| | | ᠣᠶᠢᠷ᠎ᠠ ᠳᠤ᠂ ᠬᠤᠰᠢᠭᠤᠨ ᠳᠠᠷᠤᠭ᠎ᠠ ᠵᠠᠩ ᠭᠦᠸᠧ ᠬᠤᠸᠠ ᠬᠤᠰᠢᠭᠤᠨ ᠤ ᠠᠶᠤᠯ ᠥᠬᠡᠶ ᠦᠢᠯᠡᠳᠪᠦᠷᠢᠯᠡᠯ | ᠤᠨ ᠵᠥᠪᠯᠡᠯ ᠤᠨ ᠪᠦᠷᠢᠯᠳᠦᠬᠦᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ | ᠬᠤᠭᠤᠴᠠᠭ᠎ᠠ ᠵᠢᠴᠢ ︽ᠬᠤᠤᠰ ᠪᠠᠶᠠᠷ︾ ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠠᠶᠤᠯ ᠥᠬᠡᠶ | ᠦᠢᠯᠡᠳᠪᠦᠷᠢᠯᠡᠯ ᠤᠨ ᠠᠵᠢᠯ ᠢ ᠲᠠᠬᠢᠨᠳᠠ ᠲᠣᠬᠢᠷᠠᠭᠤᠯᠵᠦ᠂ ᠲᠠᠬᠢᠨᠳᠠ ᠪᠠᠶᠢᠷᠢᠯᠠᠭᠤᠯᠤᠯᠲᠠ ᠬᠢᠪᠠ᠃ | | | | ᠵᠠᠩ ᠭᠦᠸᠧ ᠬᠤᠸᠠ ᠵᠢᠭᠠᠵᠤ ᠭᠠᠷᠭᠠᠭᠰᠠᠨ ᠨᠢ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠶᠤᠯ ᠥᠬᠡᠶ ᠦᠢᠯᠡᠳᠪᠦᠷᠢᠯᠡᠯ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠶ | ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠢᠨᠴᠦᠭᠦᠷᠡᠬᠦ ᠰᠡᠳᠬᠢᠯᠭᠡ | ᠪᠠ ᠰᠡᠳᠬᠢᠯ ᠰᠠᠨᠠᠭ᠎ᠠ ᠪᠠᠨ ᠰᠤᠯᠠᠷᠠᠭᠤᠯᠬᠤ ᠶᠢ ᠡᠷᠡᠰ ᠬᠤᠷᠢᠭᠯᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ | ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠠᠮᠤᠷ ᠲᠣᠭᠲᠠᠭᠤᠨ ᠨᠡᠢᠭᠡᠮ ᠤᠨ ᠣᠷᠴᠢᠨ ᠲᠣᠭᠤᠷᠢᠨ ᠢ ᠪᠠᠳᠤᠯᠠᠬᠤ ᠬᠡᠷᠡᠭᠳᠡᠢ ᠭᠡᠪᠡ᠃ | | | ᠵᠠᠩ ᠭᠦᠸᠧ ᠬᠤᠸᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠶᠢ ᠳᠣᠪᠤᠶᠢᠯᠭᠠᠵᠤ᠂ ᠪᠠᠭᠤᠷᠠᠶ ᠲᠠᠯ᠎ᠠ ᠶᠢ | ᠴᠢᠩᠭ᠎ᠠ ᠠᠵᠢᠭᠯᠠᠬᠤ ᠬᠡᠷᠡᠭᠲᠡᠶ᠃ ᠨᠢᠭᠡ ᠳᠤ ᠲᠠᠷᠢᠶᠠᠯᠠᠩ ᠤᠨ ᠮᠠᠰᠢᠨ ᠪᠠᠭᠠᠵᠢ᠂ ᠲᠠᠷᠢᠶᠠᠯᠠᠩ ᠳᠤ ᠬᠡᠷᠡᠭᠯᠡᠬᠦ ᠲᠡᠷᠭᠡ | ᠬᠥᠰᠬᠡ ᠶᠢᠨ ᠬᠡᠷᠡᠭᠯᠡᠯᠲᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠲᠠᠷᠢᠶᠠᠯᠠᠩ ᠤᠨ ᠮᠠᠰᠢᠨ ᠵᠡᠷᠭᠡ ᠰᠠᠯᠠᠭ᠎ᠠ ᠮᠥᠴᠢᠷ ᠲᠡᠷᠢᠭᠦᠯᠡᠨ᠂ | ᠬᠠᠷᠢᠶ᠎ᠠ ᠭᠠᠵᠠᠷ ᠤᠨ ᠰᠢᠶᠠᠩ ᠪᠠᠯᠭᠠᠰᠤ ᠵᠡᠭᠡᠯᠢ ᠭᠤᠳᠤᠮᠵᠢ ᠬᠠᠮᠵᠢᠯᠴᠠᠵᠤ᠂ ᠠᠵᠢᠯᠲᠠᠨ ᠢ ᠵᠣᠬᠢᠶᠠᠨ ᠪᠠᠶᠢᠭᠤᠯᠵᠤ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠤᠶᠠᠷ ᠲᠤ ᠬᠤᠲᠠ ᠶᠢᠨ ᠭᠠᠯ | ᠤᠨᠲᠠᠷᠠᠭᠠᠬᠤ ᠪᠠ ᠣᠢ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠳᠡᠢ᠃ ᠭᠠᠯ ᠤᠨᠲᠠᠷᠠᠭᠠᠬᠤ | ᠰᠠᠯᠠᠭ᠎ᠠ ᠮᠥᠴᠢᠷ ᠤᠳ ᠵᠣᠴᠢᠳ ᠤᠨ ᠪᠠᠭᠤᠳᠠᠯ᠂ ᠠᠷᠢᠬᠢᠨ ᠠᠰᠠᠷ᠂ ᠬᠤᠳᠠᠯᠳᠤᠭᠠᠨ ᠤ ᠲᠠᠯᠠᠪᠤᠷ ᠵᠡᠷᠭᠡ ᠬᠥᠮᠦᠨ | ᠣᠯᠠᠨ ᠴᠤᠭᠯᠠᠷᠠᠬᠤ ᠭᠠᠵᠠᠷ ᠵᠢᠴᠢ ᠭᠤᠤᠯᠳᠠᠯᠭ᠎ᠠ ᠲᠠᠢ ᠭᠠᠯ ᠰᠡᠷᠭᠡᠶᠢᠯᠡᠬᠦ ᠨᠢᠭᠡᠴᠡ ᠶᠢ ᠵᠢᠭᠰᠠᠭᠠᠨ ᠪᠠᠶᠢᠴᠠᠭᠠᠬᠤ ᠪᠠᠨ | ᠨᠡᠮᠡᠭᠳᠡᠭᠦᠯᠵᠦ᠂ ᠭᠠᠯ ᠤᠨ ᠠᠶᠤᠯ ᠤᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠢ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠣᠢ | ᠰᠢᠭᠤᠶ ᠶᠢᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠡᠰᠢ ᠰᠦᠷᠡᠯ ᠰᠢᠲᠠᠭᠠᠬᠤ ᠵᠡᠷᠭᠡ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠦ᠂ ᠣᠢ ᠰᠢᠭᠤᠶ ᠶᠢᠨ ᠭᠠᠯ ᠤᠨ ᠠᠶᠤᠯ | ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠭᠤᠷᠪᠠ ᠳᠤ ᠪᠠᠷᠢᠯᠭ᠎ᠠ ᠶᠢᠨ ᠲᠥᠷᠥᠯ ᠵᠦᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠪᠥᠬᠦ ᠬᠦᠴᠦ ᠪᠠᠷ ᠢᠶᠠᠨ ᠰᠠᠶᠢᠲᠤᠷ ᠬᠢᠵᠦ᠂ ᠠᠮᠤᠷ ᠲᠦᠪᠰᠢᠨ ᠪᠠᠷᠢᠯᠭ᠎ᠠ ᠪᠠᠷᠢᠬᠤ ᠡᠯ᠎ᠡ | ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠳᠥᠷᠪᠡ ᠳᠤ᠂ ᠤᠯᠤᠰ ᠠᠴᠠ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠰᠠᠶᠢᠲᠤᠷ ᠥᠷᠨᠢᠭᠦᠯᠵᠦ᠂ ᠤᠯᠠᠮ ᠨᠢᠭᠡ ᠠᠯᠬᠤᠮ ᠳᠤᠲᠠᠭᠤᠳᠠᠯ ᠢᠶᠠᠨ ᠨᠥᠬᠦᠪᠥᠷᠢᠯᠡᠵᠦ᠂ | ᠠᠯᠳᠠᠰᠢ ᠭᠠᠷᠬᠤ ᠶᠢ ᠬᠤᠷᠢᠭᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ ᠭᠡᠪᠡ᠃ | | | ᠵᠠᠩ ᠭᠦᠸᠧ ᠬᠤᠸᠠ᠂ ᠵᠢᠵᠢᠭᠦᠷᠯᠡᠵᠦ ᠰᠠᠬᠢᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ ᠤᠯᠤᠰ ᠤᠨ ᠪᠠᠶᠠᠷ ᠵᠢᠴᠢ ᠨᠠᠢᠮᠠᠨ ᠰᠠᠷ᠎ᠠ ᠶᠢᠨ ᠲᠡᠷᠭᠡᠯ ᠤᠨ ᠪᠠᠶᠠᠷ ︽ᠬᠤᠤᠰ ᠪᠠᠶᠠᠷ︾ ᠤᠨ | ᠬᠤᠭᠤᠴᠠᠭᠠᠨ ᠳᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠲᠤᠰᠬᠠᠶ ᠬᠥᠮᠦᠨ | ᠳᠣᠭᠢᠷᠠᠭᠤᠯᠤᠨ ᠵᠢᠵᠢᠭᠦᠷᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃ | | | | | | | | | | | | | | | | |