ᠬᠤᠰᠢᠭᠤᠨ ᠤ ᠤᠳᠤᠷᠢᠳᠤᠯᠭ᠎ᠠ ︽ᠬᠤᠶᠠᠷ ᠪᠠᠶᠠᠷ︾ ᠤᠨ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020/10/18

   ᠣᠶᠢᠷ᠎ᠠ ᠳᠤ᠂ ᠳᠡᠳ᠋ ᠬᠤᠰᠢᠭᠤᠨ ᠳᠠᠷᠤᠭ᠎ᠠ ᠵᠠᠩ ᠬᠤᠸᠠ ᠮᠠᠨ ᠤ ᠬᠤᠰᠢᠭᠤᠨ ᠤ ᠪᠠᠷᠢᠯᠭ᠎ᠠ ᠶᠢᠨ ᠠᠵᠢᠯ ᠤᠨ

ᠭᠠᠵᠠᠷ ᠪᠠ ᠢᠯᠴᠢ ᠬᠠᠩᠭᠠᠬᠤ ᠠᠵᠤ ᠠᠬᠤᠶᠢᠯᠠᠯ ᠳᠤ ᠭᠦᠨᠵᠡᠭᠡᠶᠢᠷᠡᠨ᠂ ᠤᠯᠤᠰ ᠤᠨ ᠪᠠᠶᠠᠷ ᠵᠢᠴᠢ ᠨᠠᠢᠮᠠᠨ‌‍ᠰᠠᠷ᠎ᠠ ᠶᠢᠨ

ᠠᠷᠪᠠᠨ ᠲᠠᠪᠤᠨ ᠤ ᠪᠠᠶᠠᠷ ᠠᠴᠠ ᠡᠮᠦᠨᠡᠬᠢ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠶᠤᠯ ᠥᠬᠡᠶ

ᠦᠢᠯᠡᠳᠪᠦᠷᠢᠯᠡᠯ ᠤᠨ ᠠᠵᠢᠯ ᠢ ᠰᠢᠨᠵᠢᠯᠡᠨ ᠪᠠᠶᠢᠴᠠᠭᠠᠪᠠ᠃

   ᠵᠠᠩ ᠬᠤᠸᠠ ᠲᠤᠤ ᠬᠤᠸᠠ ᠶᠤᠸᠠᠨ ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠲᠤᠬᠠᠢ ᠶᠢᠨ

ᠲᠠᠯᠠᠪᠠᠶ᠂ ᠾᠧ ᠮᠧᠶ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠰᠢᠩ

ᠪᠦᠦ ᠱᠠᠩ ᠶᠤᠸᠠᠢ ᠵᠢᠤᠢ ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠰᠢᠶᠠᠨ

ᠶᠢᠩ ᠰᠧ ᠰᠦᠮ᠎ᠡ ᠶᠢᠨ ᠰᠡᠯᠪᠢᠨ ᠵᠠᠰᠠᠬᠤ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠴᠢᠨ ᠱᠦᠶ ᠸᠠᠨ ᠲᠣᠭᠤᠷᠢᠭ ᠤᠨ

ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠺᠤᠸᠠᠨ ᠵᠢᠩ ᠴᠢᠨ ᠶᠤᠸᠠᠨ ᠣᠷᠣᠨ

ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠶᠢᠨ ᠵᠢᠶᠠᠩ ᠴᠡᠴᠡᠷᠯᠢᠭ ᠤᠨ ᠣᠷᠣᠨ

ᠰᠠᠭᠤᠴᠠ ᠶᠢᠨ ᠲᠣᠭᠤᠷᠢᠭ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠹᠦ᠋ ᠯᠦᠩ ᠢᠯᠴᠢ ᠶᠢᠨ ᠬᠠᠩᠭᠠᠬᠤ ᠪᠠ

ᠯᠢᠶᠠᠨ ᠱᠧᠩ ᠨᠤᠭᠤᠰᠤ ᠨᠢᠲᠤᠯᠬᠤ ᠦᠢᠯᠡᠰ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠵᠡᠷᠭᠡ ᠭᠠᠵᠠᠷ ᠲᠤ

ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂

ᠲᠤᠬᠠᠶ ᠶᠢᠨ ᠲᠠᠯᠠᠪᠤᠷ ᠲᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠠᠷ ᠤᠨ ᠡᠳᠦᠷ ᠠᠴᠠ

