ᠸᠠᠩ ᠤᠨ ᠣᠷᠳᠣᠨ ᠪᠠᠯᠭᠠᠰᠤᠨ ᠤ ᠬᠦᠳᠡᠭᠡ ᠲᠤᠰᠬᠤᠨ ᠤ ᠰᠤᠷᠲᠠᠯ ᠪᠣᠯᠪᠠᠰᠤᠨ ᠤ ᠠᠵᠢᠯ ᠤᠨ ᠲᠤᠬᠠᠶ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2020/11/14

   ᠤᠶᠢᠷ᠎ᠠ ᠶᠢᠨ ᠵᠢᠯ ᠳᠤ᠂ ᠸᠠᠩ ᠤᠨ ᠣᠷᠳᠣᠨ ᠪᠠᠯᠭᠠᠰᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ

ᠪᠠᠷᠢᠮᠵᠢᠶᠠᠵᠢᠯᠲᠠ ᠳᠦᠷᠢᠮᠵᠢᠭᠰᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠤ᠂

ᠨᠠᠮ ᠤᠨ ᠪᠠᠶᠢᠭᠤᠯᠤᠯᠲᠠ ᠪᠠᠷ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠠᠷᠠᠯᠲᠠ ᠪᠤᠯᠭᠠᠨ ︽

ᠭᠤᠷᠪᠠᠨ ᠭᠤᠷᠪᠠ ᠬᠤᠶᠠᠷ ᠨᠢᠭᠡ︾ ᠪᠠᠷ ᠭᠠᠷᠳᠠᠨ ᠬᠢᠬᠦ ᠴᠡᠭ ᠪᠣᠯᠭᠠᠵᠤ᠂ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠴᠢᠳᠠᠮᠵᠢ ᠪᠣᠯᠤᠨ ᠦᠢᠯᠡᠳᠦᠯ ᠢ ᠪᠠᠳᠠᠷᠠᠭᠤᠯᠬᠤ ᠶᠢ

ᠲᠤᠪᠤᠶᠢᠯᠭᠠᠵᠦ᠂ ᠨᠠᠮ ᠤᠨ ᠪᠠᠶᠢᠭᠤᠯᠤᠯᠲᠠ ᠴᠢᠩᠭ᠎ᠠ᠂ ᠡᠩᠨᠡᠭᠡ ᠴᠢᠩᠭ᠎ᠠ᠂ ᠠᠵᠢᠯ ᠦᠢᠯᠡᠰ ᠬᠦᠭᠵᠢᠭᠰᠡᠨ᠂ ᠵᠠᠰᠠᠯᠲᠠ

ᠰᠢᠯᠢᠳᠡᠭ᠂ ᠠᠷᠠᠳ ᠤᠨ ᠰᠤᠷᠲᠠᠯ ᠰᠠᠶᠢᠨ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠲᠦᠯᠦᠪ ᠪᠠᠶᠢᠳᠠᠯ ᠢ

ᠨᠢᠭᠡᠨᠲᠡ ᠠᠩᠬ᠎ᠠ ᠠᠯᠬᠤᠮ ᠪᠠᠶᠢᠭᠤᠯᠪᠠ᠃

   ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠳᠤ ᠶᠢ ᠳᠠᠭᠠᠭᠤᠯᠤᠨ᠎ᠠ᠃ ᠾᠧᠢ ᠱᠠᠨ ᠭᠸᠦ ᠲᠣᠰᠬᠤᠨ ᠨᠢ

ᠨᠠᠮ ᠤᠨ ᠪᠠᠶᠢᠭᠤᠯᠤᠯᠲᠠ ᠪᠠᠷ ᠲᠠᠶᠢᠴᠢᠯᠠᠬᠤ ᠶᠢ ᠴᠢᠩᠭᠠᠳᠬᠠᠵᠤ᠂ ᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂

ᠨᠠᠮ ᠤᠨ ᠭᠡᠰᠢᠭᠦᠨ ᠤ  ᠦᠢᠯᠡᠳᠦᠯ ᠢ ᠪᠠᠳᠠᠷᠠᠭᠤᠯᠤᠨ᠂ ᠪᠦᠬᠦ ᠲᠣᠰᠬᠤᠨ ᠤ ᠥᠪᠡᠷᠲᠡᠭᠡᠨ ᠵᠠᠰᠠᠬᠤ᠂ ᠶᠣᠰᠣ

ᠮᠣᠷᠠᠯ ᠢᠶᠠᠷ ᠵᠠᠰᠠᠬᠤ ᠪᠠ ᠬᠠᠤᠯᠢ ᠪᠠᠷ ᠵᠠᠰᠠᠬᠤ ᠠᠬᠢᠴᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃

   ᠵᠢᠷᠤᠮᠯᠠᠬᠤ ᠳᠦᠷᠢᠮ ᠢ ᠵᠢᠤᠮᠯᠠᠨ᠂ ᠳᠦᠷᠢᠮ ᠢ ᠤᠷᠢᠳ ᠢᠶᠠᠷ ᠲᠤᠭᠳᠠᠭᠠᠬᠤ ᠬᠡᠷᠡᠭᠲᠡᠢ᠃ ᠨᠠᠮ ᠤᠨ ᠵᠣᠬᠢᠶᠠᠨ

ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠨᠠᠮ ᠤᠨ ᠣᠯᠠᠨ ᠲᠦᠮᠡᠨ ᠤ ᠰᠠᠭᠤᠷᠢ ᠶᠢ ᠪᠠᠬᠢᠵᠢᠭᠦᠯᠬᠦ

ᠶᠠᠪᠤᠳᠠᠯ ᠢ ︽ᠭᠤᠷᠪᠠ ᠶᠢ ᠵᠠᠰᠠᠬᠤ ᠠᠭᠤᠰᠤᠯᠴᠠᠯ︾ ᠲᠤᠮᠳᠠ ᠢᠮᠠᠭᠲᠠ ᠲᠤᠤᠱᠯᠠᠭᠤᠯᠬᠤ ᠬᠡᠷᠡᠭᠲᠡᠶ ᠶᠤᠮ᠃

ᠨᠠᠮ ᠤᠨ ᠡᠭᠦᠷ ᠤᠨ ᠠᠵᠢᠯ ᠤᠨ ︽ᠭᠤᠷᠪᠠᠨ ᠭᠤᠷᠪᠠ ᠬᠤᠶᠠᠷ ᠨᠢᠭᠡ︾ ᠶᠢᠨ ᠠᠵᠢᠯ ᠤᠨ ᠳᠦᠷᠢᠮ᠂ ᠭᠤᠷᠪᠠᠨ

ᠶᠠᠪᠤᠳᠠᠯ ᠢ ᠢᠯᠡ ᠪᠣᠯᠭᠠᠬᠤ ᠳᠦᠷᠢᠮ᠂ ︽ᠨᠢᠭᠡ ᠪᠣᠯᠵᠤᠭ᠎ᠠ ᠳᠥᠷᠪᠡᠨ ᠬᠤᠷᠠᠯ︾ ᠤᠨ ᠳᠦᠷᠢᠮ ᠵᠡᠷᠭᠡ ᠶᠢ ᠤᠯᠠᠮ

ᠨᠢᠭᠡ ᠠᠯᠬᠤᠮ  ᠲᠡᠭᠦᠯᠳᠡᠷᠵᠢᠬᠦᠯᠦᠨ᠂ ᠣᠯᠠᠨ ᠲᠦᠮᠡᠨ ᠤ ᠢᠡᠳᠡᠭᠡᠯ᠂ ᠨᠠᠶᠢᠳᠠᠯᠭ᠎ᠠ᠂ ᠤᠷᠤᠯᠴᠠᠯᠭ᠎ᠠ᠂ ᠲᠡᠮᠵᠢᠯᠭᠡ ᠶᠢ

