ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽  ᠭᠤᠷᠪᠠᠨ ᠰᠡᠳᠬᠢᠯ︾ ᠢᠶᠠᠷ ᠳᠠᠬᠢᠨ ᠵᠥᠪᠯᠡᠬᠦ ᠨᠢ ᠠᠷᠠᠳ ᠲᠤ ᠦᠢᠯᠡᠴᠢᠯᠡᠬᠦ ᠳᠤ ︽  ᠬᠠᠷᠰᠢ ᠰᠠᠭᠠᠳ ᠦᠭᠡᠢ︾
ᠨᠡᠶᠢᠲᠡᠯᠡᠭᠰᠡᠨ ᠴᠠᠭ᠄
2019/7/8
ᠬᠠᠷᠠᠴᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠷᠠᠳ ᠤᠨ ᠲᠥᠯᠥᠭᠡ ᠦᠢᠯᠡᠴᠢᠯᠡᠬᠦ᠂ ᠠᠷᠠᠳ ᠤᠨ ᠲᠥᠯᠥᠭᠡ ᠳᠠᠬᠢᠨ ᠵᠥᠪᠯᠡᠬᠦ ᠠᠵᠢᠯ ᠤᠨ ᠵᠠᠷᠴᠢᠮ ᠢ ᠪᠠᠷᠢᠮᠲᠠᠯᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠲᠤ ︽ᠭᠤᠷᠪᠠᠨ ᠰᠡᠳᠬᠢᠯ︾ ᠤᠨ ᠠᠵᠢᠯ ᠤᠨ ᠠᠷᠭ᠎ᠠ ᠶᠢ ᠬᠡᠷᠡᠭᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠬᠠᠷᠰᠢ ᠰᠠᠭᠠᠳ ᠦᠭᠡᠢ︾ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠪᠦᠲᠦᠮᠵᠢᠲᠡᠢ ᠰᠢᠢᠳᠪᠦᠷᠢᠯᠡᠨ᠎ᠡ᠃ ᠨᠢᠭᠡ ᠳᠤ ᠭᠤᠤᠯᠴᠢ ᠰᠡᠳᠬᠢᠯ᠃ ᠰᠢᠳᠣᠷᠭᠤ ᠭᠤᠤᠯᠴᠢ᠂ ᠢᠯᠡ ᠲᠣᠳᠣ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠬᠢᠵᠦ ᠪᠠᠶᠢᠭ᠎ᠠ ᠠᠵᠢᠯᠲᠠᠨ ᠬᠦᠯᠢᠶᠡᠨ ᠠᠪᠴᠤ ᠰᠢᠶᠳᠪᠦᠷᠢᠯᠡᠬᠦ ᠶᠠᠪᠤᠴᠠ ᠳᠠᠭᠠᠨ ᠭᠤᠤᠯᠴᠢ ᠰᠡᠳᠬᠢᠯ ᠢ ᠪᠠᠷᠢᠮᠲᠠᠯᠠᠵᠤ᠂ ᠲᠤᠬᠠᠶ ᠶᠢᠨ ᠬᠥᠮᠦᠨ ᠤ ᠬᠠᠤᠯᠢ ᠴᠠᠭᠠᠵᠠ  ᠶᠢᠨ ᠪᠠᠶᠢᠷᠢ ᠰᠠᠭᠤᠷᠢ᠂ ᠡᠷᠬᠡ ᠠᠰᠢᠭ᠂ ᠬᠥᠮᠦᠨᠴᠢ ᠴᠢᠨᠠᠷ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠨᠡᠩ ᠢᠯᠠᠩᠭᠤᠶ᠎ᠠ ︽ᠠᠷᠠᠳ ᠨᠢ ᠨᠣᠶᠠᠨ ᠢᠶᠠᠨ ᠵᠠᠭᠠᠯᠳᠤᠬᠤ︾ ᠬᠡᠷᠡᠭ ᠤᠨ ᠳᠤᠮᠳᠠ ᠳᠣᠲᠣᠨᠣ ᠪᠠ ᠵᠠᠶᠢᠳᠠᠭᠤ᠂ ᠰᠠᠶᠢᠨ ᠪᠠ ᠮᠠᠭᠤ᠂ ᠳᠣᠲᠣᠭᠠᠳᠤ ᠪᠠ ᠭᠠᠳᠠᠭᠠᠳᠤ ᠶᠢᠨ ᠬᠦᠴᠦᠨ ᠵᠦᠶᠯ ᠢ ᠡᠷᠡᠰ ᠠᠷᠢᠯᠭᠠᠵᠤ᠂ ᠶᠣᠰᠣ ᠪᠠᠷ᠂ ᠮᠣᠷᠠᠯ ᠢᠶᠠᠷ᠂ ᠬᠠᠤᠯᠢ ᠪᠠᠷ ᠬᠥᠮᠦᠨ ᠢ ᠪᠢᠰᠢᠷᠡᠭᠦᠯᠬᠦ ᠶᠢ ᠪᠠᠷᠢᠮᠲᠠᠯᠠᠨ᠎ᠠ᠃ ᠬᠤᠶᠠᠷ ᠲᠤ ᠬᠠᠯᠠᠭᠤᠨ ᠰᠡᠳᠬᠢᠯ᠃ ᠲᠤᠬᠠᠶ ᠶᠢᠨ ᠬᠥᠮᠦᠨ ᠢ ᠬᠦᠨᠳᠦᠳᠬᠡᠵᠦ᠂ ᠬᠠᠶᠢᠷ᠎ᠠ ᠰᠡᠳᠬᠢᠯᠭᠡ ᠶᠢᠨ ᠲᠠᠯ᠎ᠠ  ᠪᠠᠷ ᠢᠮᠠᠭᠲᠠ ᠠᠷᠠᠳ ᠣᠯᠠᠨ ᠤ ᠬᠡᠷᠡᠭᠴᠡᠭᠡ ᠲᠠᠢ ᠣᠶᠢᠷᠠᠳᠠᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠬᠦᠯᠢᠶᠡᠨ ᠠᠪᠴᠤ ᠰᠢᠶᠳᠪᠦᠷᠢᠯᠡᠬᠦ ᠦᠶ᠎ᠡ   ᠳᠤ ᠬᠠᠯᠠᠭᠤᠮᠰᠤᠭ ᠪᠥᠭᠡᠳ ᠰᠠᠨᠠᠭᠠᠴᠢᠯᠠᠭ᠎ᠠ ᠲᠠᠢ ᠪᠠᠶᠢᠵᠤ᠂ ᠨᠥᠬᠦᠴᠡᠯ ᠳᠤ ᠨᠡᠶᠢᠴᠡᠬᠦ ᠶᠢ ᠨᠢ ᠬᠠᠤᠯᠢ ᠶᠣᠰᠣᠭᠠᠷ ᠢᠳᠡᠪᠬᠢᠲᠡᠶ ᠪᠠᠷ ᠬᠦᠯᠢᠶᠡᠨ ᠠᠪᠴᠤ ᠰᠢᠶᠳᠪᠦᠷᠢᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠶᠢ ᠨᠢ ᠬᠠᠪᠰᠤᠷᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠬᠡᠷᠡᠭᠲᠡᠶ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠳᠤ ᠬᠠᠷᠢᠶᠠᠯᠠᠭᠳᠠᠬᠤ ᠦᠭᠡᠢ ᠵᠦᠶᠯᠡᠰ ᠢ ᠪᠤᠰᠤᠳ ᠰᠠᠯᠠᠭ᠎ᠠ ᠮᠥᠴᠢᠷ ᠠᠴᠠ ᠰᠢᠶᠳᠪᠦᠷᠢᠯᠡᠬᠦ ᠬᠡᠷᠡᠭᠲᠡᠶ ᠪᠠᠶᠢᠪᠠᠯ᠂ ᠬᠡᠷᠡᠭ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠬᠦ ᠪᠠᠷ ᠪᠠᠷᠠᠬᠤ ᠦᠭᠡᠢ ᠪᠠᠰᠠ ᠤᠷᠢᠳᠴᠢᠯᠠᠨ ᠬᠠᠷᠢᠯᠴᠠᠵᠤ᠂ ᠲᠤᠬᠠᠶ ᠶᠢᠨ ᠬᠥᠮᠦᠨ  ᠳᠤ ᠠᠯᠢ ᠴᠢᠳᠠᠬᠤ ᠪᠠᠷ ᠳᠥᠭᠦᠮ ᠦᠵᠡᠭᠦᠯᠬᠦ ᠬᠡᠷᠡᠭᠲᠡᠶ᠃ ᠭᠤᠷᠪᠠ ᠳᠤ᠂ ᠬᠠᠷᠢᠭᠤᠴᠠᠯᠭᠠᠲᠤ ᠰᠡᠳᠬᠢᠯ᠃ ᠨᠢᠭᠡᠨᠲᠡ ᠰᠢᠶᠳᠪᠦᠷᠢᠯᠡᠵᠦ ᠳᠠᠭᠤᠰᠬᠠᠭᠰᠠᠨ ᠳᠠᠬᠢᠨ ᠵᠥᠪᠯᠡᠭᠰᠡᠨ ᠬᠡᠷᠡᠭ ᠲᠤ ᠬᠠᠷᠢᠭᠤ ᠰᠤᠷᠪᠤᠯᠵᠢᠯᠠᠭ᠎ᠠ ᠬᠢᠵᠦ᠂ ᠭᠤᠶᠤᠴᠢᠯᠠᠭᠳᠠᠭᠴᠢ ᠶᠢ ᠰᠢᠪᠠᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠢ ᠭᠦᠶᠴᠡᠳᠬᠡᠭᠦᠯᠵᠦ᠂ ᠦᠨᠡᠨ ᠰᠡᠳᠬᠢᠯ ᠠᠴᠠ ᠪᠠᠨ ᠲᠤᠬᠠᠶ ᠶᠢᠨ ᠬᠥᠮᠦᠨ ᠤ ᠬᠦᠴᠢᠷ ᠵᠣᠪᠠᠭᠤᠷᠢ ᠶᠢ ᠰᠢᠶᠳᠪᠦᠷᠢᠯᠡᠨ ᠥᠭᠴᠦ᠂ ᠴᠢᠩ ᠦᠨᠡᠨᠴᠢ ᠪᠠ ᠬᠠᠯᠠᠭᠤᠨ ᠰᠡᠳᠬᠢᠯᠭᠡ ᠪᠠᠷ ᠲᠤᠬᠠᠶ ᠶᠢᠨ ᠬᠥᠮᠦᠨ ᠤ ᠡᠮᠦᠨ᠎ᠡ ᠠᠴᠠ ᠪᠣᠳᠣᠵᠤ᠂ ᠣᠯᠠᠨ ᠲᠦᠮᠡᠨ ᠳᠤ ᠦᠶᠯᠡᠴᠢᠯᠡᠬᠦ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠲᠤᠬᠠᠶ ᠶᠢᠨ ᠬᠥᠮᠦᠨ ᠤ ᠳᠡᠮᠵᠢᠯᠭᠡ ᠪᠠ ᠢᠲᠡᠭᠡᠯ ᠢ ᠣᠯᠬᠤ ᠬᠡᠷᠡᠭᠲᠡᠶ᠃ ᠡᠨᠡ ᠵᠢᠯ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ 2 ᠬᠤᠪᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯᠳᠤᠭᠠᠨ ᠢ 3 ᠤᠳᠠᠭ᠎ᠠ ᠬᠤᠷᠠᠯᠳᠤᠭᠤᠯᠵᠤ᠂ 63 ᠬᠤᠪᠢ ᠵᠠᠰᠠᠭ ᠵᠠᠬᠢᠷᠭᠠᠨ ᠤ ᠵᠠᠷᠭᠤ ᠶᠢᠨ ᠬᠡᠷᠡᠭ ᠢ ᠰᠢᠢᠳᠪᠦᠷᠢᠯᠡᠵᠦ᠂ 2 ᠬᠤᠪᠢ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠭᠡᠷᠡᠴᠢᠯᠡᠭᠡ ᠰᠣᠨᠣᠰᠬᠤ ᠳᠤ ᠣᠷᠣᠯᠴᠠᠵᠤ᠂ 20 ᠭᠠᠷᠤᠢ ᠤᠳᠠᠭ᠎ᠠ ᠣᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠬᠠᠤᠯᠢ ᠶᠣᠰᠣᠭᠠᠷ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号