ᠮᠠᠨ ᠤ ᠬᠤᠰᠢᠭᠤ 2020 ᠤᠨ ᠤ ᠴᠡᠷᠢᠭ ᠲᠤ ᠣᠷᠣᠬᠤ ᠰᠢᠨ᠎ᠡ ᠴᠡᠷᠢᠭ ᠢ ᠬᠦᠷᠭᠡᠨ ᠲᠤᠰᠬᠤ ᠵᠢᠴᠢ ᠦᠳᠡᠨ ᠮᠤᠷᠳᠠᠭᠤᠯᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/17

   ᠣᠶᠢᠷ᠎ᠠ ᠳᠤ᠂ ᠮᠠᠨ ᠤ ᠬᠤᠰᠢᠭᠤ 2020 ᠣᠨ ᠤ ᠴᠡᠷᠢᠭ ᠲᠤ ᠣᠷᠣᠬᠤ ᠰᠢᠨ᠎ᠡ ᠴᠡᠷᠢᠭ ᠢ ᠬᠦᠷᠭᠡᠨ

ᠲᠤᠰᠢᠶᠠᠬᠤ ᠵᠢᠴᠢ ᠦᠳᠡᠨ ᠮᠤᠷᠳᠠᠭᠤᠯᠬᠤ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠸᠠᠩ

ᠯᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋

ᠡᠷᠬᠢᠯᠡᠭᠴᠢ ᠵᠠᠩ ᠴᠢᠩ ᠵᠧᠨ᠂ ᠬᠤᠰᠢᠭᠤᠨ ᠳᠡᠳ᠋ ᠳᠠᠷᠤᠭ᠎ᠠ ᠾᠦᠸᠧ ᠰᠢᠶᠤᠤ ᠳ᠋ᠦᠩ ᠣᠷᠣᠯᠴᠠᠪᠠ᠃

   ᠾᠦᠸᠧ ᠰᠢᠶᠣᠤ ᠳ᠋ᠦᠩ ᠵᠢᠭᠠᠵᠤ ᠭᠠᠷᠭᠠᠭᠰᠠᠨ ᠨᠢ᠂ ᠰᠢᠨ᠎ᠡ ᠴᠡᠷᠢᠭ ᠤᠨ ᠨᠥᠬᠦᠳ ᠨᠠᠮ ᠪᠠ ᠠᠷᠠᠳ

ᠲᠦᠮᠡᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠢᠳᠡᠪᠬᠢᠲᠡᠢ ᠨᠡᠷ᠎ᠡ ᠮᠡᠳᠡᠭᠦᠯᠤᠨ ᠴᠡᠷᠢᠭ ᠲᠤ

ᠣᠷᠣᠵᠤ᠂ ᠡᠬᠡ ᠤᠯᠤᠰ ᠤᠨ ᠬᠠᠮᠤᠭ ᠤᠨ ᠬᠡᠷᠡᠭᠴᠡᠭᠡ ᠲᠠᠢ ᠭᠠᠵᠠᠷ ᠣᠷᠣᠨ ᠳᠤ ᠬᠦᠷᠴᠦ᠂ ᠪᠣᠳᠠᠲᠤ

ᠠᠵᠢᠯᠯᠠᠭ᠎ᠠ ᠪᠠᠷ ᠢᠶᠠᠨ ᠲᠤᠮᠳᠠᠳᠤ ᠶᠢᠨ ᠵᠡᠭᠦᠳᠦ᠂ ᠴᠡᠷᠢᠭ ᠢ ᠬᠦᠴᠦᠷᠬᠡᠭᠵᠢᠭᠦᠯᠬᠦ ᠵᠡᠭᠦᠳᠦ ᠶᠢ ᠲᠡᠷᠭᠡᠯᠰᠢᠭᠦᠯᠬᠦ ᠳᠤ

ᠦᠯᠢᠭᠡᠷ ᠳᠠᠭᠤᠷᠢᠶᠠᠯ ᠦᠵᠡᠭᠦᠯᠪᠡ᠃

   ᠾᠦᠸᠧ ᠰᠢᠶᠣᠤ ᠳ᠋ᠦᠩ᠂ ᠰᠢᠨ᠎ᠡ ᠴᠡᠷᠢᠭ ᠴᠡᠷᠢᠭ ᠠᠩᠭᠢ ᠳᠤ ᠪᠠᠨ ᠬᠦᠷᠦᠭᠰᠡᠨ ᠤ ᠳᠠᠷᠠᠭ᠎ᠠ᠂ ᠭᠠᠵᠠᠷ

ᠪᠣᠯᠭᠠᠨ ᠳᠤ ᠥᠪᠡᠷ ᠢ ᠪᠠᠨ ᠴᠢᠩᠭ᠎ᠠ ᠱᠠᠭᠠᠷᠳᠠᠵᠤ᠂ ᠴᠡᠷᠢᠭ ᠵᠠᠰᠠᠭ ᠤᠨ ᠰᠢᠰᠲ᠋ᠧᠮᠵᠢᠭᠰᠡᠨ ᠰᠤᠷᠤᠯᠴᠠᠯᠭ᠎ᠠ ᠪᠤᠯᠤᠨ

ᠪᠣᠯᠪᠠᠰᠤᠷᠠᠯ ᠢ ᠤᠬᠠᠮᠰᠠᠷ ᠠᠴᠠ ᠪᠠᠨ ᠬᠦᠯᠢᠶᠡᠵᠦ᠂ ᠨᠠᠮ ᠤᠨ ᠵᠢᠯᠤᠭᠤᠳᠤᠯᠭ᠎ᠠ ᠶᠢ ᠲᠠᠭᠠᠵᠤ᠂ ᠢᠯᠠᠭᠤᠭᠰᠠᠨ ᠲᠠᠶᠢᠨ

ᠬᠢᠵᠦ ᠴᠢᠳᠠᠬᠤ᠂ ᠣᠪᠣᠷ ᠰᠤᠷᠲᠠᠯ ᠰᠢᠯᠢᠳᠡᠭ ᠰᠠᠶᠢᠨ ᠰᠢᠨ᠎ᠡ ᠨᠢᠭᠡ ᠦᠶ᠎ᠡ ᠶᠢᠨ ᠬᠢᠷᠢ ᠲᠡᠩᠴᠡᠭᠰᠡᠨ ᠴᠡᠷᠢᠭ ᠪᠣᠯᠭᠠᠨ

ᠬᠥᠮᠦᠵᠢᠭᠳᠡᠬᠦ ᠪᠠᠷ ᠴᠢᠷᠮᠠᠶᠢᠬᠤ ᠬᠡᠷᠡᠭᠲᠡᠶ᠃ ᠡᠭᠦᠨ ᠤ ᠳᠤ ᠬᠠᠮᠲᠤ᠂ ᠰᠢᠨ᠎ᠡ ᠴᠡᠷᠢᠭ ᠤᠨ ᠭᠡᠷ ᠤᠨ ᠠᠬᠠᠮᠠᠳ ᠴᠡᠷᠢᠭ

ᠠᠩᠭᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠠᠮᠵᠢᠵᠤ᠂ ᠴᠡᠷᠢᠭ ᠠᠩᠬᠢ ᠲᠠᠢ ᠢᠳᠡᠪᠬᠢᠲᠡᠶ ᠬᠠᠮᠵᠢᠯᠴᠠᠨ

ᠦᠷ᠎ᠡ ᠬᠡᠤᠬᠡᠳ ᠤᠨ ᠢᠶᠠᠨ ᠠᠵᠢᠯ ᠢ ᠰᠠᠶᠢᠲᠤᠷ ᠬᠢᠵᠦ᠂ ᠭᠡᠷ ᠪᠦᠯᠢ ᠪᠠᠨ ᠦᠷ᠎ᠡ ᠬᠡᠤᠬᠡᠳ ᠤᠨ ᠦᠰᠦᠨ

ᠪᠤᠶᠢᠵᠢᠬᠤ ᠶᠢᠨ ︽ᠲᠤᠰᠤ ᠨᠡᠮᠡᠬᠦ ᠦᠷᠳᠡᠭᠡ︾ ᠪᠣᠯᠭᠠᠬᠤ ᠬᠡᠷᠡᠭᠲᠡᠶ᠃ ᠬᠤᠰᠢᠭᠤᠨ ᠤ ᠵᠠᠰᠠᠭ ᠤᠨ ᠣᠷᠳᠣᠨ ᠤ

ᠬᠠᠮᠢᠶ᠎ᠠ ᠪᠦᠬᠦᠢ ᠰᠠᠯᠠᠭ᠎ᠠ ᠮᠥᠴᠢᠷ ᠰᠢᠨ᠎ᠡ ᠴᠡᠷᠢᠭ ᠤᠨ ᠭᠡᠷ ᠪᠦᠯᠢ ᠪᠣᠯᠤᠨ ᠲᠥᠷᠥᠯ ᠰᠠᠳᠤᠨ ᠢ ᠪᠦᠬᠦ

ᠬᠦᠴᠦ ᠪᠠᠷ ᠢᠶᠠᠨ ᠬᠠᠷᠠᠭᠠᠯᠵᠠᠨ ᠦᠢᠯᠡᠴᠢᠯᠡᠵᠦ᠂ ᠨᠠᠮ ᠤᠨ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ

ᠪᠣᠳᠣᠯᠭ᠎ᠠ ᠶᠢ ᠪᠦᠬᠦ ᠬᠦᠴᠦᠨ ᠢᠶᠠᠷ ᠢᠶᠠᠨ  ᠨᠠᠶᠢᠳᠠᠪᠤᠷᠢᠵᠢᠭᠤᠯᠬᠤ ᠬᠡᠷᠡᠭᠲᠡᠶ᠃

   ᠣᠶᠢᠯᠠᠭᠠᠭᠰᠠᠨ ᠢᠶᠠᠷ᠂ ᠲᠣᠰ ᠤᠳᠠᠭ᠎ᠠ ᠨᠡᠶᠢᠲᠡ 77 ᠵᠠᠯᠠᠭᠤᠴᠤᠳ ᠴᠡᠷᠢᠭ ᠲᠤ ᠣᠷᠣᠬᠤ ᠪᠠᠷ

ᠵᠥᠪᠰᠢᠶᠡᠷᠡᠭᠳᠡᠵᠦ᠂ ᠪᠦᠯᠦᠭ ᠤᠳᠠᠭ᠎ᠠ ᠬᠤᠪᠢᠶᠠᠨ ᠡᠯ᠎ᠡ ᠴᠡᠷᠢᠭ ᠠᠩᠭᠢ ᠳᠤ ᠬᠦᠷᠬᠦ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号