ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠬᠢᠨ ᠨᠢ ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠳᠬ᠎ᠠ ᠵᠤᠬᠢᠶᠠᠯ ᠤᠨ ᠬᠦᠷᠢᠶᠡᠯᠡᠩ ᠳᠤ ᠢᠷᠡᠵᠦ  ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019/9/17
       ︽ᠠᠭᠠᠬᠢᠮ᠎ᠠ ᠬᠠᠯᠠᠭᠤᠨ ᠤ ᠡᠭᠦᠯᠡ ᠤᠨᠢᠶᠠᠷ ᠠᠷᠢᠯᠵᠤ᠂ ᠠᠶᠠᠰ ᠤᠨ ᠰᠠᠯᠬᠢᠨ᠎ᠠ ᠨᠠᠮᠤᠷ ᠤᠨ ᠦᠩᠭᠡ ᠲᠤᠳᠤᠷᠠᠮᠤᠢ᠃︾ 8 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠡᠳ᠋ ᠱᠦᠵᠢ᠂ ᠤᠯᠤᠰ ᠲᠦᠷᠦ ᠶᠢᠨ ᠵᠦᠪᠯᠡᠯᠭᠡᠨ ᠤ  ᠲᠡᠳ᠋ ᠲᠡᠷᠢᠭᠦᠯᠡᠭᠴᠢ ᠶᠠᠩ ᠳ᠋ᠢᠶᠠᠨ ᠡᠸ᠋ᠨ ᠵᠡᠷᠭᠡ ᠬᠦᠮᠦᠰ ᠬᠠᠷᠠᠴᠢᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠯᠤ᠋ ᠭᠤᠸᠠᠩ ᠮᠢᠩ ᠤᠨ ᠪᠠᠷ᠎ᠠ ᠪᠤᠯᠤᠯᠭ᠎ᠠ  ᠲᠠᠢ ᠪᠠᠷ ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠳᠬ᠎ᠠ ᠵᠤᠬᠢᠶᠠᠯ ᠤᠨ ᠬᠦᠷᠢᠶᠡᠯᠡᠩ ᠳᠤ ᠢᠷᠡᠵᠦ  ᠪᠠᠶᠢᠴᠠᠭᠠᠨ ᠰᠤᠳᠤᠯᠤᠯᠳᠠ ᠬᠢᠪᠡ᠃
       ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠳᠬ᠎ᠠ ᠵᠤᠬᠢᠶᠠᠯ ᠤᠨ ᠬᠦᠷᠢᠶᠡᠯᠡᠩ ᠤᠨ ᠨᠠᠮ ᠤᠨ ᠡᠭᠦᠷ ᠤᠨ ᠱᠦᠵᠢ᠂ ᠬᠦᠷᠢᠶᠡᠯᠡᠩ ᠤᠨ ᠲᠠᠷᠤᠭ᠎ᠠ ᠵᠤᠤ ᠰᠢᠶᠤᠤ  ᠹᠧᠩ ᠠᠴᠠ ᠪᠢᠴᠢᠯᠭᠡ ᠵᠢᠷᠤᠭ ᠤᠨ ᠬᠤᠩᠬᠢᠯ ᠪᠠ ᠲᠡᠯᠭᠡᠨ ᠦᠵᠡᠬᠦᠯᠭᠡ ᠶᠢᠨ ᠲᠠᠩᠬᠢᠮ ᠤᠨ ᠤᠷᠠᠯᠢᠭ ᠤᠨ ᠪᠦᠳᠦᠭᠡᠯ᠂ ᠵᠤᠬᠢᠶᠠᠨ ᠪᠦᠳᠦᠭᠡᠭᠴᠢᠳ ᠤᠨ ᠲᠦᠭᠦᠮ ᠨᠠᠮᠳᠠᠷ ᠵᠢᠴᠢ ᠪᠢᠴᠢᠯᠭᠡ ᠵᠢᠷᠤᠭ ᠤᠳᠬ᠎ᠠ ᠵᠤᠬᠢᠶᠠᠯ ᠤᠨ ᠬᠦᠷᠢᠶᠡᠯᠡᠩ ᠤᠨ ᠤᠳᠬ᠎ᠠ ᠤᠷᠠᠯᠢᠭ ᠤᠨ ᠰᠢᠷᠢᠰ ᠠᠵᠢᠯᠯᠠᠭ᠎ᠠ ᠶᠢ ᠲᠠᠨᠢᠯᠴᠠᠭᠤᠯᠪᠠ᠃
       ᠪᠤᠭᠤᠳᠤ ᠬᠤᠳᠠ ᠶᠢᠨ ᠴᠢᠩᠱᠠᠨ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠡᠳ᠋ ᠱᠦᠵᠢ᠂ ᠤᠯᠤᠰ ᠲᠦᠷᠦ ᠶᠢᠨ ᠵᠦᠪᠯᠡᠯᠭᠡᠨ ᠤ  ᠲᠡᠳ᠋ ᠲᠡᠷᠢᠭᠦᠯᠡᠭᠴᠢ ᠶᠠᠩ ᠳ᠋ᠢᠶᠠᠨ ᠡᠸ᠋ᠨ ᠠᠴᠠ ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠳᠬ᠎ᠠ ᠵᠤᠬᠢᠶᠠᠯ ᠤᠨ ᠬᠦᠷᠢᠶᠡᠯᠡᠩ ᠤᠨ ᠬᠦᠭᠵᠢᠯᠳᠡ ᠪᠠ ᠠᠮᠵᠢᠯᠳᠠ ᠪᠦᠳᠦᠭᠡᠯ ᠳᠤ ᠦᠨᠳᠦᠷ ᠦᠨᠡᠯᠡᠯᠳᠡ ᠦᠭᠬᠦ ᠶᠢᠨ ᠬᠠᠮᠳᠤ ᠤᠯᠠᠮᠵᠢᠯᠠᠯᠳᠤ ᠰᠤᠶᠤᠯ ᠢ ᠨᠡᠩ ᠰᠠᠶᠢᠨ ᠪᠠᠳᠠᠷᠠᠭᠤᠯᠬᠤ ᠶᠢᠨ ᠲᠦᠯᠦᠭᠡ ᠬᠠᠷᠠᠴᠢᠨ ᠬᠤᠰᠢᠭᠤᠨ ᠤ ᠪᠢᠴᠢᠯᠭᠡ ᠵᠢᠷᠤᠭ ᠤᠳᠬ᠎ᠠ ᠵᠤᠬᠢᠶᠠᠯ ᠤᠨ ᠬᠦᠷᠢᠶᠡᠯᠡᠩ ᠤᠨ ᠠᠮᠵᠢᠯᠳᠠ ᠤᠯᠤᠭᠰᠠᠨ ᠲᠤᠷᠰᠢᠯᠭ᠎ᠠ ᠶᠢ ᠰᠤᠯᠢᠯᠴᠠᠨ ᠰᠤᠷᠤᠯᠴᠠᠵᠤ᠂ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ ᠤᠷᠤᠨ ᠨᠤᠳᠤᠭ ᠤᠨ ᠢᠶᠠᠨ ᠰᠤᠶᠤᠯ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ ᠭᠡᠵᠦ ᠢᠯᠡᠷᠭᠡᠶᠢᠯᠡᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号