠪᠠᠶᠢᠭᠤᠯᠤᠭᠳᠠᠭᠰᠠᠨ ᠪᠠᠶᠠᠷ ᠪᠣᠯᠬᠤ ᠲᠠᠰᠢᠷᠠᠮ ᠢᠶᠠᠷ᠂ ᠵᠠᠩ ᠭᠦᠸᠧ ᠬᠤᠸᠠ ᠬᠤᠰᠢᠭᠤᠨ ᠤ ᠷᠠᠳᠢᠣ᠋ ᠲᠧᠯᠸᠢᠰ ᠤᠨ | ᠲᠥᠪ ᠤᠨ ᠪᠦᠬᠦ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠤᠯ ᠬᠦᠷᠭᠡᠪᠡ᠃ | |