ᠬᠠᠷᠢᠶᠠᠲᠤ ᠣᠷᠣᠨ ᠤ ᠥᠷᠭᠡᠨ ᠣᠯᠠᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠵᠦ᠂ ᠭᠠᠯ ᠲᠦᠢᠮᠡᠷ ᠤᠨ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ | ᠶᠢᠨ ᠲᠥᠯᠥᠭᠡ᠂ ᠤᠶᠢᠷ᠎ᠠ ᠶᠢᠨ ᠡᠳᠦᠷ᠂ ᠬᠠᠷᠠᠴᠢᠨ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠶᠢᠨ | ᠤᠬᠠᠭᠤᠯᠬᠤ ᠠᠵᠢᠯᠲᠠᠨ ᠬᠠᠷᠢᠶᠠᠲᠤ ᠣᠷᠣᠨ ᠤ ᠯᠦᠩ ᠴᠢᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠠᠯ | ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠶᠡᠭᠡ ᠠᠩᠭᠢ ᠶᠢᠨ ᠤᠬᠠᠭᠤᠯᠬᠤ ᠠᠵᠢᠯᠲᠠᠨ ᠣᠳᠣᠬᠢ ᠱᠠᠲᠤᠨ ᠤ ᠭᠠᠯ ᠤᠨ ᠠᠶᠤᠯ ᠤᠨ | ᠣᠨᠴᠠᠯᠢᠭ ᠢ ᠦᠨᠳᠦᠰᠦᠯᠡᠨ᠂ ᠤᠶᠢᠷ᠎ᠠ ᠶᠢᠨ ᠬᠤᠭᠤᠴᠠᠭᠠᠨ ᠳᠤ ᠭᠠᠷᠤᠭᠰᠠᠨ ᠭᠠᠯ ᠤᠨ ᠠᠶᠤᠯ ᠤᠨ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠭᠠᠯ ᠬᠡᠷᠡᠭᠯᠡᠬᠦ᠂ ᠴᠠᠬᠢᠯᠭᠠᠨ | ᠬᠡᠷᠡᠭᠯᠡᠬᠦ᠂ ᠨᠡᠭᠦᠷᠡᠰᠦᠨ ᠬᠡᠢ ᠬᠡᠷᠡᠭᠯᠡᠬᠦ ᠠᠮᠤᠷ ᠲᠦᠪᠰᠢᠨ ᠪᠠ ᠠᠩᠬᠠᠷᠠᠬᠤ ᠵᠦᠢᠯᠡᠰ ᠵᠢᠴᠢ ᠡᠳᠦᠷ ᠲᠤᠲᠤᠮ ᠤᠨ | ᠠᠮᠢᠳᠤᠷᠠᠯ ᠤᠨ ᠳᠤᠮᠳᠠ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂ ᠭᠠᠯ ᠤᠨ ᠲᠠᠯᠠᠪᠠᠢ ᠠᠴᠠ ᠲᠤᠳᠠᠭᠠᠬᠤ᠂ | ᠭᠠᠯ ᠤᠨ ᠠᠶᠤᠯ ᠠᠴᠠ ᠦᠪᠡᠷ ᠢ ᠪᠠᠨ ᠠᠪᠤᠷᠠᠬᠤ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠤᠨᠲᠠᠷᠠᠭᠠᠨ | ᠠᠪᠤᠷᠠᠬᠤ᠂ ᠭᠠᠯ ᠤᠨ ᠠᠶᠤᠯ ᠢ ᠮᠡᠳᠡᠭᠳᠡᠬᠦ ᠵᠡᠷᠭᠡ ᠭᠠᠯ ᠤᠨᠲᠠᠷᠠᠭᠠᠬᠤ ᠮᠡᠳᠡᠯᠭᠡ ᠶᠢ ᠲᠠᠶᠢᠯᠪᠦᠷᠢᠯᠠᠵᠤ᠂ ᠴᠠᠬᠢᠯᠭᠠᠨ | ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠣᠯᠤᠨ ᠭᠠᠯ ᠤᠨ | ᠲᠠᠯᠠᠪᠠᠢ ᠠᠴᠠ ᠲᠤᠳᠠᠭᠠᠬᠤ ᠲᠤᠰᠬᠠᠶ ᠰᠡᠳᠦᠪᠲᠦ ᠹᠢᠯᠢᠮ ᠢ ᠨᠡᠪᠲᠡᠷᠡᠭᠦᠯᠵᠦ᠂ ᠭᠠᠯ ᠤᠨᠲᠠᠷᠠᠭᠠᠭᠤᠷ ᠢ ᠬᠡᠷᠡᠭᠯᠡᠬᠦ | ᠠᠷᠭ᠎ᠠ ᠵᠡᠷᠭᠡ ᠠᠭᠤᠯᠭ᠎ᠠ ᠶᠢ ᠨᠡᠪᠲᠡᠷᠡᠭᠦᠯᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠥᠷᠭᠡᠨ ᠣᠯᠠᠨ | ᠰᠠᠭᠤᠭᠠᠯᠢ ᠠᠷᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠬᠠᠷᠢᠶ᠎ᠠ ᠣᠷᠣᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ ᠤᠨ ᠲᠣᠭᠲᠠᠭᠤᠨ | ᠪᠠᠶᠢᠬᠤ ᠶᠢ ᠪᠠᠲᠤᠯᠠᠬᠤ ᠳᠤ ᠰᠠᠭᠤᠷᠢ ᠲᠠᠯᠪᠢᠵᠤ ᠥᠭᠴᠡᠶ᠃ | |