ᠬᠠᠷᠠᠴᠢᠨ ᠬᠤᠰᠢᠭᠤᠨ ᠤ ᠨᠢᠤ ᠵᠢᠶᠠ ᠶᠢᠩᠽᠢ ᠪᠠᠯᠭᠠᠰᠤᠨ ᠤ ᠬᠢᠲᠠᠳ ᠡᠮ ᠤᠨ ᠮᠠᠲ᠋ᠧᠷᠢᠶᠠᠯ ᠡᠯᠪᠡᠭ ᠬᠤᠷᠢᠶᠠᠯᠲᠠ ᠤᠯᠤᠯ᠎ᠠ
ᠨᠡᠶᠢᠲᠡᠯᠡᠭᠰᠡᠨ ᠴᠠᠭ᠄
2020/11/14

   2020 ᠣᠨ ᠳᠤ᠂ ᠬᠠᠷᠠᠴᠢᠨ ᠬᠤᠰᠢᠭᠤᠨ ᠤ ᠨᠢᠦ ᠵᠢᠶᠠ ᠶᠢᠩᠽᠢ ᠪᠠᠯᠭᠠᠰᠤᠨ ᠤ ᠬᠢᠲᠠᠳ ᠡᠮ ᠤᠨ

ᠮᠠᠲ᠋ᠧᠷᠢᠶᠠᠯ ᠡᠯᠪᠡᠭ ᠬᠤᠷᠢᠶᠠᠯᠳᠠ ᠤᠯᠤᠯ᠎ᠠ᠃ ᠨᠢᠤ ᠵᠢᠶᠠ ᠶᠢᠩᠽᠢ ᠪᠠᠯᠭᠠᠰᠤᠨ ᠳᠤ ᠤᠴᠢᠬᠤ ᠳᠤ᠂ ᠡᠮ ᠲᠠᠷᠢᠭᠰᠠᠨ

ᠲᠠᠷᠢᠶᠠᠴᠢᠳ ᠶᠠᠭ ᠲᠠᠷᠢᠶᠠᠨ ᠳᠡᠭᠡᠷ᠎ᠡ ᠡᠮ ᠮᠠᠯᠲᠠᠵᠤ ᠪᠠᠶᠢᠯ᠎ᠠ᠃ ᠬᠡᠳᠦᠨ ᠲᠣᠰᠬᠤᠨ ᠤ ᠠᠷᠠᠳ ᠬᠥᠷᠥᠰᠥᠨ ᠳᠠᠬᠢ

