ᠾᠧᠪᠧᠶ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ︽ᠡᠷᠡᠭᠦᠯ ᠮᠡᠨᠳᠦ ᠲᠠᠢ ᠭᠠᠷ ᠬᠤᠯᠪᠣᠨ  ᠢᠷᠡᠭᠡᠳᠦᠶ ᠪᠠᠨ ᠬᠠᠯᠠᠮᠵᠢᠯᠠᠨ ᠬᠠᠶᠢᠷᠠᠯᠠᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019/7/6
ᠤᠯᠠᠷᠢᠯ ᠤᠨ ᠬᠤᠪᠢᠷᠠᠯᠲᠠ ᠶᠢ ᠳᠠᠭᠠᠯᠳᠤᠨ᠂ ᠠᠮᠠᠭᠠᠢ ᠡᠪᠡᠳᠴᠢᠨ ᠣᠯᠠᠨ ᠡᠭᠦᠰᠬᠦ ᠬᠠᠨᠳᠤᠰᠢ ᠲᠠᠢ ᠪᠣᠯᠵᠤ᠂ ᠥᠷᠭᠡᠨ ᠣᠯᠠᠨ ᠬᠡᠦᠬᠡᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢᠨ ᠲᠥᠯᠥᠭᠡ᠂ 6 ᠰᠠᠷ᠎ᠠ  ᠶᠢᠨ 25 ᠤ ᠦᠳᠡ ᠶᠢᠨ ᠡᠮᠦᠨ᠎ᠡ᠂ ᠾᠧᠪᠧᠶ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ  ᠤᠨ ᠦᠶᠯᠡᠴᠢᠯᠡᠭᠡᠨ ᠤ ᠲᠥᠪ ᠬᠤᠩ ᠶᠢᠩ ᠬᠡᠦᠬᠡᠳ ᠤᠨ ᠴᠡᠴᠡᠷᠯᠢᠭ ᠲᠠᠢ ᠬᠠᠮᠲᠤᠷᠠᠨ ︽ᠡᠷᠡᠭᠦᠯ ᠮᠡᠨᠳᠦ ᠲᠠᠢ ᠭᠠᠷ ᠬᠤᠯᠪᠣᠨ  ᠢᠷᠡᠭᠡᠳᠦᠶ ᠪᠠᠨ ᠬᠠᠯᠠᠮᠵᠢᠯᠠᠨ ᠬᠠᠶᠢᠷᠠᠯᠠᠬᠤ︾ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠪᠣᠯᠤᠨ ᠰᠦᠶᠳᠬᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠡᠶ᠃  
ᠡᠮᠨᠡᠯᠭᠡ ᠶᠢᠨ ᠠᠵᠢᠯᠲᠠᠳ ᠬᠡᠦᠬᠡᠳ ᠲᠤ ᠶᠠᠭᠤ ᠶᠢ ᠠᠮᠠᠭᠠᠢ ᠡᠪᠡᠳᠴᠢᠨ᠂  ᠡᠪᠡᠳᠴᠢᠨ ᠤ ᠢᠯᠡᠷᠡᠯ᠂ ᠬᠠᠯᠳᠠᠪᠤᠷᠢᠯᠠᠬᠤ ᠠᠷᠭ᠎ᠠ ᠵᠠᠮ᠂ ᠡᠳᠡᠭᠡᠷᠡᠬᠦ ᠪᠠᠶᠢᠳᠠᠯ ᠵᠢᠴᠢ ᠠᠮᠠᠭᠠᠢ ᠡᠪᠡᠳᠴᠢᠨ ᠢ ᠬᠡᠷᠬᠢᠨ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ ᠨᠠᠷᠢᠨ ᠲᠣᠳᠣᠷᠬᠠᠶ ᠳᠡᠯᠭᠡᠨ ᠦᠵᠡᠭᠦᠯᠵᠦ  ᠲᠠᠶᠢᠯᠪᠦᠷᠢᠯᠠᠵᠤ ᠥᠭᠭᠦᠭᠰᠡᠨ ᠪᠥᠭᠡᠳ ᠪᠠᠭᠰᠢ ᠳᠤ ᠬᠡᠦᠬᠡᠳ ᠢ ᠵᠠᠪᠠᠯ ᠭᠠᠷ ᠢᠶᠠᠨ ᠵᠥᠪ ᠤᠬᠢᠶᠠᠬᠤ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠵᠤ᠂ ᠠᠮᠠᠭᠠᠢ ᠡᠪᠡᠳᠴᠢᠨ ᠤ ᠬᠠᠯᠳᠠᠪᠤᠷᠢᠯᠠᠯ ᠢ ᠪᠠᠭᠠᠰᠬᠠᠬᠤ ᠲᠣᠬᠢᠶᠠᠯ ᠢ ᠬᠡᠯᠡᠵᠦ ᠥᠭᠭᠦᠭᠰᠡᠨ ᠪᠠᠶᠢᠨ᠎ᠠ᠃
ᠰᠦᠶᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠦᠶᠯ ᠳᠤ᠂ ᠪᠡᠶ᠎ᠡ ᠶᠢᠨ ᠬᠦᠨᠳᠦ᠂ ᠬᠠᠷᠠᠭ᠎ᠠ᠂ ᠰᠣᠨᠣᠷ ᠤᠨ ᠴᠢᠳᠠᠪᠤᠷᠢ᠂ ᠬᠤᠷᠣᠬᠠᠶᠢᠲᠤᠭᠰᠠᠨ ᠰᠢᠳᠦ᠂ ᠴᠢᠰᠤᠨ ᠤ ᠤᠯᠠᠭᠠᠨ ᠤᠭᠤᠷᠠᠭ ᠵᠡᠷᠭᠡ ᠶᠢ ᠪᠠᠶᠢᠴᠠᠭᠠᠵᠤ᠂ ᠡᠮᠴᠢ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭᠲᠦ ᠶᠢ ᠨᠠᠷᠢᠨ ᠲᠣᠳᠣᠷᠬᠠᠶ ᠲᠡᠮᠳᠡᠭᠯᠡᠪᠡ᠃ ᠡᠷᠡᠭᠦᠯ ᠮᠡᠨᠳᠦ ᠶᠢᠨ ᠪᠠᠶᠢᠴᠠᠭᠠᠯᠲᠠ ᠪᠠᠷ ᠳᠠᠮᠵᠢᠭᠤᠯᠤᠨ ᠭᠡᠷ ᠤᠨ ᠠᠬᠠᠮᠠᠳ ᠲᠤ ᠬᠡᠦᠬᠡᠳ ᠤᠨ ᠥᠰᠥᠯᠲᠡ ᠪᠣᠶᠢᠵᠢᠯᠲᠠ ᠶᠢᠨ ᠪᠠᠶᠢᠳᠠᠯ ᠢ ᠣᠶᠢᠯᠠᠭᠠᠭᠤᠯᠵᠤ᠂ ᠬᠡᠦᠬᠡᠳ ᠤᠨ ᠡᠪᠡᠳᠴᠢᠨ ᠢ ᠡᠷᠲᠡ ᠣᠯᠵᠤ ᠮᠡᠳᠡᠵᠦ ᠡᠷᠲᠡ ᠡᠮᠨᠡᠨ ᠵᠠᠰᠠᠵᠤ᠂ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ  ᠲᠡᠭᠦᠯᠳᠠᠷᠵᠢᠭᠦᠯᠪᠡ᠃ ᠵᠢᠯ ᠪᠦᠷᠢ ᠨᠢᠭᠡ ᠤᠳᠠᠭ᠎ᠠ ᠬᠡᠦᠬᠡᠳ ᠤᠨ ᠪᠡᠶ᠎ᠡ ᠶᠢᠨ ᠪᠠᠶᠢᠴᠠᠭᠠᠯᠲᠠ ᠬᠢᠬᠦ ᠨᠢ ᠨᠢᠭᠡᠨᠲᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠤᠨ ᠨᠢᠭᠡᠨ ᠵᠤᠷᠰᠢᠯ ᠤᠨ  ᠠᠭᠤᠯᠭ᠎ᠠ ᠪᠣᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠤᠩ ᠶᠢᠩ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ ᠡᠪᠡᠳᠴᠢᠨ ᠰᠡᠷᠭᠡᠶᠢᠯᠡᠬᠦ ᠪᠠ ᠡᠪᠡᠳᠴᠢᠨ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠾᠧᠪᠧᠢ ᠵᠡᠭᠡᠯᠢ ᠭᠤᠳᠤᠮᠵᠢ ᠶᠢᠨ ᠨᠡᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠡᠭᠦᠨ  ᠢᠶᠠᠷ ᠠᠵᠠ ᠲᠣᠬᠢᠶᠠᠯ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ ᠬᠤᠰᠢᠭᠤᠨ ᠤ ᠪᠠᠢᠭᠤᠯᠤᠯᠲᠠ ᠶᠢ ᠡᠳᠦᠷ ᠲᠤᠲᠤᠮ ᠤᠨ ᠠᠵᠢᠯ ᠳᠤ ᠠᠭᠤᠰᠬᠠᠨ ᠣᠷᠣᠭᠤᠯᠵᠤ᠂ ᠲᠣᠰ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠪᠠ ᠦᠶᠯᠡᠴᠢᠯᠡᠭᠡ ᠶᠢ ᠡᠷᠦᠬᠡ ᠪᠤᠯᠠᠭᠠᠨ ᠳᠤ ᠬᠦᠷᠭᠡᠬᠦ ᠪᠣᠯᠤᠨ᠎ᠠ᠃ ᠲᠣᠰ ᠤᠳᠠᠭ᠎ᠠ 50 ᠭᠠᠷᠤᠶ ᠬᠡᠦᠬᠡᠳ ᠪᠣᠯᠤᠨ ᠪᠠᠭᠰᠢ ᠨᠠᠷ ᠲᠠᠶᠢᠯᠤᠮᠵᠢ ᠳᠤ ᠣᠷᠣᠯᠴᠠᠵᠤ᠂ 270 ᠬᠡᠦᠬᠡᠳ ᠪᠡᠶ᠎ᠡ  ᠶᠢᠨ ᠪᠠᠶᠢᠴᠠᠭᠠᠯᠲᠠ ᠳᠤ ᠣᠷᠣᠯᠴᠠᠵᠤ᠂ 270 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号