ᠤᠯᠬᠤ ᠬᠡᠷᠡᠭᠲᠡᠶ᠃

   ᠠᠴᠢᠶᠠᠯᠠᠪᠤᠷᠢ ᠶᠢᠨ ᠨᠡᠶᠢᠯᠡᠮᠡᠯ ᠬᠦᠴᠦᠨ ᠢ ᠪᠠᠶᠠᠯᠢᠭᠵᠢᠭᠤᠯᠤᠨ᠎ᠠ᠃ ᠲᠣᠰᠬᠤᠨ ᠤ ᠨᠠᠮ ᠤᠨ ᠵᠣᠬᠢᠶᠠᠨ

ᠪᠠᠶᠢᠭᠤᠯᠤᠯᠲᠠ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠬᠡᠪ ᠰᠤᠷᠲᠠᠯ ᠤᠨ

ᠪᠣᠯᠪᠠᠰᠤᠨ ᠤ ᠪᠠᠶᠢᠭᠤᠯᠤᠯᠲᠠ ᠪᠠ ᠰᠦᠯᠵᠢᠶᠡᠵᠢᠭᠦᠯᠦᠨ ᠵᠠᠰᠠᠬᠤ ᠶᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ᠂

ᠨᠡᠶᠢᠭᠡᠮ ᠤᠨ ᠪᠠᠲᠤᠯᠠᠭ᠎ᠠ᠂ ᠶᠡᠷᠦᠩᠬᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠷᠠᠳ ᠲᠤ

ᠲᠥᠬᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠪᠠᠷ ᠵᠠᠰᠠᠯᠲᠠ ᠪᠠ ᠦᠢᠯᠡᠴᠢᠯᠡᠭᠡ ᠶᠢᠨ ᠬᠢᠷᠢ ᠲᠦᠪᠰᠢᠨ ᠢ ᠪᠥᠬᠦ

ᠲᠠᠯ᠎ᠠ ᠪᠠᠷ ᠳᠡᠭᠡᠭᠰᠢᠯᠡᠭᠦᠯᠪᠠ᠃ ᠲᠣᠤᠷ ᠰᠦᠯᠵᠢᠶᠡᠴᠡ ᠳᠤ ᠨᠠᠮ ᠤᠨ ᠭᠡᠰᠢᠭᠦᠨ ᠪᠣᠯᠤᠨ ᠶᠠᠳᠠᠭᠤ ᠬᠦᠴᠢᠷᠲᠡᠶ ᠡᠷᠦᠬᠡ᠂

ᠶᠠᠳᠠᠭᠤ ᠬᠦᠴᠢᠷᠳᠡᠯᠳᠡᠢ ᠨᠠᠮ ᠤᠨ ᠭᠡᠰᠢᠭᠦᠨ ᠵᠡᠷᠭᠡ ᠪᠠᠭᠤᠷᠠᠶ ᠬᠥᠮᠦᠰ ᠤᠨ ᠨᠢᠭᠡ ᠶᠢ ᠨᠢᠭᠡ ᠶᠢ ᠬᠠᠪᠰᠤᠷᠬᠤ᠂

ᠨᠢᠭᠡ ᠶᠢ ᠨᠢᠭᠡ ᠶᠢ ᠪᠠᠨ ᠬᠠᠷᠠᠭᠠᠯᠵᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠪᠣᠯᠤᠨ ᠣᠯᠠᠨ ᠲᠦᠮᠡᠨ ᠭᠠᠷ

ᠬᠤᠯᠪᠣᠯᠴᠠᠭᠰᠠᠨ᠂ ᠺᠠᠳ᠋ᠷ ᠪᠣᠯᠤᠨ ᠣᠯᠠᠨ ᠲᠦᠮᠡᠨ ᠬᠠᠷᠢᠯᠴᠠᠨ ᠬᠥᠳᠡᠯᠦᠯᠴᠡᠭᠰᠡᠨ᠂ ᠥᠷᠭᠡᠨ ᠳᠡᠯᠭᠡᠷ ᠣᠷᠣᠯᠴᠠᠭᠰᠠᠨ

ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠡᠶ᠃

   ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ᠂ ᠾᠧᠢ ᠱᠠᠨ ᠭᠸᠦ ᠲᠣᠰᠬᠤᠨ ᠨᠤᠲᠤᠭ ᠤᠨ ᠰᠤᠷᠲᠠᠯ

ᠪᠣᠯᠪᠠᠰᠤᠨ ᠤ ᠪᠠᠶᠢᠭᠤᠯᠤᠯᠲᠠ ᠥᠷᠨᠢᠭᠦᠨ ᠬᠥᠭᠵᠢᠩᠭᠦᠢ ᠶᠠᠪᠤᠭᠳᠠᠪᠠ᠃ ᠪᠠᠶᠠᠷ ᠪᠠᠶᠠᠰᠤᠯ ᠬᠦᠷᠭᠡᠬᠦ᠂ ᠬᠤᠪᠢᠷᠠᠯᠲᠠ ᠶᠢ

ᠦᠵᠡᠬᠦ᠂ ᠬᠥᠮᠦᠰ ᠤᠨ ᠰᠡᠳᠬᠢᠯ ᠢ ᠲᠥᠪᠯᠡᠷᠡᠭᠦᠯᠬᠦ ᠪᠠᠷ ᠭᠤᠤᠯ ᠵᠣᠷᠢᠯᠲᠠ ᠪᠣᠯᠭᠠᠭᠰᠠᠨ ︽ᠲᠠᠷᠢᠶᠠᠴᠢᠳ ᠤᠨ

ᠰᠣᠶᠣᠯ ᠤᠨ ᠨᠠᠶᠢᠷ︾ ᠢ ᠵᠢᠯ ᠪᠦᠷᠢ ᠨᠢᠭᠡ ᠤᠳᠠᠭ᠎ᠠ ᠡᠷᠬᠢᠯᠡᠨ᠂ ᠰᠡᠳᠬᠢᠯ ᠢ ᠨᠢᠭᠲᠠᠷᠠᠭᠤᠯᠤᠨ ᠬᠦᠴᠦ ᠪᠠᠨ

ᠬᠠᠮᠲᠤᠳᠬᠠᠭᠰᠠᠨ ᠬᠥᠭᠵᠢᠯᠲᠡ ᠶᠢᠨ ᠲᠠᠪᠴᠠᠩ᠂ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠦᠢᠯᠡᠳᠦᠯᠴᠡᠭᠡᠨ ᠤ

ᠲᠠᠪᠴᠠᠩ ᠪᠤᠯᠭᠠᠵᠤ᠂ ᠣᠯᠠᠨ ᠲᠦᠮᠡᠨ ᠤ ᠮᠠᠭᠲᠠᠭᠠᠯ ᠢ ᠶᠡᠬᠡᠳᠡ ᠣᠯᠪᠠ᠃

   ᠣᠯᠠᠨ ᠵᠢᠯ ᠤᠨ ᠴᠢᠷᠮᠠᠶᠢᠯᠭ᠎ᠠ ᠪᠠ ᠦᠢᠯᠡᠳᠦᠯᠭᠡ ᠨᠢ ᠾᠧᠢ ᠱᠠᠨ ᠭᠧᠦ ᠲᠣᠰᠬᠤᠨ ᠲᠣᠰᠬᠤᠨ ᠤ ᠰᠤᠷᠲᠠᠯ

ᠪᠣᠯᠪᠠᠰᠤᠨ ᠤ ᠪᠠᠶᠢᠭᠤᠯᠤᠯᠲᠠ ︽ᠥᠪᠡᠷᠲᠡᠭᠡᠨ ᠵᠠᠰᠠᠬᠤ᠂ ᠮᠣᠷᠠᠯ ᠢᠶᠠᠷ ᠵᠠᠰᠠᠬᠤ᠂ ᠬᠠᠤᠯᠢ ᠪᠠᠷ ᠵᠠᠰᠠᠬᠤ︾ ᠠᠭᠤᠷ