ᠬᠤᠩᠬᠤᠨ ᠴᠡᠴᠡᠭ ᠢ ᠲᠡᠭᠦᠵᠦ ᠴᠤᠭᠯᠠᠭᠤᠯᠤᠨ ᠲᠠᠯᠪᠢᠬᠤ ᠳᠤ ᠬᠤᠶᠢᠨ᠎ᠠ ᠠᠴᠠ ᠶᠠᠪᠤᠵᠤ ᠪᠠᠶᠢᠭ᠎ᠠ ᠲᠣᠰᠬᠤᠨ ᠤ

ᠠᠷᠠᠳ  ᠬᠤᠩᠬᠤᠨ ᠴᠡᠴᠡᠭ ᠢ ᠤᠭᠤᠲᠠᠨ ᠳᠤ ᠬᠢᠵᠦ ᠪᠢᠳᠡᠭᠦᠮᠵᠢᠯᠡᠵᠦ ᠪᠠᠶᠢᠯ᠎ᠠ᠂ ᠬᠥᠮᠦᠨ ᠮᠠᠰᠢᠨ ᠵᠡᠷᠭᠡᠪᠡᠷ

ᠬᠦᠳᠡᠯᠦᠯᠴᠡᠨ᠂ ᠨᠢᠭᠡ ᠯᠡ ᠤᠳᠠᠭ᠎ᠠ ᠪᠠᠷ ᠡᠮ ᠤᠨ ᠮᠠᠲ᠋ᠧᠷᠢᠶᠠᠯ  ᠢᠶᠠᠨ ᠬᠤᠷᠢᠶᠠᠨ ᠠᠪᠴᠤ ᠪᠠᠶᠢᠪᠠ᠃

   ᠲᠣᠰᠬᠤᠨ ᠤ ᠠᠷᠠᠳ ᠰᠦᠩ ᠷᠦᠶ ᠯᠢ ᠶᠢᠨ ᠬᠢ ᠪᠣᠯ ᠨᠢᠦ ᠵᠢᠶᠠ ᠶᠢᠩᠽᠢ ᠪᠠᠯᠭᠠᠰᠤᠨ ᠤ ᠨᠢᠦ ᠵᠢᠶᠠ ᠶᠢᠩᠽᠢ

ᠲᠣᠰᠬᠤᠨ ᠤ ᠨᠡᠶᠢᠲᠡ ᠳᠤ ᠮᠡᠳᠡᠷᠡᠭᠳᠡᠭᠰᠡᠨ ᠴᠢᠳᠠᠪᠤᠷᠢᠲᠠᠨ ᠪᠣᠯᠤᠨ᠎ᠠ᠃ ᠠᠷᠪᠠᠨ ᠬᠡᠳᠦᠨ ᠮᠦ ᠡᠮ ᠤᠨ

ᠮᠠᠲ᠋ᠧᠷᠢᠶᠠᠯ ᠤᠨ ᠬᠤᠷᠢᠶᠠᠯᠲᠠ ᠶᠢ ᠪᠦᠷ ᠬᠤᠶᠠᠷᠬᠠᠨ ᠬᠢᠵᠦ ᠪᠠᠶᠢᠳᠠᠭ᠃ ᠰᠤᠷᠪᠤᠯᠵᠢᠯᠠᠭᠴᠢ ᠲᠡᠳᠡᠨ ᠲᠠᠢ ᠠᠭᠤᠯᠵᠠᠬᠤ

ᠣᠶᠢᠶ᠎ᠠ ᠳᠤ᠂ ᠡᠷ᠎ᠡ ᠡᠮ᠎ᠡ ᠬᠤᠶᠠᠭᠤᠯᠠ ᠶᠠᠭ ᠦᠬᠡᠷ ᠤᠨ ᠡᠪᠦᠳᠦᠭ ᠢᠶᠠᠨ ᠮᠠᠯᠲᠠᠵᠤ ᠪᠠᠶᠢᠵᠠᠶ᠃ ᠡᠷ᠎ᠡ ᠨᠥᠬᠦᠷ ᠨᠢ

ᠡᠮ ᠤᠨ ᠰᠡᠷᠡᠭᠡ ᠪᠠᠷ ᠦᠬᠡᠷ ᠤᠨ ᠡᠪᠦᠳᠦᠭ ᠢᠶᠠᠨ ᠤᠷᠪᠠᠭᠤᠯᠵᠤ ᠭᠠᠷᠭᠠᠬᠤ ᠶᠢ ᠬᠠᠷᠢᠭᠤᠴᠠᠳᠠᠭ᠂ ᠰᠦᠩ ᠷᠦᠢ ᠯᠢ

ᠬᠠᠷᠢᠨ ᠬᠥᠷᠥᠰᠥᠨ ᠳᠣᠲᠣᠷᠠᠬᠢ ᠰᠢᠷᠪᠦᠰᠦᠨ ᠦᠨᠳᠦᠰᠦ ᠢᠶᠠᠨ ᠲᠡᠭᠦᠵᠦ ᠠᠪᠤᠭᠠᠳ ᠳᠡᠯᠭᠡᠵᠦ ᠪᠠᠶᠢᠪᠠ᠃

    ᠬᠤᠷᠰᠢᠶᠠᠨ ᠤ ᠳᠠᠭᠠᠭᠠᠮᠠᠯ ᠯᠢᠦ ᠽᠢ ᠰᠢᠶᠤᠤ ᠰᠤᠷᠪᠤᠯᠵᠢᠯᠠᠭᠴᠢ ᠳᠤ᠄ ︽ᠮᠠᠨ ᠤ ᠬᠤᠷᠰᠢᠶ᠎ᠠ ᠲᠠᠪᠤᠳᠤᠭᠠᠷ

ᠰᠠᠷ᠎ᠠ ᠶᠢᠨ ᠦᠶ᠎ᠡ ᠳᠤ ᠭᠡᠰᠢᠭᠦᠳ ᠲᠠᠢ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠪᠠ᠃ 1

— 10 ᠳ᠋ᠤᠭᠠᠷ ᠰᠠᠷ᠎ᠠ ᠠᠴᠠ ᠦᠵᠡᠪᠡᠯ᠂ ᠡᠨᠡ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢᠳᠤᠨᠤᠨ ᠤ ᠠᠳᠠᠯᠢ

ᠬᠤᠭᠤᠴᠠᠭᠠᠨ ᠤ ᠬᠢ ᠠᠴᠠ 25% ᠪᠠᠷ ᠨᠡᠮᠡᠭᠳᠡᠵᠡᠶ᠃ 2019 ᠣᠨ ᠤ ᠬᠢ ᠠᠴᠠ 32% — 33%

ᠣᠷᠴᠢᠮ ᠨᠡᠮᠡᠭᠳᠡᠵᠦ ᠴᠢᠳᠠᠨ᠎ᠠ᠃ ᠬᠤᠷᠰᠢᠶ᠎ᠠ ᠶᠢᠨ ᠬᠢᠨ ᠴᠦ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠠᠷᠠᠳ

ᠣᠯᠠᠨ ᠤ ᠡᠮ ᠤᠨ ᠦᠨ᠎ᠡ ᠪᠣᠯᠤᠨ ᠪᠤᠷᠤᠯᠠᠭᠤᠯᠭ᠎ᠠ ᠶᠢᠨ ᠵᠠᠮ ᠳᠤ ᠨᠠᠩ ᠶᠡᠭᠡ ᠪᠠᠲᠤᠯᠠᠭ᠎ᠠ ᠣᠯᠭᠤᠵᠤ ᠪᠠᠶᠢᠨ᠎ᠠ︾

ᠭᠡᠵᠦ ᠪᠠᠶᠢᠪᠠ᠃

    ︽ᠪᠢ ᠪᠣᠯ ᠨᠢᠤ ᠵᠢᠶᠠ ᠶᠢᠩᠽᠢ ᠪᠠᠯᠭᠠᠰᠤᠨ ᠤ ᠬᠥᠮᠦᠨ᠂ ᠬᠢᠲᠠᠳ ᠮᠣᠩᠭᠤᠯ ᠬᠢᠲᠠᠳ ᠡᠮ ᠤᠨ ᠮᠠᠲ᠋ᠧᠷᠢᠶᠠᠯ

ᠬᠤᠳᠠᠯᠳᠤᠨ ᠠᠪᠬᠤ ᠪᠣᠷᠣᠯᠠᠭᠤᠯᠬᠤ ᠠᠵᠢᠯ ᠬᠢᠭᠡᠳ ᠨᠢᠭᠡᠨᠲᠡ ᠠᠷᠪᠠ ᠭᠠᠷᠤᠢ ᠵᠢᠯ ᠪᠣᠯᠵᠤ᠂ ᠭᠤᠣᠯᠳᠠᠭᠤ ᠬᠤᠩᠬᠤᠨ

