ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠲᠠᠪᠤᠴᠢᠯᠠᠯᠲᠠ ᠶᠢ ᠬᠠᠮᠳᠤᠷᠠᠭᠤᠯᠤᠨ ᠦᠨᠳᠦᠰᠦᠨ ᠱᠠᠳᠤ ᠶᠢ ᠶᠡᠬᠡᠪᠡᠷ ᠠᠳᠬᠤᠬᠤ︾ ᠪᠥᠬᠦ ᠣᠷᠣᠨ ᠤ ᠠᠬᠤᠶ ᠲᠠᠯᠠᠪᠠᠶ ᠶᠢᠨ ᠬᠤᠷᠠᠯ ᠤᠨ ᠪᠡᠯᠡᠳᠬᠡᠯ ᠳᠤᠭᠤᠶᠢᠯᠠᠩ ᠨᠢᠦ ᠵᠢᠶᠠ ᠶᠢᠩᠽᠢ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020/10/18

   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽

ᠲᠠᠪᠤᠴᠢᠯᠠᠯᠲᠠ ᠶᠢ ᠬᠠᠮᠳᠤᠷᠠᠭᠤᠯᠤᠨ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠪᠥᠬᠦ ᠤᠷᠤᠨ ᠤ ᠠᠬᠤᠶ

ᠲᠠᠯᠠᠪᠠᠶ ᠶᠢᠨ ᠬᠤᠷᠠᠯ ᠤᠨ ᠪᠡᠯᠡᠳᠬᠡᠯ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠵᠣᠬᠢᠶᠠᠨ ᠪᠠᠶᠢᠭᠤᠯᠬᠤ ᠬᠡᠯᠲᠡᠰ ᠤᠨ ᠭᠤᠷᠪᠠᠳᠤᠭᠠᠷ ᠭᠠᠵᠠᠷ ᠤᠨ ᠲᠠᠷᠤᠭ᠎ᠠ ᠶᠠᠩ ᠼᠦᠨ ᠬᠦᠶ ᠨᠡᠷ ᠮᠠᠨ ᠤ

ᠬᠤᠰᠢᠭᠤᠨ ᠤ ᠨᠢᠤ ᠵᠢᠶᠠ ᠶᠢᠩᠽᠢ ᠪᠠᠯᠭᠠᠰᠤᠨ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠪᠠ

᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ

ᠵᠢᠶᠦ᠋ᠩ᠂ ᠬᠤᠰᠢᠭᠤᠨ ᠤ ᠤᠳᠤᠷᠢᠳᠤᠯᠭ᠎ᠠ ᠭᠤᠤ ᠰᠢ ᠬᠤᠸᠠ᠂ ᠯᠦ ᠰᠢᠤ ᠴᠢᠩ ᠪᠠᠷ᠎ᠠ ᠪᠣᠯᠪᠠ᠃

   ᠶᠠᠩ ᠼᠦᠨ ᠬᠦᠶ ᠨᠡᠷ ᠨᠢᠦ ᠵᠢᠶᠠ ᠶᠢᠩᠽᠢ ᠪᠠᠯᠭᠠᠰᠤᠨ ᠤ ᠨᠢᠦ ᠵᠢᠶᠠ ᠶᠢᠩᠽᠢ ᠲᠣᠰᠬᠤᠨ ᠤ ᠨᠠᠮ ᠣᠯᠠᠨ

ᠲᠦᠮᠡᠨ ᠤ ᠦᠢᠯᠡᠴᠢᠯᠡᠭᠡᠨ ᠤ ᠲᠥᠪ᠂ ᠨᠢᠦ ᠵᠢᠶᠠ ᠶᠢᠩᠽᠢ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ

ᠣᠷᠳᠣᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠨᠢᠦ ᠵᠢᠶᠠ ᠶᠢᠩᠽᠢ ᠪᠠᠯᠭᠠᠰᠤᠨ ᠤ ︽

ᠨᠠᠮ ᠤᠨ ᠪᠠᠶᠢᠭᠤᠯᠤᠯᠲᠠ ᠦᠨᠳᠦᠰᠦᠨ ᠱᠠᠲᠤᠨ ᠤ ᠰᠦᠯᠵᠢᠶᠡᠵᠢᠭᠦᠯᠦᠨ ᠵᠠᠰᠠᠬᠤ︾ ᠬᠥᠳᠡᠭᠡ ᠲᠣᠰᠬᠤᠨ ᠤ

ᠵᠠᠰᠠᠯᠲᠠ ᠶᠢᠨ ᠰᠢᠰᠲ᠋ᠧᠮ ᠢ ᠪᠠᠶᠢᠭᠤᠯᠬᠤ᠂ ᠨᠠᠮ ᠤᠨ ᠪᠠᠶᠢᠭᠤᠯᠤᠯᠲᠠ ᠨᠢ ᠠᠵᠤ ᠦᠢᠯᠡᠰ ᠤᠨ ᠬᠦᠭᠵᠢᠯᠳᠡ ᠶᠢ

ᠬᠥᠲᠥᠯᠦᠨ ᠳᠠᠭᠠᠭᠤᠯᠬᠤ ᠬᠠᠮᠲᠤ ᠶᠢᠨ ᠴᠣᠭᠴᠠ ᠶᠢᠨ ᠡᠮ ᠤᠨ ᠮᠠᠲ᠋ᠧᠷᠢᠶᠠᠯ ᠤᠨ ᠠᠰᠢᠭ ᠣᠯᠵᠠᠪᠤᠷᠢ ᠶᠢ

ᠳᠠᠶᠢᠴᠢᠯᠠᠭᠰᠠᠨ ᠵᠡᠷᠭᠡ ᠪᠠᠶᠢᠳᠠᠯ ᠢ ᠨᠠᠷᠢᠨ ᠨᠢᠮᠪᠠᠶ ᠰᠣᠨᠣᠰᠪᠠ᠃

ᠣᠶᠢᠯᠠᠭᠠᠭᠰᠠᠨ ᠢᠶᠠᠷ᠂ ᠨᠢᠤ ᠵᠢᠶᠠ ᠶᠢᠩᠽᠢ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ

ᠬᠦᠭᠵᠢᠯᠳᠡ ᠶᠢ ᠬᠥᠲᠥᠯᠥᠨ ᠳᠠᠭᠠᠭᠤᠯᠬᠤ ᠶᠢᠨ ᠬᠠᠮᠲᠤ ᠶᠢᠨ ᠴᠣᠭᠴᠠ ᠪᠠᠷ ᠭᠤᠤᠯ ᠪᠣᠯᠭᠠᠵᠤ ᠬᠤᠷᠰᠢᠶ᠎ᠠ ᠡᠷᠭᠢᠯᠡᠪᠡ᠃

ᠣᠳᠣᠬᠠᠨ ᠳᠤ᠂ ᠪᠥᠬᠦ ᠪᠠᠯᠭᠠᠰᠤᠨ ᠳᠤ ᠨᠡᠶᠢᠲᠡ 262 ᠬᠤᠷᠰᠢᠶ᠎ᠠ ᠪᠠᠶᠢᠵᠤ᠂ ᠡᠮ ᠤᠨ ᠮᠠᠲ᠋ᠧᠷᠢᠶᠠᠯ ᠤᠨ ᠵᠠᠭᠤᠴᠢ

1200 ᠭᠠᠷᠤᠶ ᠬᠥᠮᠦᠨ ᠪᠠᠶᠢᠨ᠎ᠠ᠃ ᠪᠦᠬᠦ ᠪᠠᠯᠭᠠᠰᠤ ᠪᠠᠷ ᠢᠶᠠᠨ ᠷᠦᠩ ᠰᠢᠩ ᠳᠠᠩ᠂ ᠮᠧᠩ ᠶᠤᠸᠠᠨ ᠳᠠᠩ᠂ ᠢ

ᠬᠤᠸᠠ᠂ ᠮᠢᠨ ᠴᠢᠤᠸᠠᠨ᠂ ᠹᠦ᠋ ᠳ᠋ᠦᠩ ᠵᠡᠷᠭᠡ ᠬᠢᠲᠠᠳ ᠡᠮ ᠤᠨ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ ᠠᠵᠤ

ᠠᠬᠤᠶᠢᠯᠠᠯ ᠪᠠ ᠬᠤᠷᠰᠢᠶ᠎ᠠ ᠶᠢ 58 ᠪᠠᠶᠢᠭᠤᠯᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠮᠥᠬᠦᠯᠢᠭ᠂

ᠴᠢᠨᠠᠬᠤ ᠡᠮ᠂ ᠨᠣᠭᠤᠭ᠎ᠠ ᠶᠢᠨ ᠲᠦᠷᠦᠯ ᠵᠡᠷᠭᠡ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠦᠢᠯᠡᠳᠪᠦᠷᠢᠯᠡᠬᠦ

ᠱᠤᠭᠤᠮ ᠢ 54 ᠵᠤᠷᠪᠤᠰ ᠪᠠᠶᠢᠭᠤᠯᠤᠭᠰᠠᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号