ᠪᠡᠭᠡᠵᠢᠩ ᠤᠨ ᠰᠢ ᠴᠧᠩ ᠲᠣᠭᠤᠷᠢᠭ ᠤᠨ ᠡᠮᠴᠢᠯᠡᠭᠡᠨ ᠤ ᠪᠦᠯᠬᠦᠮ ᠨᠠᠷᠢᠨ ᠪᠠᠯᠭᠠᠰᠤᠨ ᠳᠤ ᠭᠦᠨᠵᠡᠭᠡᠶᠢᠷᠡᠨ ᠠᠵᠢᠯ ᠲᠥᠷᠥᠯ  ᠢᠶᠠᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019/7/6
6 ᠰᠠᠷ᠎ᠠ ᠶᠢᠨ 27 ᠤ ᠡᠳᠦᠷ᠂ ᠪᠡᠭᠡᠵᠢᠩ ᠤᠨ ᠰᠢ ᠴᠧᠩ ᠲᠣᠭᠤᠷᠢᠭ ᠤᠨ ᠡᠮᠴᠢᠯᠡᠭᠡᠨ ᠤ ᠪᠦᠯᠬᠦᠮ ᠤᠨ ᠬᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠶᠢᠨ  ᠳᠠᠭᠠᠭᠤᠯᠭ᠎ᠠ ᠳᠤᠤᠷ᠎ᠠ᠂ ᠮᠠᠨ ᠤ ᠬᠤᠰᠢᠭᠤᠨ ᠤ ᠵᠡᠭᠦᠨ ᠬᠡᠰᠡᠭ ᠤᠨ ᠨᠠᠷᠢᠨ ᠪᠠᠯᠭᠠᠰᠤᠨ ᠳᠤ ᠬᠦᠷᠴᠦ ᠰᠦᠢᠳᠬᠡᠯ ᠬᠤᠷᠢᠶᠠᠬᠤ ᠦᠭᠡᠢ ᠠᠯᠪᠠᠨ ᠵᠢᠷᠤᠮ ᠤᠨ ᠡᠮᠴᠢᠯᠡᠭᠡ ᠪᠠ ᠡᠷᠦᠬᠡ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠪᠡ᠂ ᠨᠠᠷᠢᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠨᠠᠷᠢᠨ ᠨᠢᠮᠪᠠᠶ ᠵᠣᠬᠢᠶᠠᠨ ᠪᠠᠶᠢᠭᠤᠯᠵᠤ ᠤᠬᠠᠭᠤᠯᠭ᠎ᠠ   ᠶᠢᠨ ᠳᠤᠤᠷ᠎ᠠ  ᠂ ᠨᠠᠷᠢᠨ ᠪᠠᠯᠭᠠᠰᠤᠨ ᠤ ᠡᠯ᠎ᠡ ᠳᠠᠩᠰᠠ ᠡᠪᠬᠡᠮᠡᠯ ᠪᠠᠶᠢᠭᠤᠯᠵᠤ ᠺᠠᠷᠲᠯᠠᠨ ᠡᠪᠡᠳᠴᠢᠯᠡᠭᠰᠡᠨ ᠠᠴᠠ ᠪᠣᠯᠵᠤ ᠶᠠᠳᠠᠭᠤ ᠬᠦᠴᠢᠷᠳᠡᠯᠲᠡᠶ ᠡᠷᠦᠬᠡ ᠵᠢᠴᠢ ᠣᠢᠢᠷ᠎ᠠ ᠬᠠᠪᠢ ᠶᠢᠨ ᠣᠯᠠᠨ ᠲᠦᠮᠡᠨ ᠠᠯᠢ ᠡᠷᠲᠡ ᠡᠷᠡᠭᠦᠯ ᠬᠠᠮᠠᠭᠠᠯᠠᠯ ᠤᠨ ᠬᠤᠷᠢᠶᠠᠨ ᠳᠤ ᠬᠦᠷᠴᠦ ᠢᠷᠡᠭᠡᠳ ᠪᠡᠭᠡᠵᠢᠩ ᠤᠨ ᠲᠤᠰᠬᠠᠶ ᠮᠡᠷᠭᠡᠵᠢᠯᠲᠡᠨ ᠤ ᠬᠦᠷᠴᠦ ᠢᠷᠡᠬᠦ ᠶᠢ ᠬᠦᠯᠢᠶᠡᠵᠦ᠂ ᠪᠦᠬᠦ ᠲᠤᠰᠠᠯᠠᠬᠤ ᠲᠤᠰᠬᠠᠶ ᠮᠡᠷᠭᠡᠵᠢᠯᠲᠡᠨ ᠲᠡᠷᠭᠡᠨ ᠠᠴᠠ ᠪᠠᠭᠤᠮᠠᠭᠴᠠ ᠳᠠᠷᠤᠶ ᠠᠵᠢᠯ ᠢᠶᠠᠨ ᠡᠬᠢᠯᠡᠭᠦᠯᠵᠦ᠂ ᠣᠨᠣᠰᠢᠯᠠᠨ ᠪᠠᠶᠢᠴᠠᠭᠠᠬᠤ ᠳᠤ ᠣᠷᠣᠯᠴᠠᠭᠰᠠᠨ ᠣᠯᠠᠨ ᠲᠦᠮᠡᠨ ᠳᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠡᠮ ᠬᠡᠷᠡᠭᠯᠡᠬᠦ ᠵᠥᠪᠯᠡᠯᠭᠡ ᠬᠠᠩᠭᠠᠪᠠ᠃ ᠲᠤᠰᠬᠠᠶ ᠮᠡᠷᠭᠡᠵᠢᠯᠲᠡᠨ ᠤ ᠪᠦᠯᠬᠦᠮ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠲᠤ ᠭᠦᠨᠵᠡᠭᠡᠶᠢᠷᠡᠵᠦ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠣᠨᠣᠰᠢᠯᠠᠨ ᠡᠮᠨᠡᠬᠦ ᠦᠶᠯᠡᠴᠢᠯᠡᠭᠡ ᠶᠢ ᠬᠦᠴᠢᠷᠳᠡᠯᠲᠡᠶ ᠣᠯᠠᠨ ᠲᠦᠮᠡᠨ ᠤ ᠭᠡᠷ ᠲᠤ ᠬᠦᠷᠭᠡᠵᠡᠶ᠃ ᠲᠤᠰᠬᠠᠶ ᠮᠡᠷᠭᠡᠵᠢᠯᠲᠡᠨ ᠨᠡᠷ ᠤᠨ ᠡᠶᠡᠯᠳᠡᠭ ᠣᠪᠣᠷ᠂ ᠨᠠᠷᠢᠨ ᠨᠢᠭᠲᠠ ᠣᠪᠣᠷ ᠨᠢ ᠣᠨᠣᠰᠢᠯᠠᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠤ ᠬᠦᠷᠢᠶᠡᠯᠡᠯ ᠢ ᠣᠯᠵᠠᠶ᠃
ᠨᠠᠷᠢᠨ ᠪᠠᠯᠭᠠᠰᠤᠨ ᠤ ᠡᠮᠨᠡᠯᠭᠡ ᠶᠢᠨ ᠬᠤᠷᠢᠶᠠᠨ ᠤ ᠲᠣᠮᠣ ᠬᠡᠯᠪᠡᠷᠢ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠣᠯ ᠪᠡᠭᠡᠵᠢᠩ ᠤᠨ ᠰᠢ ᠴᠧᠩ ᠲᠣᠭᠤᠷᠢᠭ ᠤᠨ ᠦᠨᠳᠦᠰᠦᠨ ᠱᠠᠲᠤᠨ ᠤ ᠣᠯᠠᠨ ᠲᠦᠮᠡᠨ ᠢ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠰᠢᠷᠢᠰ ᠠᠵᠢᠯᠯᠠᠭ᠎ᠠ ᠶᠢᠨ ᠠᠩᠬᠠᠨ ᠤ ᠥᠷᠲᠡᠭᠡ ᠪᠣᠯᠤᠨ᠎ᠠ᠂ ᠡᠭᠦᠨ ᠢᠶᠠᠷ ᠡᠬᠢᠯᠡᠯᠲᠡ ᠪᠣᠯᠭᠠᠵᠤ᠂ ᠪᠡᠭᠡᠵᠢᠩ ᠤᠨ ᠲᠤᠰᠬᠠᠶ ᠮᠡᠷᠭᠡᠵᠢᠯᠲᠡᠨ ᠤ ᠪᠦᠯᠬᠦᠮ ᠪᠠᠰᠠ ᠮᠠᠨ ᠤ ᠬᠤᠰᠢᠭᠤᠨ ᠤ ᠸᠠᠩ ᠤᠨ ᠣᠷᠳᠣᠨ ᠪᠠᠯᠭᠠᠰᠤ᠂ ᠮᠠᠶᠢᠷᠠᠨ ᠪᠠᠯᠭᠠᠰᠤ᠂ ᠨᠢᠤ ᠵᠢᠶᠠ ᠶᠢᠩᠽᠢ ᠪᠠᠯᠭᠠᠰᠤ᠂ ᠰᠢ ᠴᠢᠶᠣᠤ ᠪᠠᠯᠭᠠᠰᠤ᠂ ᠰᠢᠶᠣᠤ ᠨᠢᠤ ᠴᠢᠶᠦ᠋ᠨ ᠪᠠᠯᠭᠠᠰᠤ᠂  ᠨᠠᠨᠲᠠᠢ ᠽᠢ ᠰᠢᠶᠠᠩ ᠪᠣᠯᠤᠨ ᠱᠢ ᠵᠢᠶᠠ ᠮᠠᠨᠵᠤ ᠦᠨᠳᠦᠰᠦᠲᠡᠨ ᠤ ᠰᠢᠶᠠᠩ ᠳᠤ ᠭᠦᠨᠵᠡᠭᠡᠶᠢᠷᠡᠵᠦ᠂ ᠬᠤᠰᠢᠭᠤ ᠡᠮᠨᠡᠯᠭᠡ ᠶᠢᠨ ᠬᠤᠷᠢᠶ᠎ᠠ ᠪᠣᠯᠤᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠲᠣᠮᠣ ᠬᠡᠯᠪᠡᠷᠢ ᠶᠢᠨ ᠵᠢᠷᠤᠮ ᠤᠨ ᠡᠮᠴᠢᠯᠡᠭᠡ ᠪᠠ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠬᠦ ᠪᠣᠯᠤᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号