ᠰᠦᠵᠧᠦ ᠬᠤᠳᠠ ᠶᠢᠨ ᠦ᠋ ᠵᠦᠩ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠨ ᠲᠡᠭᠡᠳᠦ ᠰᠤᠷᠭᠠᠭᠤᠯᠢ ᠳᠤ ᠢᠷᠡᠵᠦ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019/9/10
8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠰᠦᠵᠧᠦ ᠬᠤᠳᠠ ᠶᠢᠨ ᠦ᠋ ᠵᠦᠩ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠸᠠᠩ ᠸᠧᠢ ᠰᠢᠩ ᠨᠡᠷ ᠬᠠᠷᠠᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠯᠦ ᠭᠤᠸᠠᠩ ᠮᠢᠩ ᠤᠨ ᠪᠠᠷ᠎ᠠ  ᠪᠤᠯᠤᠯᠭ᠎ᠠ ᠲᠠᠢ ᠪᠠᠷ ᠬᠠᠷᠠᠴᠢᠨ ᠬᠤᠰᠢᠭᠤᠨ ᠤ  ᠪᠢᠴᠢᠯᠭᠡ ᠵᠢᠷᠤᠭ ᠤᠨ ᠲᠡᠭᠡᠳᠦ ᠰᠤᠷᠭᠠᠭᠤᠯᠢ ᠳᠤ ᠢᠷᠡᠵᠦ ᠪᠠᠶᠢᠴᠠᠭᠠᠨ ᠰᠤᠳᠤᠯᠤᠯᠳᠠ ᠬᠢᠪᠡ᠃  
ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠨ ᠲᠡᠭᠡᠳᠦ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠲᠠᠷᠤᠭ᠎ᠠ ᠵᠤᠤ ᠰᠢᠶᠤᠤ ᠹᠧᠩ ᠠᠴᠠ ᠰᠦᠵᠧᠦ ᠬᠤᠳᠠ ᠶᠢᠨ ᠦ᠋ ᠵᠦᠩ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠳᠤ ᠤᠷᠠᠯᠢᠭ ᠤᠨ ᠤᠷᠳᠤ ᠭᠤᠳᠤᠮᠵᠢ ᠶᠢᠨ ᠪᠢᠴᠢᠯᠭᠡ ᠵᠢᠷᠤᠭ ᠤᠨ ᠪᠦᠳᠦᠭᠡᠯ ᠢ ᠲᠠᠨᠢᠯᠴᠠᠭᠤᠯᠪᠠ᠂ ᠦᠵᠡᠭᠰᠡᠨ ᠤᠯᠠᠨ ᠢᠶᠠᠷ ᠢᠶᠠᠨ ᠤᠷᠠᠯᠢᠭ ᠤᠨ ᠭᠤᠳᠤᠮᠵᠢᠨ ᠳᠠᠬᠢ ︽ᠤᠯᠤᠰ ᠤᠨ ᠪᠠᠶᠠᠷ ᠢ ᠤᠭᠳᠤᠵᠤ᠂ ᠲᠤᠯᠤᠭᠠᠨ ᠰᠠᠷ᠎ᠠ ᠶᠢᠨ ᠨᠢᠬᠡᠨ ᠢᠶᠠᠨ ᠤᠭᠳᠤᠬᠤ︾ ᠰᠢᠯᠦᠭ ᠲᠠᠭᠤᠯᠠᠯ ᠤᠨ ᠶᠡᠭᠡ ᠤᠷᠤᠯᠳᠤᠭᠠᠨ ᠤ ᠤᠷᠠᠨ ᠪᠢᠴᠢᠯᠭᠡ ᠶᠢᠨ ᠪᠦᠳᠦᠭᠡᠯ ᠢ ᠰᠤᠨᠢᠷᠬᠠᠵᠠᠭᠠᠨ᠎ᠠ᠃ᠬᠦᠳᠡᠯᠭᠡᠭᠡᠨ ᠤ ᠦᠷᠦᠭᠡ ᠳᠤ ᠲᠤᠮᠳᠠᠳᠤ ᠤᠯᠤᠰ ᠤᠨ ᠤᠯᠤᠰ ᠲᠦᠷᠦ ᠶᠢᠨ ᠵᠦᠪᠯᠡᠯᠭᠡᠨ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ ᠪᠡᠯᠭᠡᠯᠡᠬᠦ ᠪᠠᠷ ᠪᠡᠯᠡᠳᠬᠡᠭᠰᠡᠨ ᠲᠤᠰᠬᠠᠢ ᠪᠤᠯᠤᠩ—— ᠤᠯᠤᠰ ᠲᠦᠷᠦ ᠶᠢᠨ ᠵᠦᠪᠯᠡᠯᠭᠡᠨ ᠤ ᠲᠠᠯᠠᠨ ᠵᠢᠯ ᠬᠡᠭᠦ ︽ᠴᠢᠨ ᠶᠤᠸᠠᠨ︾ ᠬᠤᠭᠤᠴᠠᠭᠠᠳᠤ ᠰᠡᠳᠬᠦᠯ ᠢ ᠰᠤᠨᠢᠷᠬᠠᠨ ᠦᠵᠡᠪᠡ᠃ ᠡᠬᠦᠨ ᠤ ᠬᠠᠮᠳᠤ᠂ ︽ᠴᠢᠨ ᠶᠤᠸᠠᠨ︾  ᠬᠡᠭᠦ ᠡᠨᠡᠬᠦ ᠴᠤᠩᠬᠤ ᠪᠠᠷ ᠬᠠᠷᠠᠴᠢᠨ ᠤ ᠬᠦᠮᠦᠨ ᠰᠤᠶᠤᠯ᠂ ᠪᠠᠶᠢᠭᠠᠯᠢ ᠵᠢᠴᠢ ᠠᠮᠢ ᠠᠬᠤᠢ ᠶᠢᠨ ᠵᠢᠭᠤᠯᠴᠢᠯᠠᠯ ᠤᠨ ᠲᠤᠬᠠᠢ ᠨᠡᠩ ᠭᠦᠨᠵᠡᠭᠡᠢ ᠤᠶᠢᠯᠠᠭᠠᠪᠠ᠃ ᠰᠦᠵᠧᠦ ᠬᠤᠳᠠ ᠶᠢᠨ ᠦ᠋ ᠵᠦᠩ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠸᠠᠩ ᠸᠧᠢ ᠰᠢᠩ ᠠᠴᠠ ᠪᠢᠴᠢᠯᠭᠡ ᠵᠢᠷᠤᠭ ᠤᠨ ᠲᠡᠭᠡᠳᠦ ᠰᠤᠷᠭᠠᠭᠤᠯᠢ ᠶᠢᠨ ᠬᠠᠳᠠᠭᠤ ᠲᠤᠨᠤᠭ ᠤᠨ ᠪᠠᠶᠢᠭᠤᠯᠤᠯᠳᠠ ᠪᠠ ᠰᠤᠶᠤᠯ ᠤᠨ ᠤᠯᠠᠮᠵᠢᠯᠠᠯ ᠤᠨ ᠲᠠᠯ᠎ᠠ ᠪᠠᠷ ᠬᠢ ᠬᠢᠷᠢ ᠪᠦᠳᠦᠮᠵᠢ ᠶᠢ ᠭᠦᠢᠴᠡᠳ ᠨᠤᠳᠠᠯᠠᠵᠤ ᠪᠠᠶᠢᠬᠤ ᠪᠠᠨ ᠢᠯᠡᠳᠭᠡᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号