ᠮᠡᠶᠢᠷᠡᠨ ᠪᠠᠯᠭᠠᠰᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/24

   ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ

ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ

ᠮᠠᠶᠢᠷᠠᠨ ᠪᠠᠯᠭᠠᠰᠤᠨ ᠳᠤ ᠬᠦᠷᠴᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠪᠠᠬᠢ ᠴᠣᠭᠴᠠᠯᠠᠬᠤ︾ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃

   ᠤᠬᠠᠭᠤᠯᠤᠨ ᠲᠠᠶᠢᠯᠪᠤᠷᠢᠯᠠᠬᠤ ᠬᠤᠷᠠᠯ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠶ᠎ᠠ︾ ᠪᠣᠯᠤᠨ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠡᠷᠬᠢᠯᠡᠬᠦ ᠲᠤᠬᠠᠶ

ᠶᠠᠷᠢᠭᠰᠠᠨ︾ ᠭᠡᠬᠦ ᠨᠣᠮ ᠤᠨ ᠭᠤᠷᠪᠠᠳᠤᠭᠠᠷ ᠪᠣᠳᠢ ᠶᠢᠨ ᠵᠢᠯᠣᠭᠤᠳᠤᠨ ᠤᠩᠰᠢᠬᠤ ᠬᠤᠶᠠᠷ ᠭᠤᠤᠯ ᠰᠡᠳᠦᠪ ᠤᠨ

ᠲᠣᠭᠤᠷᠢᠨ ᠳᠤ  ᠭᠦᠨᠵᠡᠭᠡᠢ ᠪᠥᠭᠡᠳ ᠣᠶᠢᠯᠠᠭᠠᠮᠵᠢᠲᠠᠶ ᠪᠦᠭᠡᠳ ᠪᠦᠬᠦ ᠲᠠᠯ᠎ᠠ ᠪᠠᠷ ᠨᠠᠷᠢᠯᠢᠭ ᠰᠠᠶᠢᠬᠠᠨ ᠲᠠᠶᠢᠯᠪᠤᠷᠢᠯᠠᠯ

ᠬᠢᠵᠡᠶ᠃ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠠᠶᠠᠯᠢᠭ᠂ ᠣᠨᠣᠯ ᠪᠠ ᠲᠥᠷᠥ ᠶᠢᠨ ᠪᠣᠳᠣᠯᠭ᠎ᠠ ᠲᠣᠳᠣᠷᠬᠠᠶ

ᠪᠠᠶᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ᠂ ᠪᠦᠷᠢᠨ ᠪᠦᠲᠦᠨ᠂ ᠰᠢᠰᠲ᠋ᠧᠮ ᠲᠠᠢ ᠣᠶᠢᠯᠠᠭᠠᠬᠤ ᠳᠤ ᠮᠠᠰᠢ ᠴᠢᠩᠭ᠎ᠠ

ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠡᠷᠬᠢᠯᠡᠬᠦ ᠲᠤᠬᠠᠶ

ᠶᠠᠷᠢᠭᠰᠠᠨ ᠨᠢ︾ ︵ᠭᠤᠷᠪᠠᠳᠤᠭᠠᠷ ᠪᠣᠲᠢ︶ ᠶᠢ ᠤᠯᠠᠮ ᠨᠢᠭᠡ ᠠᠯᠬᠤᠮ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ

᠂ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠳᠤ ᠮᠠᠰᠢ ᠴᠢᠩᠭ᠎ᠠ  ᠵᠢᠯᠤᠭᠤᠳᠬᠤ

ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠶᠤᠮ᠃

   ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠣᠯᠠᠨ ᠢᠶᠠᠷ ᠢᠶᠠᠨ ᠦᠨᠳᠦᠰᠦᠲᠡᠨ ᠤ

ᠪᠦᠯᠬᠦᠮᠳᠡᠯ ᠤᠨ ᠨᠢᠭᠡ ᠭᠡᠷ ᠪᠦᠯᠢ ᠶᠢᠨ ᠦᠵᠡᠯ ᠰᠠᠨᠠᠭ᠎ᠠ ᠶᠢ ᠪᠠᠲᠤᠳᠬᠠᠵᠤ᠂ ᠬᠠᠮᠲᠤ ᠶᠢᠨ ᠲᠠᠨᠢᠯᠲᠠ ᠶᠢ

ᠨᠢᠭᠲᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ

ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号