ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠬᠤᠶᠠᠳᠠᠭᠴᠢ ᠤᠳᠠᠭᠠᠨ  ᠤ ᠵᠠᠷᠯᠠᠯ
ᠨᠡᠶᠢᠲᠡᠯᠡᠭᠰᠡᠨ ᠴᠠᠭ᠄
2020/11/7

   ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ

ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠤᠪᠴᠢᠶ᠎ᠠ᠂ ᠡᠯ᠎ᠡ ᠠᠵᠤ ᠠᠬᠤᠶᠢᠯᠠᠯ

ᠠᠵᠢᠯ ᠦᠢᠯᠡᠰ ᠤᠨ ᠨᠢᠭᠡᠴᠡ ᠳᠤ᠄

   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ

ᠬᠢᠨᠠᠯᠳᠠ ᠲᠠᠯᠪᠢᠬᠤ ᠳᠦᠷᠢᠮ︾᠂ ︽ᠬᠠᠷᠠᠴᠢᠨ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠬᠦᠯᠦᠯᠳᠡ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂

ᠪᠦᠬᠦ ᠬᠤᠰᠢᠭᠤᠨ ᠤ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ︽ᠭᠤᠷᠪᠠ ᠶᠢ

ᠲᠣᠭᠲᠠᠭᠠᠬᠤ ᠲᠥᠰᠦᠯ︾ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠬᠢᠭᠰᠡᠨ ᠪᠠᠢᠳᠠᠯ ᠲᠠᠢ ᠤᠶᠠᠯᠳᠤᠭᠤᠯᠤᠨ᠂

ᠮᠠᠨ ᠤ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠤᠨ ᠡᠷᠬᠡ ᠲᠠᠢ

ᠬᠠᠤᠯᠢ ᠬᠡᠷᠡᠭᠵᠢᠭᠦᠯᠬᠦ ᠪᠠᠶᠢᠭᠤᠯᠤᠮᠵᠢ ᠳᠤ ᠳᠠᠬᠢᠨᠲᠠ ᠨᠤᠲᠠᠯᠠᠯᠲᠠ ᠪᠠ ᠴᠡᠭᠴᠡᠯᠡᠯᠲᠡ ᠬᠢᠪᠡ᠃

   ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠨᠢᠭᠡᠳᠦᠭᠡᠷ ᠪᠦᠯᠦᠭ ᠲᠤ ᠨᠡᠶᠢᠲᠡᠯᠡᠭᠰᠡᠨ ᠬᠤᠰᠢᠭᠤ

ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠰᠠᠭᠤᠷᠢᠨ ᠳᠡᠭᠡᠷ᠎ᠡ᠂ ᠵᠠᠰᠠᠭ

ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠤᠨ ᠡᠷᠬᠡ ᠲᠠᠢ ᠬᠠᠤᠯᠢ ᠬᠡᠷᠡᠭᠵᠢᠭᠦᠯᠬᠦ

ᠪᠠᠶᠢᠭᠤᠯᠤᠮᠵᠢ ᠶᠢ 22 ᠨᠡᠮᠡᠵᠦ᠂ 11 ᠶᠢ ᠴᠡᠪᠡᠷᠯᠡᠨ᠎ᠡ᠃ ᠡᠳᠦᠭᠡ ᠬᠤᠶᠠᠳᠤᠭᠠᠷ ᠪᠦᠯᠦᠭ ᠬᠤᠰᠢᠭᠤᠨ ᠤ ᠲᠣᠰ

ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠤᠭᠴᠠ ᠶᠢᠨ ᠬᠢᠷᠢ ᠬᠡᠮ ᠲᠠᠢ ᠬᠠᠤᠯᠢ ᠬᠡᠷᠡᠭᠵᠢᠭᠦᠯᠬᠦ

ᠪᠠᠶᠢᠭᠤᠯᠤᠮᠵᠢ ᠳᠣᠣᠷᠠᠬᠢ ᠮᠡᠲᠦ ᠵᠠᠷᠯᠠᠶ᠎ᠠ᠄

   1. ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠᠨ ᠬᠡᠷᠡᠭᠵᠢᠭᠦᠯᠬᠦ ᠵᠠᠰᠠᠭ ᠵᠠᠬᠢᠷᠭᠠᠨ

