ᠵᠢᠨᠱᠠᠨ ᠪᠠᠯᠭᠠᠰᠤᠨ ᠤ ᠱᠠᠩ ᠸᠠᠨ ᠽᠢ ᠲᠣᠰᠬᠤᠨ ᠤ 89 ᠨᠠᠰᠤᠲᠠᠢ ᠠᠬᠠᠮᠠᠳ ᠪᠠᠶᠢᠯᠳᠤᠭᠴᠢ ᠳᠤ ᠠᠮᠧᠷᠢᠺᠠ ᠶᠢ ᠡᠰᠡᠷᠭᠦᠴᠡᠨ ᠰᠣᠯᠣᠩᠭᠤᠰ ᠲᠤ ᠲᠤᠰᠠᠯᠠᠭᠰᠠᠨ 70 ᠵᠢᠯ ᠤᠨ ᠤᠢ ᠶᠢᠨ ᠳᠤᠷᠠᠰᠬᠠᠯ ᠤᠨ ᠲᠡᠮᠳᠡᠭ ᠪᠡᠯᠡᠭᠯᠡᠪᠡ
ᠨᠡᠶᠢᠲᠡᠯᠡᠭᠰᠡᠨ ᠴᠠᠭ᠄
2020/11/24

   ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ

ᠰᠣᠯᠣᠩᠭᠤᠰ ᠢ ᠲᠤᠰᠠᠯᠠᠨ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠤᠢ ᠶᠢ ᠳᠤᠷᠠᠰᠬᠠᠬᠤ ᠶᠢᠨ

ᠲᠥᠯᠥᠭᠡ᠂ ᠵᠢᠨᠱᠠᠨ ᠪᠠᠯᠭᠠᠰᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠮᠧᠷᠢᠺᠠ ᠶᠢ ᠡᠰᠡᠷᠭᠦᠴᠡᠨ

ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ ᠯᠢ ᡁᠢ ᠶᠠᠨ ᠢ ᠪᠣᠯᠭᠤᠭᠠᠨ ᠲᠣᠬᠤᠨᠢᠭᠤᠯᠪᠠ᠃ ᠲᠡᠭᠦᠨ ᠳᠤ

ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠠᠮᠧᠷᠢᠺᠠ ᠶᠢ ᠡᠰᠡᠷᠭᠦᠴᠡᠨ ᠰᠣᠯᠣᠩᠭᠤᠰ ᠢ

ᠲᠤᠰᠠᠯᠠᠨ ᠤᠯᠤᠰ ᠤᠨ ᠭᠠᠳᠠᠨ᠎ᠠ ᠭᠠᠷᠴᠤ ᠳᠠᠶᠢᠨ ᠬᠢᠭᠰᠡᠨ 70 ᠵᠢᠯ ᠤᠨ ᠣᠶ ᠶᠢ ᠳᠤᠷᠠᠰᠬᠠᠬᠤ ᠲᠡᠮᠳᠡᠭ ᠪᠡᠯᠡᠭᠯᠡᠨ᠂

ᠲᠣᠬᠤᠨᠢᠭᠤᠯᠬᠤ ᠮᠥᠩᠭᠦ ᠬᠦᠷᠭᠡᠪᠡ᠃

   ᠯᠢ ᡁᠢ ᠶᠠᠨ᠂ ᠵᠢᠨᠱᠠᠨ ᠪᠠᠯᠭᠠᠰᠤᠨ ᠤ ᠱᠠᠩ ᠸᠠᠨ ᠽᠢ ᠲᠣᠰᠬᠤᠨ ᠤ ᠨᠠᠢᠮᠠᠳᠤᠭᠠᠷ ᠳᠤᠭᠤᠶᠢᠯᠠᠩ ᠳᠤ ᠰᠠᠭᠤᠵᠤ

ᠪᠠᠶᠢᠨ᠎ᠠ᠂ ᠴᠢᠯᠦᠭᠡᠯᠡᠬᠦ ᠴᠡᠷᠢᠭ ᠤᠨ 0214 ᠴᠡᠷᠢᠭ ᠠᠩᠬᠢ ᠶᠢᠨ ᠨᠢᠭᠡᠨ ᠬᠤᠯᠪᠣᠭᠠᠴᠢᠨ ᠪᠠᠶᠢᠵᠠᠢ᠃ 1950

ᠣᠨ ᠳᠤ᠂ ︽ᠠᠮᠧᠷᠢᠺᠠ ᠶᠢ ᠡᠰᠡᠷᠭᠦᠴᠡᠨ ᠰᠣᠯᠣᠩᠭᠤᠰ ᠲᠤ ᠲᠤᠰᠠᠯᠠᠬᠤ ᠤᠯᠤᠰ ᠬᠦᠷᠳ ᠢᠶᠠᠨ ᠬᠠᠮᠠᠭᠠᠯᠠᠬᠤ

ᠤᠷᠢᠶᠠᠯᠠᠭ᠎ᠠ ᠳᠣᠣᠷ᠎ᠠ ᠰᠣᠯᠣᠩᠭᠤᠰ ᠤᠨ ᠪᠠᠶᠢᠯᠳᠤᠭᠠᠨ ᠤ ᠲᠠᠯᠠᠪᠤᠷ ᠲᠤ ᠮᠤᠷᠳᠠᠪᠠ᠃ ᠭᠠᠪᠰᠢᠭᠠᠶ ᠠᠩᠭᠢ ᠶᠢᠨ

ᠳᠠᠶᠢᠨ ᠤ ᠪᠡᠯᠡᠳᠬᠡᠯ ᠢ ᠢᠳᠡᠪᠬᠢᠲᠡᠶ ᠬᠠᠪᠰᠤᠷᠴᠤ᠂ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ ᠦᠩᠭᠡᠷᠡᠪᠡ᠃

   ᠳᠤᠷᠠᠰᠬᠠᠯ ᠤᠨ ᠲᠡᠮᠳᠡᠭ ᠢ ᠣᠯᠤᠭᠰᠠᠨ ᠲᠡᠷᠡ ᠮᠥᠴᠡ ᠳᠤ 89 ᠨᠠᠰᠤᠲᠠᠢ ᠯᠢ ᡁᠢ ᠶᠠᠨ ᠨᠠᠰᠤᠲᠠᠨ ᠠᠯᠲᠠᠨ

ᠰᠢᠷᠭᠠᠯ ᠥᠩᠭᠡᠲᠦ ᠳᠤᠷᠠᠰᠬᠠᠯ ᠤᠨ ᠲᠡᠮᠳᠡᠭ ᠢ ᠢᠯᠪᠢᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ

ᠬᠠᠯᠠᠮᠵᠢ ᠳᠤ ᠲᠠᠯᠠᠷᠬᠠᠵᠠᠶ᠃ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠳᠤ ᠤᠳᠤᠮᠰᠢᠯ ᠢ

ᠬᠤᠶᠢᠴᠢ ᠦᠶ᠎ᠡ ᠳᠡᠭᠡᠨ ᠵᠠᠯᠭᠠᠮᠵᠢᠯᠠᠭᠤᠯᠬᠤ ᠪᠠᠷ ᠦᠳᠡᠯᠦᠭᠡ ᠨᠠᠰᠤ ᠪᠠᠨ ᠵᠤᠷᠢᠭᠤᠯᠤᠨ᠎ᠠ ᠭᠡᠵᠦ ᠪᠠᠶᠢᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号