‍ᠠᠷᠠᠴᠢᠨ ᠬᠤᠰᠢᠭᠤ ︽ᠠᠷᠪᠠᠨ ᠳᠥᠷᠪᠡᠳᠦᠭᠡᠷ ᠡᠪᠦᠯ ᠢ ᠪᠠᠶᠠᠷᠯᠠᠨ ᠤᠭᠲᠤᠬᠤ · ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠠᠯᠠᠭᠠᠳᠠᠬᠤ ᠪᠥᠮᠪᠦᠭᠡ ᠶᠢᠨ ᠤᠷᠤᠯᠳᠤᠭᠠᠨ  ᠢ ᠵᠤᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2019/7/8
ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ  ᠶᠢᠨ ᠲᠥᠯᠥᠭᠡ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠮᠠᠨ ᠤ ᠬᠤᠰᠢᠭᠤᠨ ᠤ ᠮᠧᠶ ᠯᠢᠨ ᠬᠥ᠋ ᠳᠤ ᠡᠷᠬᠢᠯᠡᠪᠡ᠂ 6 ᠰᠠᠷ᠎ᠠ ᠶᠢᠨ 28 ᠤ ᠡᠳᠦᠷ᠂ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠬᠤᠰᠢᠭᠤᠨ ᠤ ᠠᠵᠢᠯ ᠶᠢᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠪᠣᠯᠤᠨ ᠬᠤᠰᠢᠭᠤᠨ ᠤ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ 2019 ᠣᠨ ᠤ ᠪᠥᠬᠦ ᠬᠤᠰᠢᠭᠤᠨ ᠤ ︽ᠠᠷᠪᠠᠨ ᠳᠥᠷᠪᠡᠳᠦᠭᠡᠷ ᠡᠪᠦᠯ ᠢ ᠪᠠᠶᠠᠷᠯᠠᠨ ᠤᠭᠲᠤᠬᠤ · ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠵᠢᠨᠱᠠᠨ ᠤ ᠬᠤᠶᠠᠳᠤᠭᠠᠷ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃  
ᠳᠡᠳ᠋ ᠬᠤᠰᠢᠭᠤᠨ ᠳᠠᠷᠤᠭ᠎ᠠ ᠵᠠᠩ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠰᠢᠭᠤᠨ ᠤ ᠰᠢᠭᠤᠳ ᠬᠠᠷᠢᠶ᠎ᠠ ᠡᠯ᠎ᠡ ᠨᠢᠭᠡᠴᠡ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠤᠨ ᠪᠦᠯᠬᠦᠮ ᠵᠡᠷᠭᠡ ᠨᠡᠶᠢᠲᠡ 20 ᠲᠥᠯᠥᠭᠡᠯᠡᠭᠴᠢᠳ ᠤᠨ ᠠᠩᠭᠢ᠂ 300 ᠭᠠᠷᠤᠶ ᠬᠥᠮᠦᠨ ᠤᠷᠤᠯᠳᠤᠭᠠᠨ ᠳᠤ ᠣᠷᠣᠯᠴᠠᠵᠠᠶ᠃ᠲᠣᠰ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠣᠯᠠᠨ ᠲᠦᠮᠡᠨ ᠤ ᠠᠯᠠᠭᠠᠳᠠᠬᠤ ᠪᠥᠮᠪᠦᠭᠡ ᠶᠢᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠠᠷ ᠳᠠᠮᠵᠢᠨ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠤᠬᠠᠮᠰᠠᠷ᠂ ᠪᠡᠶ᠎ᠡ ᠲᠠᠮᠢᠷ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠨ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠷᠡᠭᠦᠯ ᠪᠥᠭᠡᠳ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠦᠨ᠂ ᠪᠦᠬᠦ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠯ᠂ ᠪᠣᠯᠪᠠᠰᠤᠨ ᠳᠠᠪᠰᠢᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号