ᠠᠮᠢᠰᠬᠤᠯ ᠠᠩᠬ᠎ᠠ ᠠᠯᠬᠤᠮ ᠪᠦᠷᠢᠯᠳᠦᠬᠦᠯᠵᠦ᠂ ᠤᠷᠢᠳ ᠬᠤᠵᠢᠳ ᠪᠦᠬᠦ ᠤᠯᠤᠰ ᠤᠨ ᠠᠮᠢ ᠠᠬᠤᠢ ᠶᠢᠨ

ᠰᠣᠶᠣᠯ ᠤᠨ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ

ᠵᠣᠬᠢᠶᠠᠨ ᠪᠠᠶᠢᠭᠤᠯᠤᠯᠲᠠ᠂ ᠤᠯᠠᠭᠠᠨᠬᠠᠳᠠ ᠬᠤᠳᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠳᠠ ᠵᠡᠷᠭᠡ ᠡᠯ᠎ᠡ ᠲᠦᠷᠦᠯ ᠤᠨ ᠢᠷᠠᠭᠤ ᠠᠯᠳᠠᠷ ᠢ ᠬᠦᠷᠳᠡᠵᠦ᠂ ᠸᠠᠩ ᠤᠨ ᠣᠷᠳᠣᠨ ᠪᠠᠯᠭᠠᠰᠤ ᠶᠢᠨ

ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠪᠣᠯᠵᠠᠶ᠃

   ᠾᠧᠢ ᠱᠠᠨ ᠭᠸᠤ ᠲᠣᠰᠬᠤᠨ ᠪᠣᠯ ᠸᠠᠩ ᠤᠨ ᠣᠷᠳᠣᠨ ᠪᠠᠯᠭᠠᠰᠤ ᠶᠢᠨ ᠬᠦᠳᠡᠭᠡ ᠲᠤᠰᠬᠤᠨ ᠤ ᠰᠤᠷᠲᠠᠯ

ᠪᠣᠯᠪᠠᠰᠤᠨ ᠤ ᠪᠠᠶᠢᠭᠤᠯᠤᠯᠳᠠ ᠶᠢᠨ ᠬᠤᠷᠢᠶᠠᠩᠭᠤᠢ ᠳᠦᠷᠰᠦ ᠪᠣᠯᠤᠨ᠎ᠠ᠃ ᠰᠠᠶᠢᠨ ᠰᠠᠶᠢᠬᠠᠨ ᠣᠶᠤᠨ ᠰᠠᠨᠠᠭᠠᠨ ᠤ

ᠳᠦᠷᠰᠦ  ᠪᠠᠶᠢᠳᠠᠯ᠂ ᠭᠤᠶᠤ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠨᠢ ᠨᠢᠭᠡᠨᠲᠡ ᠸᠠᠩ ᠤᠨ

ᠣᠷᠳᠣᠨ ᠤ ᠪᠠᠯᠭᠠᠰᠤᠨ ᠤ ᠨᠤᠲᠤᠭ ᠤᠨ ᠰᠤᠷᠲᠠᠯ ᠪᠣᠯᠪᠠᠰᠤᠨ ᠤ ᠪᠠᠶᠢᠭᠤᠯᠤᠯᠲᠠ ᠶᠢᠨ ᠭᠤᠶᠤ ᠰᠠᠶᠢᠬᠠᠨ ᠨᠡᠷ᠎ᠡ ᠶᠢᠨ

ᠬᠠᠭᠤᠳᠠᠰᠤ ᠪᠣᠯᠵᠠᠢ︕

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号