| | | ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ | ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠨ᠂ ᠡᠷᠡᠯᠬᠡᠭ | ᠪᠠᠭᠠᠲᠤᠷᠴᠤᠳ ᠢ ᠪᠠᠲᠤ ᠴᠡᠭᠡᠵᠢᠯᠡᠬᠦ ᠶᠢᠨ ᠲᠦᠯᠦᠭᠡ᠂ ᠾᠧᠨᠠᠨ ᠵᠡᠭᠡᠯᠢ ᠭᠤᠳᠤᠮᠵᠢ ᠠᠮᠧᠷᠢᠺᠠ ᠶᠢ ᠡᠰᠡᠷᠭᠦᠴᠡᠨ | ᠰᠣᠯᠣᠩᠭᠤᠰ ᠢ ᠲᠤᠰᠠᠯᠠᠬᠤ ᠳᠠᠶᠢᠨ ᠳᠤ ᠣᠷᠣᠯᠴᠠᠭᠰᠠᠨ ᠭᠦᠸᠧ ᠯᠢᠨ ᠴᠢᠩ ᠨᠥᠬᠦᠷ ᠲᠤ ︽ᠳᠤᠮᠳᠠᠳᠤ ᠤᠯᠤᠰ ᠤᠨ | ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠨ ᠭᠠᠳᠠᠭᠠᠳᠤ ᠳᠤ | ᠭᠠᠷᠴᠤ ᠪᠠᠶᠢᠯᠳᠤᠭᠰᠠᠨ70 ᠵᠢᠯ ᠤᠨ ᠤᠢ︾ ᠶᠢᠨ ᠳᠤᠷᠠᠰᠬᠠᠯ ᠤᠨ ᠲᠡᠮᠳᠡᠭ ᠲᠠᠷᠬᠠᠭᠠᠪᠠ᠃ | | | | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ | ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠪᠣᠯᠤᠨ᠎ᠠ᠂ ᠡᠨᠡ ᠤᠳᠠᠭᠠᠨ | ᠤ ᠲᠤᠷᠠᠰᠬᠠᠯ ᠤᠨ ᠲᠡᠮᠳᠡᠭ ᠭᠠᠷᠳᠠᠭᠤᠯᠤᠭᠰᠠᠳ ᠲᠤ ᠭᠤᠣᠯᠳᠠᠭᠤ ᠠᠮᠧᠷᠢᠺᠠ ᠶᠢ ᠡᠰᠡᠷᠭᠦᠴᠡᠨ ᠰᠣᠯᠣᠩᠭᠤᠰ ᠢ | ᠲᠤᠰᠠᠯᠠᠨ ᠤᠯᠤᠰ ᠠᠴᠠ ᠭᠠᠷᠴᠤ ᠳᠠᠶᠢᠨ ᠬᠢᠭᠰᠡᠨ᠂ ᠡᠷᠡᠭᠦᠯ ᠲᠡᠩᠬᠡᠯᠡᠭᠦᠨ ᠪᠠᠶᠢᠭ᠎ᠠ ᠰᠠᠶᠢᠨ ᠳᠤᠷ᠎ᠠ ᠶᠢᠨ ᠴᠡᠷᠢᠭ ᠤᠨ | ᠠᠬᠠᠮᠠᠳ ᠪᠠᠶᠢᠯᠳᠤᠭᠴᠢᠳ᠂ ᠭᠠᠳᠠᠭᠠᠳᠤ ᠳᠤ ᠭᠠᠷᠴᠤ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ | ᠳᠠᠶᠢᠨ ᠳᠤ ᠦᠢᠯᠡᠴᠢᠯᠡᠭᠡ ᠬᠢᠭᠰᠡᠨ ᠡᠷᠡᠭᠦᠯ ᠴᠢᠭᠢᠷᠠᠭ ᠡᠮ ᠡᠮᠨᠡᠯᠭᠡ᠂ ᠲᠡᠮᠦᠷ ᠵᠠᠮ᠂ ᠲᠡᠭᠡᠭᠡᠪᠦᠷᠢ᠂ | ᠣᠷᠴᠢᠭᠤᠯᠤᠭᠴᠢ᠂ ᠲᠠᠶᠢᠨ ᠵᠣᠭᠰᠣᠬᠤ ᠬᠡᠯᠡᠯᠴᠡᠭᠡ ᠬᠢᠬᠦ ᠵᠡᠷᠭᠡ ᠠᠵᠢᠯ ᠳᠤ ᠣᠷᠣᠯᠴᠠᠭᠰᠠᠨ ᠬᠥᠮᠦᠰ᠂ ᠡᠷᠦᠭᠡ ᠶᠢᠨ | ᠴᠡᠷᠢᠭ᠂ ᠡᠷᠤᠭᠡ ᠶᠢᠨ ᠠᠵᠢᠯᠴᠢᠨ᠂ ᠰᠣᠨᠢᠨ ᠮᠡᠳᠡᠭᠡᠨ ᠤ ᠰᠤᠷᠪᠤᠯᠵᠢᠯᠠᠭᠴᠢ᠂ ᠵᠣᠬᠢᠶᠠᠯᠴᠢ᠂ ᠭᠡᠷᠡᠯ ᠵᠢᠷᠤᠭ ᠠᠪᠬᠤ | ᠵᠡᠷᠭᠡ ᠬᠥᠮᠦᠰ︔ 1953 ᠣᠨ ᠤ 7 ᠰᠠᠷ᠎ᠠ ᠳᠤ ᠳᠠᠶᠢᠨ ᠵᠣᠭᠰᠣᠭᠰᠠᠨ ᠤ ᠳᠠᠷᠠᠭ᠎ᠠ 1958 ᠣᠨ ᠤ 10 ᠰᠠᠷ᠎ᠠ | ᠪᠣᠯᠲᠠᠯ᠎ᠠ ᠰᠠᠶᠢᠨ ᠲᠤᠷ ᠠ ᠶᠢᠨ ᠴᠡᠷᠢᠭ ᠰᠣᠯᠣᠩᠭᠤᠰ ᠠᠴᠠ ᠪᠦᠬᠦᠨ ᠢᠶᠠᠷ ᠢᠶᠠᠨ ᠤᠬᠤᠷᠢᠨ ᠭᠠᠷᠤᠭᠰᠠᠨ | ᠬᠤᠭᠤᠴᠠᠭᠠᠨ ᠳᠤ᠂ ᠰᠣᠯᠣᠩᠭᠤᠰ ᠲᠤ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢ ᠰᠡᠷᠭᠦᠭᠡᠬᠦ ᠳᠤ | ᠬᠠᠪᠰᠤᠷᠤᠭᠰᠠᠨ ᠡᠷᠡᠭᠦᠯ ᠲᠡᠩᠬᠡᠯᠡᠭᠦᠨ ᠬᠥᠮᠦᠰ ᠪᠣᠯᠤᠨ᠎ᠠ᠃ 2020 ᠣᠨ ᠤ 1 ᠳ᠋ᠦᠭᠡᠷ ᠰᠠᠷ᠎ᠠ ᠶᠢᠨ 1 ᠤ | ᠡᠳᠦᠷ ᠠᠴᠠ ᠰᠡᠭᠦᠯᠡᠷ ᠨᠠᠰᠤ ᠪᠠᠷᠠᠭᠰᠠᠨ ᠪᠠᠶᠢᠪᠠᠯ᠂ ᠲᠣᠰ ᠤᠳᠠᠭᠠᠨ ᠤ ᠲᠤᠷᠠᠰᠬᠠᠯ ᠤᠨ ᠲᠡᠮᠳᠡᠭ ᠣᠯᠭᠤᠬᠤ | ᠬᠡᠪᠴᠢᠶᠡᠨ ᠳᠤ ᠣᠷᠣᠭᠤᠯᠤᠨ᠎ᠠ᠃ ᠣᠯᠭᠤᠬᠤ ᠱᠠᠭᠠᠷᠳᠠᠯᠭ᠎ᠠ ᠶᠢ ᠦᠨᠳᠦᠰᠦᠯᠡᠪᠡᠯ᠂ ᠾᠧᠨᠠᠨ ᠵᠡᠭᠡᠯᠢ ᠭᠤᠳᠤᠮᠵᠢ ᠳᠤ | ᠵᠥᠪᠬᠡᠨ ᠭᠦᠸᠧ ᠯᠢᠨ ᠴᠢᠩ 1 ᠬᠥᠮᠦᠨ ᠤᠯᠭᠤᠬᠤ ᠨᠥᠬᠦᠴᠡᠯ ᠳᠤ ᠨᠡᠶᠢᠴᠡᠵᠦ ᠪᠠᠶᠢᠨ᠎ᠠ᠃ | | | ᠾᠧᠨᠠᠨ ᠤ ᠵᠡᠭᠡᠯᠢ ᠭᠤᠳᠤᠮᠵᠢ ᠨᠠᠮ ᠤᠨ ᠬᠠᠶᠢᠷ᠎ᠠ ᠬᠠᠯᠠᠮᠵᠢ ᠪᠣᠯᠤᠨ ᠮᠡᠨᠳᠦᠴᠢᠯᠡᠯ ᠢ ᠡᠪᠦᠷᠯᠡᠨ ᠭᠦᠸᠧ ᠯᠢᠨ | ᠴᠢᠩ ᠨᠥᠬᠦᠷ ᠲᠤ ᠳᠤᠷᠠᠰᠬᠠᠯ ᠤᠨ ᠲᠡᠮᠳᠡᠭ ᠣᠯᠭᠤᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠪᠡ᠃ 94 | ᠨᠠᠰᠤᠲᠠᠶ ᠭᠦᠸᠧ ᠯᠢᠨ ᠴᠢᠩ ᠨᠠᠰᠤᠲᠠᠨ ᠲᠠᠷᠢ ᠲᠡᠭᠰᠢ ᠡᠮᠦᠰᠴᠦ᠂ ᠴᠤᠭ ᠵᠢᠪᠬᠤᠭ᠎ᠠ ᠲᠡᠭᠦᠯᠳᠡᠷ᠂ ᠳᠤᠷᠠᠰᠬᠠᠯ ᠤᠨ | ᠲᠡᠮᠳᠡᠭ ᠢ ᠭᠠᠷ ᠲᠠᠭᠠᠨ ᠡᠷᠭᠦᠵᠦ᠂ ︽ᠡᠨᠡ ᠪᠣᠯ ᠨᠠᠮ ᠠᠴᠠ ᠨᠠᠳᠠ ᠳᠤ ᠣᠯᠭᠤᠭᠰᠠᠨ ᠡᠷᠬᠢᠮ ᠳᠡᠭᠡᠳᠦ ᠢᠷᠠᠭᠤ | ᠠᠯᠳᠠᠷ ᠮᠥᠨ᠂ ᠠᠮᠧᠷᠢᠺᠠ ᠶᠢ ᠡᠰᠡᠷᠭᠦᠴᠡᠨ ᠰᠣᠯᠣᠩᠭᠤᠰ ᠲᠤ ᠲᠤᠰᠠᠯᠠᠬᠤ ᠠᠵᠢᠯᠯᠠᠭ᠎ᠠ ᠳᠤ ᠣᠷᠣᠯᠴᠠᠭᠰᠠᠨ ᠪᠤᠢ | ᠪᠦᠬᠦᠢ ᠬᠥᠮᠦᠰ ᠲᠤ ᠦᠭᠭᠦᠭᠰᠡᠨ ᠤᠶᠤᠨ ᠰᠠᠨᠠᠭᠠᠨ ᠤ ᠯᠤᠲᠤ ᠶᠡᠭᠡ ᠵᠣᠷᠢᠭᠵᠢᠭᠤᠯᠤᠯ ᠮᠥᠨ᠃ ᠨᠠᠮ ᠪᠢᠳᠡᠨ ᠢ | ᠮᠠᠷᠲᠠᠭ᠎ᠠ ᠦᠭᠡᠢ᠂ ᠡᠬᠡ ᠤᠯᠤᠰ ᠪᠢᠳᠡᠨ ᠢ ᠮᠠᠷᠲᠠᠭ᠎ᠠ ᠦᠭᠡᠢ᠂ ᠵᠠᠰᠠᠭ ᠤᠨ ᠣᠷᠳᠣᠨ ᠪᠢᠳᠡᠨ ᠢ ᠮᠠᠷᠲᠠᠭ᠎ᠠ ᠦᠭᠡᠢ᠂ | ᠨᠠᠳᠠ ᠳᠤ ᠬᠢᠵᠠᠭᠠᠯᠠᠰᠢ ᠦᠭᠡᠢ ᠢᠷᠠᠭᠤ ᠠᠯᠳᠠᠷ ᠪᠤᠯᠵᠤ ᠰᠠᠨᠠᠭᠳᠠᠵᠤ ᠪᠠᠢᠨ᠎ᠠ︾ ᠭᠡᠵᠦ ᠲᠤᠭᠳᠤᠯᠤᠨ ᠶᠠᠷᠢᠵᠤ | ᠪᠠᠶᠢᠯ᠎ᠠ᠃ | | | ᠣᠶᠢᠯᠠᠭᠠᠭᠰᠠᠨ ᠢᠶᠠᠷ᠂ ᠤᠢᠢᠷ᠎ᠠ ᠶᠢᠨ ᠬᠤᠭᠤᠴᠠᠭᠠᠨ ᠳᠤ ᠬᠡᠰᠡᠭ ᠰᠤᠷᠭᠠᠭᠤᠯᠢ ᠭᠦᠸᠧ ᠯᠢᠨ ᠴᠢᠩ ᠨᠠᠰᠤᠲᠠᠨ ᠢ | ᠤᠷᠢᠵᠤ ᠰᠤᠷᠤᠭᠴᠢᠳ ᠲᠤ ᠡᠬᠡ ᠣᠷᠣᠨᠴᠢ ᠦᠵᠡᠯ ᠤᠨ ᠬᠥᠮᠦᠵᠢᠯ ᠤᠨ ᠬᠢᠴᠢᠶᠡᠯ ᠣᠷᠣᠭᠤᠯᠵᠤ᠂ | ᠰᠤᠷᠤᠭᠴᠢᠳ ᠲᠤ ᠲᠡᠦᠬᠡ ᠶᠢᠨ ᠬᠢᠴᠢᠶᠡᠯ ᠤᠷᠤᠭᠤᠯᠤᠨ᠂ ᠡᠬᠡ ᠤᠯᠤᠰ ᠢᠶᠠᠨ ᠬᠠᠮᠠᠭᠠᠯᠠᠵᠤ᠂ ᠡᠩᠬᠡ ᠲᠠᠶᠢᠪᠤᠩ ᠢ | ᠨᠠᠨᠳᠢᠩᠨᠠᠬᠤ ᠬᠦᠮᠦᠵᠢᠯ ᠬᠦᠷᠳᠡᠭᠡᠬᠦ ᠪᠤᠯᠤᠨ᠎ᠠ᠃ | | | | | | | | | | | | |