ᠴᠡᠴᠡᠭ ᠴᠠᠭᠠᠨ ᠴᠠᠭᠠᠨ ᠪᠣᠯᠤᠨ ᠰᠢᠷᠪᠦᠰᠦᠨ ᠦᠨᠳᠦᠰᠦ ᠶᠢ ᠬᠤᠷᠢᠶᠠᠬᠤ ᠪᠠᠷ ᠭᠤᠤᠯ ᠪᠤᠯᠭᠠᠪᠠ᠃ ᠡᠨᠡ ᠵᠢᠯ ᠤᠨ

ᠬᠤᠩᠬᠤᠨ ᠴᠡᠴᠡᠭ ᠤᠨ ᠦᠨ᠎ᠡ ᠨᠢ ᠨᠢᠳᠤᠨᠤᠨ ᠠᠴᠠ ᠵᠢᠭᠠᠬᠠᠨ ᠳᠣᠣᠷ᠎ᠠ ᠪᠣᠯᠪᠠᠴᠤ ᠭᠠᠷᠤᠯᠲᠠ ᠨᠢ ᠵᠦᠭᠡᠷ᠂

ᠳᠤᠮᠳᠠᠴᠢ ᠪᠠᠷ ᠨᠢᠭᠡ ᠵᠢᠯ ᠳᠥᠷᠪᠡᠨ ᠮᠢᠩᠭᠠᠨ ᠲᠥᠭᠦᠷᠢᠭ ᠤᠨ ᠣᠷᠣᠯᠭ᠎ᠠ ᠲᠠᠢ᠃︾ ᠭᠡᠵᠦ ᠯᠢ ᠶᠦᠨ ᠯᠦᠩ

ᠰᠤᠷᠪᠤᠯᠵᠢᠯᠠᠭᠴᠢ ᠳᠤ ᠬᠡᠯᠡᠪᠡ᠃

     ᠬᠠᠷᠠᠴᠢᠨ ᠬᠤᠰᠢᠭᠤᠨ ᠤ ᠨᠢᠤ ᠵᠢᠶᠠ ᠶᠢᠩᠽᠢ ᠪᠠᠯᠭᠠᠰᠤ ᠨᠢ ᠤᠤᠯ ᠠᠴᠠ ᠪᠠᠨ ︽ᠬᠢᠲᠠᠳ ᠡᠮ ᠤᠨ

ᠮᠠᠲ᠋ᠧᠷᠢᠶᠠᠯ ᠤᠨ ᠨᠤᠲᠤᠭ︾ ᠭᠡᠰᠡᠨ ᠰᠠᠶᠢᠬᠠᠨ ᠠᠯᠳᠠᠷᠲᠠᠶ ᠶᠤᠮ᠃ ᠨᠢᠭᠡᠨᠲᠡ 300 ᠭᠠᠷᠤᠶ ᠵᠢᠯ ᠤᠨ ᠬᠢᠲᠠᠳ

ᠮᠣᠩᠭᠤᠯ ᠡᠮ ᠤᠨ ᠮᠠᠲ᠋ᠧᠷᠢᠶᠠᠯ ᠳᠠᠷᠢᠬᠤ ᠲᠡᠤᠬᠡ ᠲᠠᠢ ᠪᠣᠯᠵᠠᠶ᠃ ᠣᠳᠣᠬᠠᠨ ᠳᠤ᠂ ᠨᠢᠤ ᠵᠢᠶᠠ ᠶᠢᠩᠽᠢ

ᠪᠠᠯᠭᠠᠰᠤᠨ ᠤ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠲᠤ ᠭᠤᠣᠯᠳᠠᠭᠤ ᠤᠮᠠᠷᠠᠲᠤ ᠡᠯᠡᠰᠦᠨ ᠣᠷᠬᠤᠳᠠᠢ᠂

ᠬᠤᠩᠬᠤᠨ ᠴᠡᠴᠡᠭ᠂ ᠰᠦᠨ ᠣᠷᠬᠤᠳᠠᠢ᠂ ᠬᠤᠨᠴᠢᠷ᠂ ᠰᠢᠷᠪᠦᠰᠦᠨ ᠦᠨᠳᠦᠰᠦ᠂  ᠬᠦᠬᠦᠷᠭᠡᠨ᠎ᠡ ᠶᠢᠨ ᠦᠨᠳᠦᠰᠦ᠂

ᠪᠡᠷᠢᠮᠦᠭ᠂ ᠰᠢᠷ᠎ᠠ ᠬᠤᠨᠴᠢᠷ ᠵᠡᠷᠭᠡ 20 ᠭᠠᠷᠤᠢ ᠵᠦᠢᠯ ᠤᠨ ᠲᠠᠷᠢᠮᠠᠯ ᠢ ᠲᠠᠷᠢᠵᠤ᠂ ᠦᠢᠯᠡᠳᠪᠦᠷᠢᠯᠡᠭᠰᠡᠨ ᠡᠯᠡᠰᠦᠨ

ᠣᠷᠬᠤᠳᠠᠢ᠂ ᠬᠤᠩᠬᠤᠨ ᠴᠡᠴᠡᠭ ᠨᠢ ᠡᠮ ᠤᠨ ᠪᠠᠶᠢᠴᠠᠭᠠᠯᠲᠠ ᠶᠢᠨ ᠰᠠᠯᠠᠭ᠎ᠠ ᠮᠥᠴᠢᠷ ᠵᠢᠴᠢ ᠬᠤᠳᠠᠯᠳᠤᠭᠠᠴᠢᠳ ᠤᠨ

ᠰᠠᠶᠢᠨ ᠦᠨᠡᠯᠡᠯᠲᠡ ᠶᠢ ᠣᠯᠵᠦ᠂ ᠤᠯᠤᠰ ‍ᠦᠨ‌‍ᠲ᠋ᠣᠲᠣᠭᠠᠳᠤ ᠭᠠᠳᠠᠭᠠᠳᠤ ᠶᠢᠨ ᠡᠮ ᠤᠨ ᠦᠢᠯᠡᠰ ᠤᠨ ᠵᠠᠬ᠎ᠠ

ᠳᠡᠯᠭᠡᠭᠦᠷ ᠲᠤ ᠨᠥᠯᠥᠭᠡᠯᠡᠬᠦ ᠬᠦᠴᠦᠨ ᠨᠡᠯᠢᠶᠡᠳ ᠶᠡᠭᠡ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号