ᠵᠠᠩ ᠭᠦᠸᠧ ᠬᠤᠸᠠ 2020 ᠣᠨ ᠤ ᠬᠤᠰᠢᠭᠤᠨ ᠤ ᠵᠠᠰᠠᠭ ᠤᠨ ᠣᠷᠳᠣᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/10/18

    ᠣᠶᠢᠷ᠎ᠠ ᠳᠤ᠂ ᠬᠤᠰᠢᠭᠤᠨ ᠳᠠᠷᠤᠭ᠎ᠠ ᠵᠠᠩ ᠭᠦᠸᠧ ᠬᠤᠸᠠ 2020 ᠣᠨ ᠤ ᠬᠤᠰᠢᠭᠤᠨ ᠤ ᠵᠠᠰᠠᠭ ᠤᠨ

ᠣᠷᠳᠣᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

   ᠬᠤᠷᠠᠯ ᠠᠴᠠ ︽ᠱᠧᠨᠵᠧᠨ ᠤ ᠠᠯᠺᠧᠨ ᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ

ᠺᠤᠮᠫᠠᠨᠢ ᠶᠢᠨ ᠪᠥᠲᠥᠭᠡᠨ ᠪᠠᠶᠢᠭᠤᠯᠤᠯᠲᠠ ᠶᠢᠨ ᠳᠡᠭᠡᠳᠦ ᠴᠢᠳᠠᠪᠬᠢᠲᠤ ᠪᠠᠯ ᠴᠢᠯᠠᠭᠤᠨ ᠠᠯᠺᠧᠨ ᠤ ᠳᠤᠮᠳᠠᠴᠢ

ᠬᠠᠯᠠᠭᠤᠨ ᠤ ᠢᠯᠳᠡᠰᠤᠨ ᠤ ᠠᠵᠤ ᠦᠶᠢᠯᠡᠰᠵᠢᠭᠰᠡᠨ ᠲᠥᠷᠥᠯ ᠵᠦᠢᠯ ᠪᠠ ᠠᠯᠺᠧᠨ ᠤ ᠮᠠᠲ᠋ᠧᠷᠢᠶᠠᠯ ᠢ ᠰᠤᠳᠤᠯᠤᠨ

ᠨᠡᠭᠡᠭᠡᠵᠦ ᠨᠡᠪᠴᠢᠬᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠰᠠᠨᠠᠮᠵᠢ ᠶᠢᠨ

ᠪᠢᠴᠢᠭ︾᠂ ︽2020 ᠣᠨ ᠤ ᠬᠠᠷᠠᠴᠢᠨ ᠬᠤᠰᠢᠭᠤᠨ ᠤ ᠬᠤᠸᠠᠷ ᠫᠤᠤᠵᠢᠩ ᠵᠢᠵᠢᠭᠯᠡᠨ ᠬᠤᠳᠠᠯᠳᠤᠬᠤ

ᠡᠵᠡᠩᠨᠡᠯᠲᠡ ᠶᠢᠨ ᠳᠡᠯᠭᠡᠭᠦᠷ ︵ᠴᠡᠭ︶ ᠤᠨ ᠪᠠᠶᠢᠷᠢᠰᠢᠭᠤᠯᠤᠯᠳᠠ ᠶᠢᠨ ᠲᠥᠯᠥᠪᠵᠢᠭᠦᠯᠭᠡ ᠵᠢᠴᠢ ᠬᠢᠨᠠᠨ ᠵᠥᠪᠰᠢᠶᠡᠷᠡᠬᠦ

ᠲᠥᠰᠦᠯ︾᠂ ︽ᠼᠠᠩ ᠢᠦᠶ ᠲᠣᠰᠬᠤᠨ ᠤ ᠯᠢᠨ ᠬᠤᠸᠠᠩ ᠶᠡᠭᠡ ᠵᠡᠭᠡᠯᠢ ᠶᠢᠨ 39 ᠡᠷᠦᠬᠡ ᠶᠢᠨ ᠨᠤᠷᠠᠭᠠᠨ

ᠨᠡᠭᠦᠯᠭᠡᠬᠦ ᠨᠥᠬᠦᠪᠥᠷᠢ ᠶᠢᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠶᠢᠨ ᠯᠦᠩ ᠵᠢᠶᠠᠨ ᠲᠣᠷᠭ᠎ᠠ

ᠳᠤᠷᠳᠤᠩ ᠤᠨ ᠬᠢᠵᠠᠭᠠᠷᠲᠤ ᠺᠣᠮᠫᠠᠨᠢ ᠶᠢᠨ ᠥᠷᠢ ᠥᠭᠴᠡᠭᠡ ᠶᠢ ᠢᠯᠭᠠᠷᠠᠭᠤᠯᠤᠨ ᠲᠥᠯᠥᠭᠰᠡᠨ ᠬᠤᠯᠪᠣᠭᠳᠠᠯ ᠪᠥᠬᠦᠶ

ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃

   ᠬᠤᠷᠠᠯ ᠠᠴᠠ ︽ᠱᠧᠨᠵᠧᠨ ᠤ ᠠᠯᠺᠧᠨ ᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ

ᠺᠤᠮᠫᠠᠨᠢ ᠶᠢᠨ ᠪᠥᠲᠥᠭᠡᠨ ᠪᠠᠶᠢᠭᠤᠯᠤᠯᠲᠠ ᠶᠢᠨ ᠳᠡᠭᠡᠳᠦ ᠴᠢᠳᠠᠪᠬᠢᠲᠤ ᠪᠠᠯ ᠴᠢᠯᠠᠭᠤᠨ ᠠᠯᠺᠧᠨ ᠤ ᠳᠤᠮᠳᠠᠴᠢ

ᠬᠠᠯᠠᠭᠤᠨ ᠤ ᠢᠯᠳᠡᠰᠤᠨ ᠤ ᠮᠠᠲ᠋ᠧᠷᠢᠶᠠᠯ ᠤᠨ ᠠᠵᠤ ᠦᠶᠢᠯᠡᠰᠵᠢᠭᠰᠡᠨ ᠲᠥᠷᠥᠯ ᠵᠦᠢᠯ ᠪᠠ ᠠᠯᠺᠧᠨ ᠤ ᠮᠠᠲ᠋ᠧᠷᠢᠶᠠᠯ ᠢ

ᠰᠤᠳᠤᠯᠤᠨ ᠨᠡᠭᠡᠭᠡᠵᠦ ᠨᠡᠪᠴᠢᠬᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ

ᠰᠠᠨᠠᠮᠵᠢ ᠶᠢᠨ ᠪᠢᠴᠢᠭ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠠᠵᠤ ᠠᠬᠤᠶᠢᠯᠠᠯ ᠯᠤᠭ᠎ᠠ ᠶᠢᠨ

ᠬᠠᠮᠲᠤᠷᠠᠯᠴᠠᠭ᠎ᠠ ᠶᠢ ᠴᠢᠩᠭᠠᠳᠬᠠᠵᠤ᠂  ᠬᠠᠮᠵᠢᠯᠴᠠᠭᠠᠨ ᠤ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ

ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃

   ︽2020 ᠤᠨ ᠤ ᠬᠠᠷᠠᠴᠢᠨ ᠬᠤᠰᠢᠭᠤᠨ ᠤ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ

ᠳᠡᠯᠭᠡᠭᠦᠷ ᠤᠨ ᠲᠥᠯᠥᠪᠵᠢᠭᠦᠯᠭᠡ ᠵᠢᠴᠢ ᠬᠢᠨᠠᠨ ᠵᠥᠪᠰᠢᠶᠡᠷᠡᠬᠦ ᠲᠥᠰᠦᠯ︾ ᠤᠨ ᠲᠣᠭᠤᠷᠢᠨ ᠳᠤ᠂ ᠬᠤᠷᠠᠯ ᠠᠴᠠ

ᠱᠠᠭᠠᠷᠳᠠᠭᠰᠠᠨ ᠨᠢ᠂ ᠨᠢᠭᠡ ᠳᠤ ︽ᠨᠢᠭᠡᠳᠦᠯᠲᠡᠶ ᠲᠥᠯᠥᠪᠵᠢᠭᠦᠯᠬᠦ᠂ ᠠᠮᠤᠷ ᠲᠦᠪᠰᠢᠨ ᠢ ᠪᠠᠲᠤᠯᠠᠬᠤ᠂ ᠵᠦᠶ

ᠵᠣᠬᠢᠰᠲᠠᠶ ᠪᠠᠶᠢᠷᠢᠯᠠᠭᠤᠯᠬᠤ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠵᠣᠬᠢᠰᠲᠠᠶ ᠥᠷᠢᠰᠥᠯᠳᠦᠬᠦ︾ ᠵᠠᠷᠴᠢᠮ

ᠶᠣᠰᠣᠭᠠᠷ᠂ ᠬᠢᠨᠠᠨ  ᠵᠦᠪᠰᠢᠶᠡᠷᠡᠬᠦ ᠶᠠᠪᠤᠴᠠ ᠶᠢ ᠴᠢᠩᠳᠠᠯᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠦᠢᠯᠭᠡᠭᠡᠨ ᠤ

ᠡᠮᠬᠢ ᠵᠢᠷᠤᠮ ᠢ ᠵᠢᠷᠤᠮᠵᠢᠭᠤᠯᠬᠤ︔ ᠬᠤᠶᠠᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠵᠡᠭᠡᠯᠢ

ᠭᠤᠳᠤᠮᠵᠢ ᠪᠠᠷ ᠬᠡᠰᠦᠬᠦ᠂ ᠦᠨᠡᠮᠯᠡᠯ ᠦᠭᠡᠢ ᠪᠠᠷ ᠡᠵᠡᠩᠨᠡᠬᠦ ᠵᠡᠷᠭᠡ ᠦᠢᠯᠡ ᠠᠵᠢᠯᠯᠠᠭ᠎ᠠ ᠳᠤ ᠴᠢᠭᠯᠡᠭᠦᠯᠦᠨ᠂

ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃

   ︽ᠼᠠᠩ ᠢᠦᠶ ᠲᠣᠰᠬᠤᠨ ᠤ ᠯᠢᠨ ᠬᠤᠸᠠᠩ ᠶᠡᠭᠡ ᠵᠡᠭᠡᠯᠢ ᠶᠢᠨ ᠲᠠᠭᠠᠤ 39 ᠡᠷᠦᠬᠡ ᠶᠢᠨ ᠨᠤᠷᠠᠭᠠᠨ ᠨᠡᠭᠦᠯᠭᠡᠬᠦ

ᠨᠥᠬᠦᠪᠥᠷᠢ ᠶᠢᠨ ᠲᠥᠰᠦᠯ︾ ᠤᠨ ᠲᠣᠭᠤᠷᠢᠨ ᠳᠤ᠂ ᠬᠤᠷᠠᠯ ᠠᠴᠠ ᠨᠢᠤ ᠵᠢᠶᠠ ᠶᠢᠩᠽᠢ ᠪᠠᠯᠭᠠᠰᠤᠨ ᠤ ᠲᠤᠰᠢᠶᠠᠭᠰᠠᠨ

ᠨᠥᠬᠦᠪᠥᠷᠢ ᠥᠭᠬᠦ ᠲᠥᠰᠦᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠬᠤᠷᠠᠯ ᠠᠴᠠ ᠱᠠᠭᠠᠷᠳᠠᠭᠰᠠᠨ ᠨᠢ᠂ ᠬᠠᠮᠢᠶ᠎ᠠ

ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠶᠢᠨ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ

ᠲᠣᠭᠲᠠᠭᠠᠯ ᠶᠣᠰᠣᠭᠠᠷ᠂ ᠢᠯᠡ ᠪᠥᠭᠡᠳ ᠲᠥᠪ ᠭᠤᠤᠯᠴᠢ ᠪᠠᠷ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ ᠭᠡᠪᠡ

   ᠬᠤᠷᠠᠯ ᠠᠴᠠ ᠶᠢᠨ ᠯᠦᠩ ᠵᠢᠶᠠᠨ ᠲᠣᠷᠭ᠎ᠠ ᠳᠤᠷᠳᠤᠩ ᠤᠨ ᠬᠢᠵᠠᠭᠠᠷᠲᠤ ᠺᠣᠮᠫᠠᠨᠢ ᠶᠢᠨ ᠥᠷᠢ ᠰᠢᠷᠢ ᠶᠢ

ᠲᠥᠯᠥᠬᠦ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠦᠨ᠎ᠡ ᠬᠠᠶᠠᠵᠤ

ᠬᠤᠳᠠᠯᠳᠤᠬᠤ ᠵᠣᠭᠤᠰ ᠢ ᠬᠤᠪᠢᠶᠠᠷᠢᠯᠠᠨ ᠬᠡᠷᠡᠭᠯᠡᠬᠦ ᠰᠠᠨᠠᠯ ᠢ ᠵᠠᠷᠴᠢᠮ ᠳᠡᠭᠡᠷ᠎ᠡ ᠪᠠᠨ ᠵᠦᠪᠰᠢᠶᠡᠷᠡᠵᠦ᠂ ᠬᠤᠰᠢᠭᠤᠨ ᠤ

ᠨᠤᠲᠤᠭ ᠤᠨ ᠬᠠᠳᠠᠭᠠᠯᠠᠮᠵᠢ ᠶᠢᠨ ᠲᠥᠪ ᠤᠨ ᠦᠨ᠎ᠡ ᠬᠠᠶᠠᠯᠴᠠᠬᠤ ᠳᠤ ᠣᠷᠣᠯᠴᠠᠬᠤ ᠶᠢ ᠵᠦᠪᠰᠢᠶᠡᠷᠡᠨ᠎ᠡ᠃ ᠡᠯ᠎ᠡ

ᠬᠠᠮᠢᠶ᠎ᠠ ᠪᠥᠬᠦᠶ ᠰᠠᠯᠠᠭ᠎ᠠ ᠮᠥᠴᠢᠷ ᠬᠠᠮᠵᠢᠯᠴᠠᠬᠤ ᠪᠠᠨ ᠴᠢᠩᠭᠠᠳᠬᠠᠵᠤ᠂ ᠪᠠᠯᠠ ᠮᠦᠩᠬᠦᠨ ᠤ ᠨᠥᠬᠦᠪᠥᠷᠢ ᠶᠢᠨ

ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠠᠯ᠎ᠠ ᠶᠢᠨ ᠵᠦᠶ ᠶᠣᠰᠣᠨ ᠤ ᠠᠰᠢᠭ ᠲᠤᠰᠠ ᠶᠢ

ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ ᠭᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号