ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠰᠢᠭᠤᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/10/17

   ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠡᠷᠬᠢᠯᠡᠭᠴᠢ ᠢᠦᠶ ᠵᠢᠶᠦ᠋ᠨ ᠹᠧᠩ᠂ ᠳᠡᠳ᠋ ᠡᠷᠬᠢᠯᠡᠭᠴᠢ ᠶᠧ ᠹᠧᠩ ᠭᠦᠸᠧ᠂ ᠹᠧᠩ ᡁᠢ ᠰᠢᠨ᠂ ᠮᠠ

ᠢᠦᠶ ᠬᠦᠶ ᠨᠡᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠭᠡᠰᠢᠭᠦᠳ ᠢ ᠲᠠᠭᠠᠭᠤᠯᠤᠠ ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ

ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ

ᠵᠠᠩ ᠬᠤᠸᠠ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ

ᠰᠤᠳᠤᠯᠤᠯᠲᠠ ᠬᠢᠪᠠ᠃

   ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ

ᠳᠤᠭᠤᠶᠢᠯᠠᠩ ᠤᠨ ᠬᠢᠨ ᠮᠡᠶᠢᠷᠡᠨ ᠪᠠᠯᠭᠠᠰᠤᠨ ᠤ ᠮᠡᠶᠢᠷᠡᠨ ᠬᠥᠨᠳᠡᠶ ᠶᠢᠨ ᠦᠵᠡᠮᠵᠢ ᠶᠢᠨ ᠣᠷᠣᠨ᠂ ᠱᠠᠨ ᠷᠦᠩ

ᠠᠶᠢᠮᠠᠭ ᠤᠨ  ᠦᠵᠡᠮᠵᠢ ᠶᠢᠨ ᠣᠷᠣᠨ᠂ ᠰᠢ ᠴᠢᠶᠣᠤ ᠪᠠᠯᠭᠠᠰᠤᠨ ᠤ ᠯᠸᠢ ᠶᠢᠩᠽᠢ ᠲᠣᠰᠬᠤᠨ ᠤ ᠵᠤᠭᠠᠴᠠᠭᠰᠠᠳ ᠤᠨ

ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂

ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠲᠠᠯᠠᠪᠤᠷ ᠲᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠮᠠᠨ ᠤ

ᠬᠤᠰᠢᠭᠤᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠨᠠᠷᠢᠨ

ᠣᠶᠢᠯᠠᠭᠠᠪᠠ᠃

    ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠤ ᠪᠦᠬᠦ ᠣᠷᠣᠨ ᠪᠦᠰᠡ ᠶᠢᠨ ᠵᠤᠭᠠᠴᠠᠯ ᠤᠨ

ᠬᠥᠭᠵᠢᠯᠲᠡ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠭᠦᠨ ᠤ ᠬᠠᠮᠲᠤ ᠥᠪᠡᠷ ᠤᠨ

ᠳᠠᠪᠠᠭᠤᠯᠢᠭ ᠢᠶᠠᠨ  ᠭᠦᠢᠴᠡᠳ ᠠᠰᠢᠭᠯᠠᠵᠤ ᠪᠣᠳᠠᠲᠠᠶ ᠲᠠᠢ ᠪᠠᠨ ᠤᠶᠠᠯᠳᠤᠭᠤᠯᠤᠨ ᠲᠤᠬᠠᠶ ᠶᠢᠨ ᠭᠠᠵᠠᠷ ᠣᠷᠣᠨ ᠤ

ᠪᠠᠶᠢᠳᠠᠯ ᠳᠠᠭᠠᠨ ᠲᠣᠬᠢᠷᠠᠭᠤᠯᠤᠨ᠂ ᠮᠠᠨ ᠤ ᠬᠤᠰᠢᠭᠤᠨ ᠤ ᠵᠢᠭᠤᠯᠴᠢᠯᠠᠯ ᠤᠨ ᠳᠡᠰ ᠢ ᠲᠠᠰᠤᠷᠠᠯᠲᠠ ᠤᠢᠭᠡᠢ

ᠳᠡᠭᠡᠭᠰᠢᠯᠡᠭᠦᠯᠵᠦ᠂ ᠮᠠᠨ ᠤ ᠬᠤᠰᠢᠭᠤ ᠪᠠᠨ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠵᠣᠷᠢᠭᠰᠠᠨ ᠭᠠᠵᠠᠷ

