‍ᠥ᠋ᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ  ᠶᠢᠨ ᠨᠠᠮ ᠤᠨ ᠬᠤᠷᠢᠶ᠎ᠠ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠪᠡᠯᠭᠡᠯᠡᠬᠦ ᠵᠢᠴᠢ ︽ᠳᠣᠯᠣᠭᠠᠨ ᠰᠠᠷ᠎ᠠ ᠶᠢᠨ ᠨᠢᠭᠡᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/7/8
ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠪᠡᠯᠭᠡᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠤᠷᠮᠠᠰᠢᠭᠤᠯᠤᠨ ᠵᠣᠷᠢᠭᠵᠢᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠡᠷᠡᠯᠬᠡᠭᠯᠡᠨ ᠲᠡᠮᠡᠴᠡᠵᠦ ᠪᠣᠳᠠᠲᠠᠶ ᠠᠵᠢᠯᠯᠠᠨ᠂ ᠳᠠᠶᠢᠴᠢᠨ ᠪᠠᠬᠢᠯᠡᠯᠲᠡ ᠶᠢᠨ ᠦᠶᠯᠡᠳᠦᠯ ᠪᠠ ᠬᠤᠰᠢᠭᠤᠴᠢ ᠦᠶᠯᠡᠳᠦᠯ ᠢᠶᠠᠨ ᠨᠠᠩ ᠰᠠᠶᠢᠨ ᠪᠠᠳᠠᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠪᠡᠯᠭᠡᠯᠡᠬᠦ ᠵᠢᠴᠢ ︽ᠳᠣᠯᠣᠭᠠᠨ ᠰᠠᠷ᠎ᠠ ᠶᠢᠨ ᠨᠢᠭᠡᠨ︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠪᠠ᠃  
ᠬᠤᠷᠠᠯ ᠠᠴᠠ ᠡᠯ᠎ᠡ ᠨᠠᠮ ᠤᠨ ᠡᠭᠦᠷ ᠪᠣᠯᠤᠨ ᠬᠤᠪᠢ ᠬᠥᠮᠦᠨ ᠳᠤ ᠳᠦᠷᠪᠡᠨ ᠱᠠᠭᠠᠷᠳᠠᠯᠭ᠎ᠠ ᠳᠤᠷᠠᠳᠴᠠᠶ᠄ ᠨᠢᠭᠡ ᠳᠤ ᠂ ᠭᠡᠷᠡᠯ ᠰᠠᠴᠤᠷᠠᠩᠭᠤᠶ ᠲᠡᠦᠬᠡ ᠶᠢ ᠳᠤᠷᠠᠰᠤᠨ ᠰᠠᠨᠠᠭᠠᠯᠵᠠᠵᠤ᠂ ᠡᠷᠡᠮᠡᠬᠡᠶᠢᠯᠡᠨ ᠤᠷᠤᠭᠰᠢᠯᠠᠬᠤ ᠤᠶᠤᠨ ᠤ ᠬᠦᠴᠦᠨ ᠢ ᠰᠢᠩᠭᠡᠭᠡᠨ ᠠᠪᠤᠨ᠎ᠠ︔ ᠬᠤᠶᠠᠷ ᠲᠤ᠂ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠲᠣᠭᠲᠠᠯ ᠬᠦᠴᠦᠨ ᠢᠶᠠᠨ ᠴᠢᠩᠭᠠᠳᠬᠠᠬᠤ ᠬᠡᠷᠡᠭᠲᠡᠶ︔ ᠭᠤᠷᠪᠠ ᠳᠤ᠂ ᠰᠢᠯᠭᠠᠷᠠᠭᠰᠠᠨ ᠨᠠᠮ ᠤᠨ ᠡᠭᠦᠷ ᠢ ᠪᠠᠶᠢᠭᠤᠯᠵᠤ᠂  ᠲᠡᠰᠪᠦᠷᠢ ᠬᠦᠴᠦᠨ ᠲᠠᠢ ᠳᠠᠶᠢᠴᠢᠨ ᠪᠠᠬᠢᠯᠡᠯᠲᠡ ᠶᠢ ᠪᠠᠶᠢᠭᠤᠯᠤᠨ᠎ᠠ ︔ ᠳᠥᠷᠪᠡ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠪᠠᠳᠣᠯᠠᠭ᠎ᠠ ᠶᠢᠨ ᠳᠣᠭᠳᠠᠯᠴᠠᠭ᠎ᠠ ᠶᠢ ᠪᠦᠷᠢᠯᠳᠦᠭᠦᠯᠬᠦ ᠬᠡᠷᠡᠭᠲᠡᠶ᠃
ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠡᠨᠡ ᠤᠳᠠᠭ᠎ᠠ ᠶᠢᠨ ᠨᠠᠮ ᠪᠠᠶᠢᠭᠤᠯᠤᠭᠳᠠᠭᠰᠠᠨ 98 ᠵᠢᠯ ᠤᠨ ᠣᠢ  ᠶᠢ ᠪᠡᠯᠭᠡᠯᠡᠬᠦ ᠵᠢᠴᠢ ︽7 · 1︾ ᠤ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠠᠲᠤ ᠴᠢᠩᠭ᠎ᠠ ᠨᠠᠮᠴᠢ ᠴᠢᠨᠠᠷ᠂ ᠪᠣᠳᠠᠲᠠᠶ ᠶᠢ ᠡᠷᠬᠢᠮᠯᠡᠬᠦ ᠰᠤᠷᠲᠠᠯ᠂ ᠡᠷᠴᠢ ᠵᠣᠷᠢᠭ ᠢᠶᠠᠨ ᠬᠥᠪᠴᠢᠯᠡᠬᠦ ᠵᠣᠷᠢᠭ ᠰᠠᠨᠠᠭ᠎ᠠ ᠪᠠᠷ᠂ ᠰᠢᠨ᠎ᠡ ᠳᠦᠷᠢ ᠲᠥᠷᠬᠦ ᠶᠢ ᠪᠣᠶ ᠪᠣᠯᠭᠠᠵᠤ᠂   ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ  ᠤᠨ ᠪᠠᠲᠤᠯᠠᠭ᠎ᠠ ᠶᠢᠨ ᠦᠶᠯᠡᠰ ᠤᠨ ᠰᠢᠨ᠎ᠡ ᠭᠡᠷᠡᠯ ᠰᠠᠴᠤᠷᠠᠩᠭᠤᠶ ᠠᠮᠵᠢᠯᠲᠠ ᠶᠢ ᠳᠠᠬᠢᠨ ᠡᠭᠦᠳᠦᠨ᠎ᠡ ᠭᠡᠵᠦ ᠢᠯᠡᠳᠬᠡᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号