ᠰᠢ ᠴᠢᠶᠤᠤ ᠪᠠᠯᠭᠠᠰᠤ ︽ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ︾ ᠵᠢᠴᠢ ᠰᠢ ᠴᠢᠶᠤᠤ ᠪᠠᠯᠭᠠᠰᠤᠨ ᠤ ᠬᠤᠶᠠᠳᠤᠭᠠᠷ ᠤᠳᠠᠭᠠᠨ ᠤ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2019/9/30
ᠤᠶᠢᠷ᠎ᠠ ᠳᠤ᠂ ᠰᠢ ᠴᠢᠶᠤᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯᠯᠠᠨ ᠡᠷᠬᠢᠯᠡᠭᠰᠡᠨ ︽ᠤᠭ ᠵᠤᠷᠢᠯᠳᠠ ᠪᠠᠨ ᠮᠠᠷᠳᠠᠬᠤ ᠦᠭᠡᠢ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠭᠤᠳᠠᠮ ᠲᠠᠯᠠᠪᠠᠢ ᠶᠢᠨ ᠶᠡᠭᠡ ᠤᠷᠤᠯᠳᠤᠭᠠᠨ ᠢ ᠰᠢ ᠴᠢᠶᠤᠤ ᠪᠠᠯᠭᠠᠰᠤᠨ ᠤ ᠬᠡᠦᠭᠡᠳ ᠤᠨ ᠴᠡᠴᠡᠷᠯᠢᠭ ᠲᠤ ᠠᠮᠵᠢᠯᠳᠠᠳᠠᠢ ᠡᠷᠬᠢᠯᠡᠪᠡ᠃ ᠪᠦᠬᠦ ᠪᠠᠯᠭᠠᠰᠤᠨ ᠤ 12 ᠲᠦᠯᠦᠭᠡᠯᠡᠭᠴᠢ ᠶᠢᠨ ᠠᠩᠬᠢ᠂ ᠠᠭᠤᠳᠠᠮ ᠲᠠᠯᠠᠪᠠᠢ ᠶᠢᠨ ᠪᠦᠵᠢᠭ ᠤᠨ ᠲᠤᠷ᠎ᠠ ᠪᠠᠭ᠋ᠠᠳᠠᠳ 200 ᠭᠠᠷᠤᠢ ᠬᠦᠮᠦᠨ ᠤᠷᠤᠯᠴᠠᠪᠠ᠂ ᠬᠠᠯᠠᠭᠤᠨ ᠰᠡᠳᠬᠢᠯ ᠤᠷᠬᠢᠯᠤᠭᠰᠠᠨ ᠮᠠᠭᠳᠠᠭᠠᠯ ᠲᠠᠭᠤᠤ ᠪᠠ ᠭᠤᠴᠤ ᠰᠠᠶᠢᠬᠠᠨ ᠪᠦᠵᠢᠭ ᠪᠠᠷ ᠢᠶᠠᠨ ᠠᠭᠤᠤ ᠨᠠᠮ᠂ ᠡᠬᠡ ᠤᠯᠤᠰ ᠢᠶᠠᠨ ᠮᠠᠭᠳᠠᠨ ᠲᠠᠭᠤᠯᠠᠵᠤ᠂ ᠰᠢᠨ᠎ᠡ ᠴᠠᠭ ᠦᠶ᠎ᠡ ᠶᠢᠨ ᠰᠢᠨ᠎ᠡ ᠰᠢ ᠴᠢᠶᠤᠤ᠂ ᠰᠢᠨ᠎ᠡ ᠠᠷᠠᠳ ᠲᠦᠮᠡᠨ ᠤ ᠰᠢᠨ᠎ᠡ ᠬᠡᠪ ᠲᠦᠷᠬᠦ ᠶᠢ ᠪᠦᠬᠦ ᠨᠡᠶᠢᠭᠡᠮ ᠳᠤ ᠲᠡᠯᠬᠡᠨ ᠦᠵᠡᠬᠦᠯᠪᠡ᠃ ᠬᠤᠰᠢᠭᠤᠨ ᠤ ᠰᠤᠶᠤᠯ ᠤᠨ ᠤᠷᠳᠤᠨ ᠤ ᠲᠠᠷᠤᠭ᠎ᠠ ᠵᠠᠩ ᠶᠢᠨ ᠶᠤᠸᠠᠢ᠂ ᠲᠡᠳ᠋ ᠲᠠᠷᠤᠭ᠎ᠠ ᠵᠠᠩ ᠮᠢᠶᠤᠤ ᠵᠤᠸᠠᠩ᠂ ᠰᠢ ᠴᠢᠶᠤᠤ ᠪᠠᠯᠭᠠᠰᠤᠨ ᠤ ᠵᠠᠰᠠᠭ ᠤᠨ ᠤᠷᠳᠤᠨ ᠤ ᠲᠠᠷᠤᠭ᠎ᠠ ᠠᠨ ᠫᠧᠩ ᠵᠢᠦᠢ ᠲᠤᠰ ᠤᠳᠠᠭᠠᠨ ᠤ ᠬᠦᠳᠡᠯᠭᠡᠭᠡᠨ ᠳᠤ ᠤᠷᠤᠯᠴᠠᠪᠠ᠃ ᠲᠤᠰ ᠤᠳᠠᠭᠠᠨ ᠤ ᠬᠦᠳᠡᠯᠭᠡᠭᠡᠨ ᠨᠢ  ︽ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ︾ ᠪᠠᠷ ᠭᠤᠤᠯ ᠰᠡᠳᠦᠪ ᠪᠤᠯᠭᠠᠵᠤ᠂ ᠤᠷᠠᠯᠢᠭᠳᠤ ᠴᠢᠨᠠᠷ᠂ ᠰᠤᠨᠢᠷᠬᠠᠯᠳᠤ ᠴᠢᠨᠡᠷ ᠤᠯᠠᠨ ᠲᠦᠮᠡᠨᠴᠢ ᠴᠢᠨᠡᠷ ᠢᠶᠠᠷ ᠴᠢᠩᠭ᠎ᠠ ᠪᠠᠶᠢᠵᠤ᠂ ᠪᠦᠬᠦ ᠪᠠᠯᠭᠠᠰᠤ ᠪᠠᠷ ᠢᠶᠠᠨ ᠡᠬᠡ ᠤᠯᠤᠰ ᠤᠨ ᠢᠶᠠᠨ 70 ᠵᠢᠯ ᠤᠨ ᠪᠡᠯᠭᠡᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠪᠠ᠃ᠠᠭᠤᠳᠠᠮ ᠲᠠᠯᠠᠪᠠᠢ ᠶᠢᠨ ᠪᠦᠵᠢᠭ ᠨᠢ ᠦᠵᠡᠭᠴᠢᠳ ᠤᠨ ᠰᠤᠨᠢᠷᠬᠠᠯ ᠢ ᠲᠠᠳᠠᠵᠤ ᠫᠢᠭ᠋ ᠲᠦᠭᠦᠷᠳᠡᠯ᠎ᠡ ᠰᠠᠭᠤᠯᠴᠠᠭᠰᠠᠨ ᠪᠠᠶᠢᠪᠠ᠃ ᠤᠷᠤᠯᠳᠤᠭᠠᠨ ᠠᠴᠠ ᠡᠮᠦᠨ᠎ᠡ ᠡᠯ᠎ᠡ ᠲᠦᠯᠦᠭᠡᠯᠡᠭᠴᠢ ᠶᠢᠨ ᠠᠩᠬᠢ ᠨᠢ ᠵᠢᠭᠳᠡ ᠠᠯᠬᠤᠯᠳᠠ ᠪᠠᠷ ᠲᠠᠯᠠᠪᠠᠢ ᠳᠤ ᠤᠷᠤᠬᠤ ᠶᠤᠰᠤᠯᠠᠯ ᠶᠠᠪᠤᠭᠤᠯᠪᠠ᠃ ︽ᠬᠠᠮᠤᠭ ᠰᠠᠶᠢᠬᠠᠨ ᠲᠤᠮᠳᠠᠳᠤ ᠤᠯᠤᠰ︾ ᠭᠡᠬᠦ ᠪᠦᠵᠢᠭ ᠨᠢ ᠤᠷᠤᠯᠳᠤᠭᠠᠨ ᠤ ᠬᠦᠰᠢᠭᠡ ᠶᠢ ᠨᠡᠭᠡᠭᠡᠵᠦ᠂ ᠡᠯ᠎ᠡ ᠲᠦᠯᠦᠭᠡᠯᠡᠭᠴᠢ ᠶᠢᠨ ᠪᠦᠯᠬᠦᠮ ᠨᠢ ᠬᠠᠮᠳᠤᠪᠠᠷ ᠢᠶᠠᠨ ᠠᠳᠠᠯᠢᠬᠠᠨ ᠨᠢᠭᠡ ᠪᠦᠵᠢᠭ ᠪᠦᠵᠢᠭᠯᠡᠵᠦ ᠦᠵᠡᠭᠴᠢᠳ ᠤᠨ ᠨᠢᠳᠦ ᠶᠢ ᠬᠤᠵᠢᠷᠯᠠᠪᠠ᠂ ᠲᠤᠭᠯᠠᠭᠴᠢᠳ ᠦᠵᠡᠭᠴᠢᠳ ᠤᠨ ᠤᠷᠮ᠎ᠠ ᠵᠤᠷᠢᠭ ᠬᠦᠪᠰᠡᠵᠦ ᠤᠷᠤᠯᠳᠤᠭᠠᠨ ᠤ ᠬᠦᠷ ᠬᠦᠭᠵᠢᠶᠡᠨᠳᠡᠢ ᠪᠠᠶᠢᠳᠠᠯ ᠳᠤ ᠤᠮᠪᠠᠵᠤ ᠪᠠᠶᠢᠪᠠ᠃ᠡᠯ᠎ᠡ ᠲᠦᠯᠦᠭᠡᠯᠡᠭᠴᠢ ᠶᠢᠨ ᠠᠩᠬᠢ ᠨᠢ ᠲᠤᠭᠳᠠᠭᠰᠠᠨ ᠬᠦᠳᠡᠯᠦᠯ ᠪᠠ ᠦᠪᠡᠷᠳᠡᠭᠡᠨ ᠰᠤᠩᠭᠤᠭᠰᠠᠨ ᠬᠦᠳᠡᠯᠦᠯ ᠢᠶᠠᠷ ᠲᠤᠭᠯᠠᠯᠳᠠ ᠪᠠᠨ ᠡᠬᠢᠯᠡᠬᠦᠯᠪᠡ᠃ ︽ᠲᠠᠪᠤᠨ ᠤᠳᠤᠳᠤ ᠤᠯᠠᠭᠠᠨ ᠲᠤᠭ︾  ᠂ ︽ᠮᠠᠯᠴᠢᠨ ᠲᠦᠮᠡᠨ ᠡᠪ ᠬᠠᠮᠳᠤ ᠨᠠᠮ ᠢᠶᠠᠨ ᠮᠠᠭᠳᠠᠨ ᠲᠠᠭᠤᠯᠠᠨ᠎ᠠ︾᠂ ︽ᠲᠤᠮᠳᠠᠳᠤ ᠤᠯᠤᠰ ᠭᠤᠶᠤᠬᠠᠨ︾ ᠵᠡᠷᠭᠡ ᠪᠦᠵᠢᠭ ᠢ ᠲᠤᠭᠯᠠᠵᠤ᠂ ᠤᠷᠤᠯᠳᠤᠭᠠᠨ ᠤ ᠠᠩᠬᠢ ᠨᠢᠭᠡᠪᠦᠷᠢ ᠨᠢ ᠤᠷ᠎ᠠ ᠴᠢᠳᠠᠪᠤᠷᠢ ᠪᠠᠨ ᠭᠠᠶᠢᠬᠠᠭᠤᠯᠵᠤ ᠬᠠᠮᠤᠭ ᠰᠠᠶᠢᠨ ᠬᠢᠷᠢ ᠲᠦᠪᠰᠢᠨ ᠪᠠᠳᠠᠷᠠᠭᠤᠯᠵᠤ᠂ ᠭᠤᠶᠤ ᠰᠠᠶᠢᠬᠠᠨ ᠪᠦᠵᠢᠭ ᠢᠶᠠᠷ ᠢᠶᠠᠨ ᠤᠯᠠᠨ ᠤ ᠪᠠᠬ᠎ᠠ ᠶᠢ ᠲᠠᠳᠠᠪᠠ᠂ ᠲᠡᠳᠡ ᠴᠤᠭ ᠵᠢᠪᠬᠤᠭᠠᠳᠤ ᠲᠦᠷᠢ ᠲᠦᠷᠬᠦ ᠪᠠ ᠭᠤᠶᠤᠬᠠᠨ ᠬᠦᠳᠡᠯᠦᠯ ᠪᠠᠷᠢᠯ ᠢᠶᠠᠷ ᠢᠶᠠᠨ ᠰᠢ ᠴᠢᠶᠤᠤ ᠪᠠᠯᠭᠠᠰᠤᠨ ᠤ ᠠᠷᠠᠳ ᠲᠦᠮᠡᠨ ᠤ ᠡᠯᠪᠡᠭ ᠪᠠᠶᠠᠯᠢᠭ ᠰᠤᠶᠤᠯ ᠤᠨ ᠠᠮᠢᠳᠤᠷᠠᠯ ᠢ ᠤᠯᠠᠨ ᠳᠤ ᠦᠵᠡᠬᠦᠯᠵᠦ᠂ ᠰᠢ ᠴᠢᠶᠤᠤ ᠶᠢᠨ ᠰᠤᠶᠤᠯ ᠤᠨ ᠬᠦᠷᠦᠰᠦ ᠭᠦᠨ ᠵᠤᠵᠠᠭᠠᠨ ᠪᠠᠶᠢᠳᠠᠭ ᠪᠠ ᠰᠢᠯᠢᠳᠡᠭ ᠰᠠᠶᠢᠬᠠᠨ ᠰᠤᠶᠤᠯ ᠤᠨ ᠠᠭᠤᠯᠬᠤᠨ ᠢ ᠢᠯᠡᠷᠡᠬᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠦᠳᠭᠡᠷᠡᠬᠦᠯᠪᠡ᠃ ᠬᠤᠷᠴᠠ ᠰᠢᠷᠦᠬᠦᠨ ᠦᠷᠢᠰᠦᠯᠳᠤᠬᠡᠨ ᠢᠶᠠᠷ ᠵᠡᠭᠦᠨ ᠲᠦ᠋ ᠴᠧᠩᠽᠢ ᠲᠤᠰᠬᠤᠨ ᠤ ᠪᠦᠵᠢᠭ ᠤᠨ ᠠᠩᠬᠢ ᠮᠠᠩᠯᠠᠶᠢᠯᠠᠵᠤ᠂ ᠰᠢ ᠴᠢᠶᠤᠤ ᠲᠤᠰᠬᠤᠨ ᠤ ᠬᠤᠶᠠᠷ ᠠᠩᠬᠢ ᠨᠢ ᠲᠤᠰᠪᠤᠷᠢ ᠬᠤᠶᠠᠷ᠂ ᠭᠤᠷᠪᠠᠳᠤᠭᠠᠷ ᠳᠤ ᠰᠢᠯᠭᠠᠷᠠᠪᠠ᠃ᠡᠯ᠎ᠡ ᠲᠦᠯᠦᠭᠡᠯᠡᠭᠴᠢ ᠶᠢᠨ ᠠᠩᠬᠢ ᠶᠢᠨ ᠠᠭᠤᠳᠠᠮ ᠲᠠᠯᠠᠪᠠᠢ ᠶᠢᠨ ᠪᠦᠵᠢᠭ ᠨᠢ ᠦᠪᠡᠷ ᠦᠪᠡᠷ ᠤᠨ ᠤᠨᠴᠠᠯᠢᠭ ᠢᠶᠠᠷ ᠢᠶᠠᠨ ᠢᠯᠭᠠᠷᠠᠵᠤ᠂ ᠡᠩᠨᠡᠭᠡ ᠶᠢᠨ ᠬᠤᠪᠢᠷᠠᠯᠳᠠ᠂ ᠵᠢᠭᠳᠡ ᠬᠦᠳᠡᠯᠭᠡᠭᠡᠨ ᠠᠴᠠ ᠭᠠᠳᠠᠨ᠎ᠠ᠂ ᠬᠤᠪᠴᠠᠰᠤ ᠶᠢᠨ ᠭᠤᠶᠤᠯᠠᠯ ᠪᠠ ᠬᠡᠷᠡᠭᠰᠡᠯ ᠴᠢᠮᠡᠭᠯᠡᠯ ᠨᠢ ᠦᠪᠡᠷᠮᠢᠴᠠ ᠪᠠᠶᠢᠵᠤ᠂ ᠴᠠᠭ ᠦᠶ᠎ᠡ ᠶᠢᠨ ᠭᠤᠤᠯ ᠠᠶᠢᠵᠠᠮ ᠢ ᠢᠯᠡᠷᠡᠬᠦᠯᠵᠦ ᠦᠵᠡᠭᠴᠢᠳ ᠤᠯᠠᠨ ᠤ ᠪᠠᠭ᠋ᠠᠷᠤᠯ ᠢ ᠪᠤᠯᠢᠶᠠᠪᠠ᠃ᠠᠭᠤᠳᠠᠮ ᠲᠠᠯᠠᠪᠠᠢ ᠶᠢᠨ ᠪᠦᠵᠢᠭ ᠨᠢ ᠤᠯᠠᠨ ᠲᠦᠮᠡᠨ ᠤ ᠰᠤᠶᠤᠯ ᠤᠨ ᠬᠦᠳᠡᠯᠭᠡᠭᠡᠨ ᠤ ᠨᠢᠭᠡ ᠴᠢᠬᠤᠯᠠ ᠢᠯᠡᠷᠡᠯ ᠤᠨ ᠬᠡᠯᠪᠡᠷᠢ ᠪᠤᠯᠵᠤ᠂ ᠪᠡᠶ᠎ᠡ ᠴᠢᠬᠢᠷᠠᠭᠵᠢᠯ ᠤᠨ ᠬᠦᠳᠡᠯᠭᠡᠭᠡᠨ ᠪᠤᠯᠤᠭᠰᠠᠨ ᠮᠦᠷᠳᠡᠭᠡᠨ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠭᠡᠵᠢᠬᠦᠯᠬᠦ ᠴᠢᠬᠤᠯᠨ ᠪᠦᠷᠢᠯᠳᠦᠭᠦᠨ ᠬᠡᠰᠡᠭ ᠨᠢ ᠶᠤᠮ᠃ ᠲᠤᠰ ᠤᠷᠤᠯᠳᠤᠭᠠᠨ ᠢ ᠡᠷᠬᠢᠯᠡᠭᠰᠡᠨ ᠨᠢ ᠰᠢ ᠴᠢᠶᠤᠤ ᠪᠠᠯᠭᠠᠰᠤᠨ ᠤ ᠦᠷᠬᠡᠨ ᠤᠯᠠᠨ ᠤ ᠵᠤᠷᠢᠭ ᠰᠠᠨᠠᠭᠠᠨ ᠤ ᠲᠦᠷᠢ ᠲᠦᠷᠬᠦ ᠶᠢ ᠭᠦᠢᠴᠡᠳ ᠬᠠᠷᠠᠭᠤᠯᠵᠤ᠂ ᠠᠷᠠᠳ ᠤᠯᠠᠨ ᠢ ᠤᠶᠢᠷ᠎ᠠ ᠶᠢᠨ ᠵᠢᠯ ᠠᠴᠠ ᠨᠠᠰᠢᠬᠢ ᠰᠢ ᠴᠢᠶᠤᠤ ᠪᠠᠯᠭᠠᠰᠤᠨ ᠤ ᠡᠯ᠎ᠡ ᠵᠦᠢᠯ ᠤᠨ ᠠᠵᠢᠯ ᠤᠨ ᠬᠦᠭᠵᠢᠯᠳᠡ ᠬᠤᠪᠢᠷᠠᠯᠳᠠ ᠶᠢ ᠦᠨᠡᠨᠬᠦ ᠤᠶᠢᠯᠠᠭᠠᠭᠤᠯᠵᠤ ᠴᠢᠳᠠᠪᠠ᠂ ᠲᠠᠷᠠᠭᠠᠴᠢ ᠶᠢᠨ ᠠᠯᠬᠤᠮ ᠳᠤ ᠰᠢ ᠴᠢᠶᠤᠤ ᠪᠠᠯᠭᠠᠰᠤᠨ ᠤ ᠨᠠᠮ ᠬᠤᠷᠢᠶ᠎ᠠ ᠵᠠᠰᠠᠭ ᠤᠨ ᠤᠷᠳᠤᠨ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠵᠤᠷᠢᠭᠳᠠᠢ ᠡᠭᠦᠷᠭᠡᠯᠡᠵᠦ᠂ ᠴᠢᠩᠭ᠎ᠠ ᠲᠤᠤᠱᠯᠠᠭᠤᠯᠵᠤ᠂ ᠠᠷᠠᠳ ᠲᠦᠮᠡᠨ ᠳᠤ ᠢᠳᠡᠪᠬᠢᠳᠡᠢ ᠦᠢᠯᠡᠴᠢᠯᠡᠨ᠂ ᠦᠢᠯᠡᠰ ᠪᠦᠳᠦᠭᠡᠨ ᠠᠵᠢᠯᠯᠠᠵᠤ᠂ ᠰᠢ ᠴᠢᠶᠤᠤ ᠪᠠᠯᠭᠠᠰᠤᠨ ᠤ ᠡᠯ᠎ᠡ ᠲᠦᠷᠦᠯ ᠤᠨ ᠠᠵᠢᠯ ᠢ ᠰᠢᠨ᠎ᠡ ᠱᠠᠳᠤᠨ ᠳᠤ ᠲᠠᠪᠰᠢᠭᠤᠯᠵᠤ᠂ ᠪᠦᠭᠦᠳᠡ ᠨᠡᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠤᠭᠳᠤᠬᠤ ᠳᠤ ᠠᠷᠠᠳ ᠲᠦᠮᠡᠨ ᠳᠤ ᠬᠢᠷᠢ ᠲᠠᠩᠴᠡᠭᠰᠡᠨ ᠬᠠᠷᠢᠭᠤᠯᠳᠠ ᠶᠢᠨ ᠬᠠᠭᠤᠳᠠᠰᠤ ᠲᠤᠰᠢᠶᠠᠬᠤ ᠪᠠᠷ ᠪᠡᠯᠡᠬᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号