ᠡᠮᠦᠨᠡᠬᠢ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ᠂ ᠢᠯᠴᠢ ᠬᠠᠩᠭᠠᠬᠤ ᠨᠥᠭᠡᠴᠡ ᠵᠡᠷᠭᠡ ᠠᠵᠢᠯ ᠳᠤ

ᠪᠠᠶᠢᠴᠠᠭᠠᠯᠲᠠ ᠬᠢᠪᠡ᠃

   ᠵᠠᠩ ᠬᠤᠸᠠ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠳᠤ ᠪᠠᠭ᠎ᠠ ᠶᠠᠪᠤᠳᠠᠯ ᠪᠠᠶᠢᠬᠤ ᠥᠬᠡᠶ᠃

︽ᠬᠥᠮᠦᠨ ᠢᠶᠠᠷ ᠦᠨᠳᠦᠰᠦ ᠪᠣᠯᠭᠠᠮᠤᠢ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠵᠠᠷᠴᠢᠮ ᠪᠣᠯ ᠠᠷᠠᠳ

ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠣᠶᠢᠯᠠᠭᠠᠭᠳᠠᠬᠤᠨ ᠢ  ᠦᠢᠯᠡᠳᠦᠯᠭᠡᠵᠢᠬᠦᠯᠬᠦ ᠦᠨᠳᠦᠰᠦᠨ

ᠱᠠᠭᠠᠷᠳᠠᠯᠭ᠎ᠠ ᠪᠣᠯᠤᠨ᠎ᠠ᠃ ᠡᠷᠬᠡᠪᠰᠢ ᠠᠮᠤᠷ ᠲᠦᠪᠰᠢᠨ ᠤ ᠤᠯᠠᠭᠠᠨ ᠱᠤᠭᠤᠮ ᠢ ᠴᠢᠩᠭ᠎ᠠ ᠡᠵᠡᠮᠳᠡᠵᠦ᠂ ᠮᠢᠨᠴᠦᠭᠦᠷᠡᠬᠦ

ᠦᠵᠡᠯ ᠰᠠᠨᠠᠭ᠎ᠠ ᠶᠢ ᠡᠷᠡᠰ ᠢᠯᠠᠨ ᠳᠠᠪᠠᠵᠤ᠂ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ

ᠲᠣᠭᠲᠠᠭᠤᠨ ᠢ ᠦᠨᠡᠨᠬᠦ ᠪᠠᠳᠤᠯᠠᠬᠤ ᠬᠡᠷᠡᠭᠲᠡᠶ᠃

   ᠢᠯᠴᠢ ᠬᠠᠩᠭᠠᠬᠤ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠵᠠᠩ ᠬᠤᠸᠠ ᠠᠵᠤ

ᠠᠬᠤᠶᠢᠯᠠᠯ ᠤᠨ ᠠᠶᠤᠯᠭᠦᠶ ᠦᠢᠯᠡᠳᠪᠦᠷᠢᠯᠡᠯ᠂ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠵᠢᠴᠢ ᠢᠯᠴᠢ ᠬᠠᠩᠭᠠᠬᠤ

ᠨᠡᠭᠦᠷᠡᠰᠦ  ᠬᠠᠳᠠᠭᠠᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠠᠩ ᠬᠤᠸᠠ ᠱᠠᠭᠠᠷᠳᠠᠭᠰᠠᠨ ᠨᠢ᠂ ᠢᠯᠴᠢ

ᠬᠠᠩᠭᠠᠬᠤ ᠨᠢ ᠲᠦᠭ ᠲᠦᠮᠡᠨ ᠠᠶᠢᠯ ᠡᠷᠦᠬᠡ ᠳᠤ ᠬᠤᠯᠪᠤᠭᠳᠠᠬᠤ ᠠᠰᠠᠭᠤᠳᠠᠯ ᠪᠤᠯᠬᠤᠷ ᠬᠠᠷᠢᠭᠤᠴᠠᠯᠭᠠᠳᠤ

ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠡᠪᠦᠯ ᠤᠨ

ᠤᠯᠠᠷᠢᠯ ᠤᠨ ᠳᠤᠯᠠᠭᠠᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号