ᠪᠣᠯᠭᠠᠨ ᠪᠠᠶᠢᠭᠤᠯᠬᠤ ᠪᠠᠷ  ᠴᠢᠷᠮᠠᠶᠢᠵᠤ᠂ ᠮᠠᠨ ᠤ ᠬᠤᠰᠢᠭᠤᠨ ᠤ ᠨᠡᠷ᠎ᠡ ᠠᠯᠳᠠᠷ᠂ ᠢᠷᠠᠭᠤ ᠠᠯᠳᠠᠷ ᠢ ᠦᠷᠭᠦᠯᠵᠢᠯᠡᠨ

ᠳᠡᠭᠡᠭᠰᠢᠯᠡᠭᠦᠯ᠊ ᠬᠦ ᠬᠡᠷᠡᠭᠳᠡᠢ ᠭᠡᠵᠦ ᠵᠢᠭᠠᠵᠤ ᠭᠠᠷᠭᠠᠪᠠ᠃

   ᠣᠶᠢᠯᠠᠭᠠᠭᠰᠠᠨ ᠢᠶᠠᠷ᠂ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ

ᠵᠢᠭᠤᠯᠴᠢᠯᠠᠯ ᠤᠨ ᠵᠢᠱᠢᠶ᠎ᠡ ᠦᠵᠡᠬᠦᠯᠬᠦ ᠣᠷᠣᠨ ᠢ ᠡᠭᠦᠳᠦᠨ ᠪᠠᠶᠢᠭᠤᠯᠬᠤ ᠬᠤᠰᠢᠭᠤ ᠪᠣᠯᠤᠭᠰᠠᠨ ᠤ ᠬᠤᠪᠢ ᠳᠤ᠂

ᠮᠠᠨ ᠤ ᠬᠤᠰᠢᠭᠤᠨ ᠳᠤ ᠣᠳᠣ ᠤᠯᠤᠰ ᠤᠨ 4A ᠲᠡᠰ ᠤᠨ ᠵᠢᠭᠤᠯᠴᠢᠯᠠᠯ ᠤᠨ ᠲᠣᠭᠤᠷᠢᠭ 2 ᠪᠣᠢ᠃ 3A ᠳᠡᠰ᠂

2A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠲᠤᠰ ᠪᠦᠷᠢ 1᠂ ᠣᠳᠣᠨ ᠲᠡᠰ ᠤᠨ ᠪᠠᠭᠤᠳᠠᠯ 1᠂

ᠣᠳᠣᠨ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠡᠷᠦᠬᠡ 11᠂ ᠪᠦᠬᠦ ᠤᠯᠤᠰ ᠤᠨ ᠭᠤᠤᠯᠳᠠᠯᠭ᠎ᠠ ᠲᠠᠢ

ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 10᠂ ᠤᠯᠤᠰ ᠠᠴᠠ ᠲᠡᠰ ᠤᠨ ᠣᠢ

ᠰᠢᠭᠤᠶ ᠶᠢᠨ ᠴᠡᠴᠡᠷᠯᠢᠭ 2᠂ ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ

ᠲᠣᠰᠬᠤᠨ 2᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠲᠠᠢ ᠲᠣᠰᠬᠤᠨ 1᠂

ᠵᠢᠭᠤᠯᠴᠢᠯᠠᠯ ᠤᠨ ᠭᠠᠵᠠᠷ ᠵᠢᠴᠢ ᠵᠢᠭᠤᠯᠴᠢᠯᠠᠯ ᠤᠨ ᠭᠠᠵᠠᠷ ᠤᠨ ᠡᠵᠡᠩᠨᠡᠯᠲᠡ ᠶᠢᠨ ᠲᠣᠤᠷ ᠴᠡᠭ 3 ᠪᠣᠶ᠃ 2020

ᠣᠨ ᠤ 1 ᠰᠠᠷ᠎ᠠ ᠠᠴᠠ 8 ᠰᠠᠷ᠎ᠠ ᠪᠣᠯᠲᠠᠯ᠎ᠠ᠂ ᠪᠦᠬᠦ ᠬᠤᠰᠢᠭᠤᠨ ᠤ ᠵᠢᠭᠤᠯᠴᠢᠯᠠᠯ ᠤᠨ ᠬᠦᠯᠢᠶᠡᠨ ᠠᠪᠤᠭᠰᠠᠨ

ᠵᠤᠭᠠᠴᠠᠭᠰᠠᠳ 69.9 ᠲᠦᠮᠡ ᠳᠤ ᠬᠦᠷᠴᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 5.46

ᠳ᠋ᠦᠩᠰᠢᠭᠤᠷ ᠲᠥᠭᠦᠷᠢᠭ ᠲᠤ ᠬᠦᠷᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号