ᠬᠢᠯᠢ ᠶᠢᠨ ᠭᠠᠳᠠᠨᠠᠬᠢ ᠵᠢᠯᠤᠭᠤᠴᠢ ᠶᠢᠨ ᠦᠨᠡᠮᠯᠡᠯ ᠢᠶᠠᠷ ᠬᠡᠷᠬᠢᠨ ᠳᠤᠮᠳᠠᠲᠤ ᠤᠯᠤᠰ ᠤᠨ ᠮᠠᠰᠢᠨ ᠲᠡᠷᠬᠡᠨ  ᠤ ᠵᠢᠯᠤᠭᠤᠴᠢ ᠶᠢᠨ ᠦᠨᠡᠮᠯᠡᠯ ᠢ ᠰᠤᠯᠢᠨ ᠤᠯᠭᠤᠬᠤ ᠪᠤᠢ
ᠨᠡᠶᠢᠲᠡᠯᠡᠭᠰᠡᠨ ᠴᠠᠭ᠄
2019/9/18
ᠨᠢᠭᠡ᠂ ᠲᠤᠰᠢᠶᠠᠬᠤ ᠮᠠᠲ᠋ᠧᠷᠢᠶᠠᠯ᠄1. ︽ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾ ᠵᠢ‌‍ᠲ᠋ᠠᠭᠯᠠᠨ᠎ᠠ︔2. ︽ᠮᠠᠰᠢᠨ ᠲᠡᠷᠬᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ ᠬᠡᠷᠡᠴᠢ︾ ᠵᠢ‌‍ᠲ᠋ᠤᠰᠢᠶᠠᠨ᠎ᠠ︔3. ᠪᠡᠶ᠎ᠡ ᠶᠢᠨ ᠤᠭ ᠬᠡᠷᠡᠴᠢ ᠶᠢᠨ ᠦᠨᠡᠮᠯᠡᠯ ᠬᠢᠭᠡᠳ ᠬᠠᠭᠤᠯᠪᠤᠷᠢ ᠶᠢ ᠲᠤᠰᠢᠶᠠᠨ᠎ᠠ︔ 4. ᠬᠢᠯᠢ ᠶᠢᠨ ᠭᠠᠳᠠᠨᠠᠬᠢ ᠵᠢᠯᠤᠭᠤᠴᠢ ᠶᠢᠨ ᠦᠨᠡᠮᠯᠡᠯ ᠤᠨ ᠡᠬᠡ ᠦᠨᠡᠮᠯᠡᠯ᠂ ᠬᠠᠭᠤᠯᠪᠤᠷᠢ ᠬᠢᠭᠡᠳ‌ᠤᠷᠴᠢᠭᠤᠯᠭ᠎ᠠ ᠶᠢᠨ ᠲᠤᠪᠬᠢᠮᠠᠯ ᠢ ᠲᠤᠰᠢᠶᠠᠨ᠎ᠠ︔ 5. ᠤᠶᠢᠷ᠎ᠠ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ ᠦᠭᠡᠢ‌‍ᠭᠡᠷᠡᠯ ᠵᠢᠷᠤᠭ 4 ᠶᠢ ᠲᠤᠰᠢᠶᠠᠨ᠎ᠠ︔ᠬᠤᠶᠠᠷ᠂ ᠤᠨᠴᠠᠭᠠᠶᠢᠯᠠᠨ ᠰᠠᠨᠠᠭᠤᠯᠬᠤ ᠨᠢ᠄1. ᠬᠢᠯᠢ ᠶᠢᠨ ᠭᠠᠳᠠᠨᠠᠬᠢ ᠵᠢᠯᠤᠭᠤᠴᠢ ᠶᠢᠨ ᠦᠨᠡᠮᠯᠡᠯ ᠢᠶᠠᠷ ᠳᠤᠮᠳᠠᠲᠤ ᠤᠯᠤᠰ ᠤᠨ ᠮᠠᠰᠢᠨ ᠲᠡᠷᠬᠡᠨ ‍ᠤ‌ᠵᠢᠯᠤᠭᠤᠴᠢ ᠶᠢᠨ ᠦᠨᠡᠮᠯᠡᠯ ᠢ ᠭᠤᠶᠤᠴᠢᠯᠠᠪᠠᠯ᠂ ᠰᠢᠯᠭᠠᠭᠤᠷᠢ ᠶᠢᠨ ᠨᠢᠭᠡ ᠶᠢ ᠰᠢᠯᠭᠠᠭᠤᠯᠤᠨ᠎ᠠ︔ 2.A1᠂ A2᠂ B1᠂ B2 ᠳᠡᠰᠯᠡᠬᠦ ᠬᠡᠯᠪᠡᠷᠢ ᠶᠢᠨ ᠮᠠᠰᠢᠨ ᠲᠡᠷᠭᠡᠨ ᠤ ᠵᠢᠯᠤᠭᠤᠴᠢ ᠵᠢᠨ‌ᠦᠨᠡᠮᠯᠡᠯ ᠢ ᠭᠤᠶᠤᠴᠢᠯᠠᠪᠠᠯ᠂ ᠰᠢᠯᠭᠠᠭᠤᠷᠢ ᠶᠢᠨ ᠨᠢᠭᠡ ᠪᠠ ᠭᠤᠷᠪᠠ ᠶᠢ ᠰᠢᠯᠭᠠᠭᠤᠯᠤᠨ᠎ᠠ︔3. ᠮᠠᠨ ᠤ ᠤᠯᠤᠰ ᠯᠤᠭ᠎ᠠ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠬᠠᠷᠢᠯᠴᠠᠨ ᠦᠨᠡᠮᠰᠢᠬᠦ‌ᠵᠦ᠋ᠪᠯᠡᠯᠴᠡᠭᠡᠷ ᠲᠤᠭᠲᠠᠭᠠᠭᠰᠠᠨ ᠪᠤᠯ᠂ ᠵᠦᠪᠯᠡᠯᠴᠡᠭᠡᠷ ᠶᠤᠰᠤᠭᠠᠷ ᠬᠦᠢᠴᠡᠳᠭᠡᠨ᠎ᠡ︔4. ᠡᠯᠴᠢᠨ ᠰᠠᠶᠢᠳ ᠤᠨ ᠶᠠᠮᠤᠨ᠂ ᠺᠤᠨᠰᠦ᠋ᠯ ᠬᠢᠭᠡᠳ ᠤᠯᠠᠨ ᠤᠯᠤᠰ ᠤᠨ ᠵᠤᠬᠢᠶᠠᠨ ᠪᠠᠶᠢᠭᠤᠯᠤᠯᠲᠠ ᠶᠢᠨ ᠳᠤᠮᠳᠠᠲᠤ ᠳᠤ ᠰᠠᠭᠤᠭ᠎ᠠ ᠪᠠᠶᠢᠭᠤᠯᠤᠮᠵᠢ ᠶᠢᠨ ᠠᠵᠢᠯᠲᠠᠨ ᠳᠤ᠂ ᠭᠠᠳᠠᠭᠠᠲᠤ ᠬᠠᠷᠢᠯᠴᠠᠭᠠᠨ ᠤ ᠡᠷᠬᠡ ᠲᠡᠭᠰᠢ‌ᠵᠠᠷᠴᠢᠮ ᠶᠤᠰᠤᠭᠠᠷ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠬᠢᠨᠠᠨ ᠤᠯᠭᠤᠨ᠎ᠠ︔5. ᠬᠢᠯᠢ ᠶᠢᠨ ᠭᠠᠳᠠᠨᠠᠬᠢ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠨᠢ ᠬᠢᠲᠡᠳ ᠬᠡᠯᠡ ᠪᠠᠷ‌ᠢᠯᠡᠳᠭᠡᠭᠰᠡᠨ ᠦᠭᠡᠢ ᠪᠠᠶᠢᠪᠠᠯ᠂ ᠬᠢᠲᠡᠳ ᠬᠡᠯᠡᠨ ᠤ ᠤᠷᠴᠢᠭᠤᠯᠭ᠎ᠠ ᠶᠢᠨ ᠲᠤᠪᠬᠢᠮᠠᠯ ᠢ ᠭᠠᠷᠭᠠᠵᠦ ᠦᠭᠬᠦᠨ᠎ᠡ᠃ᠭᠤᠷᠪᠠ᠂ ᠬᠦᠢᠴᠡᠳᠭᠡᠬᠦ ᠴᠤᠪᠤᠷᠠᠯ᠄ ᠭᠠᠷᠳᠠᠮ ᠢᠶᠠᠨ ᠪᠦᠷᠢᠳᠤᠭᠦᠯᠦᠭᠡᠳ ᠠᠰᠠᠭᠤᠵᠤ ᠯᠠᠪᠯᠠᠬᠤ ᠲᠠᠪᠴᠠᠩ ᠠᠴᠠ ᠳ᠋ᠤᠭᠠᠷ ᠠᠪᠤᠨ᠎ᠠ᠃ᠬᠦᠯᠢᠶᠡᠬᠦ ᠲᠤᠭᠤᠷᠢᠭ ᠲᠤ ᠬᠦᠯᠢᠶᠡᠵᠦ ᠳ᠋ᠤᠭᠠᠷ ᠢ ᠳᠠᠭᠤᠳᠠᠪᠠᠯ ᠤᠴᠢᠵᠦ ᠲᠤᠬᠠᠶᠢᠯᠠᠭᠰᠠᠨ ᠠᠵᠢᠯ ᠢ‌‍ᠭᠦ᠋ᠢᠴᠡᠳᠭᠡᠨ᠎ᠠ᠃ᠬᠦᠯᠢᠶᠡᠨ ᠠᠪᠴᠤ ᠬᠦᠢᠴᠡᠳᠭᠡᠬᠦ ᠴᠤᠩᠬᠤ ᠨᠢ 1 — 5 ᠳ᠋ᠤᠭᠠᠷ ᠴᠤᠩᠬᠤ᠂ 6 ᠳ᠋ᠤᠭᠠᠷ ᠴᠤᠩᠬᠤ ᠳ᠋ᠤ᠋‌‍ᠰᠦ᠋ᠢᠳᠭᠡᠯ ᠲᠤᠰᠢᠶᠠᠨ᠎ᠠ᠃8 ᠳ᠋ᠤᠭᠠᠷ ᠴᠤᠩᠬᠤ ᠠᠴᠠ ᠵᠢᠯᠤᠭᠤᠴᠢ ᠶᠢᠨ ᠦᠨᠡᠮᠯᠡᠯ ᠢᠶᠠᠨ ᠠᠪᠤᠨ᠎ᠠ
   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号