 ᠤ 12 ᠪᠠᠶᠢᠭᠤᠯᠭ᠎ᠠ ᠶᠢ ᠨᠡᠶᠢᠳᠡᠯᠡᠪᠡ᠂ ᠲᠡᠳᠡᠭᠡᠷ ᠪᠠᠶᠢᠭᠤᠯᠭ᠎ᠠ ᠪᠤᠯ᠄ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ

ᠬᠡᠷᠡᠭ ᠶᠠᠪᠤᠳᠠᠯ ᠤᠨ ᠲᠣᠪᠴᠢᠶ᠎ᠠ᠂ ᠮᠠᠶᠢᠷᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠸᠠᠩ ᠤᠨ ᠣᠷᠳᠣᠨ

ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠢᠦ ᠵᠢᠶᠠ ᠶᠢᠩᠽᠢ ᠪᠠᠯᠭᠠᠰᠤᠨ ᠤ ᠠᠷᠠᠳ ᠤᠨ ᠵᠠᠰᠠᠭ ᠤᠨ

ᠣᠷᠳᠣᠨ᠂ ᠰᠢᠶᠤᠤ ᠨᠢᠦ ᠴᠢᠶᠦ᠋ᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠨᠠᠨ ᠲᠠᠢ ᠽᠢ ᠰᠢᠶᠠᠩ ᠤᠨ

ᠠᠷᠠᠳ ᠤᠨ ᠵᠠᠰᠠᠭ ᠤᠨ ᠣᠷᠳᠣᠨ᠂  ᠱᠢ ᠵᠢᠶᠠ ᠮᠠᠨᠵᠤ ᠦᠨᠳᠦᠰᠦᠲᠡᠨ ᠰᠢᠶᠠᠩ ᠤᠨ ᠠᠷᠠᠳ ᠤᠨ ᠵᠠᠰᠠᠭ ᠤᠨ

ᠣᠷᠳᠣᠨ᠂  ᠨᠠᠷᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢ ᠴᠢᠶᠣᠤ ᠪᠠᠯᠭᠠᠰᠤᠨ ᠤ ᠠᠷᠠᠳ ᠤᠨ

ᠵᠠᠰᠠᠭ ᠤᠨ ᠣᠷᠳᠣᠨ᠂ ᠾᠧᠪᠸᠢ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠾᠧᠨᠠᠨ ᠵᠡᠭᠡᠯᠢ

ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠃

   2. ᠬᠠᠤᠯᠢ ᠳᠤ ᠲᠣᠭᠲᠠᠭᠠᠭᠰᠠᠨ ᠡᠷᠬᠡ ᠣᠯᠭᠤᠯᠲᠠ ᠶᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ

ᠬᠡᠷᠡᠭᠵᠢᠭᠦᠯᠬᠦ ᠡᠷᠬᠡᠳᠦ ᠵᠣᠬᠢᠶᠠᠨ ᠪᠠᠶᠢᠭᠤᠯᠤᠯᠲᠠ 1᠂ ᠬᠠᠷᠠᠴᠢᠨ ᠬᠤᠰᠢᠭᠤᠨ ᠤ ᠭᠠᠯ ᠰᠡᠷᠭᠡᠶᠢᠯᠡᠵᠦ ᠭᠠᠯ

ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠤᠨ᠎ᠠ᠃

   3. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠯᠭ᠎ᠠ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡᠳᠦ

ᠵᠣᠬᠢᠶᠠᠨ ᠪᠠᠶᠢᠭᠤᠯᠤᠯᠲᠠ 9 ᠪᠤᠢ᠂ ᠲᠤᠬᠠᠶᠢᠯᠠᠪᠠᠯ᠄ ᠬᠠᠷᠠᠴᠢᠨ ᠬᠤᠰᠢᠭᠤᠨ ᠤ ᠱᠠᠰᠢᠨ ᠰᠤᠷᠳᠠᠬᠤᠨ ᠤ ᠬᠡᠷᠡᠭ

ᠶᠠᠪᠤᠳᠠᠯ ᠤᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠷᠠᠴᠢᠨ ᠬᠤᠰᠢᠭᠤᠨ ᠤ ᠬᠥᠳᠡᠯᠮᠦᠷᠢ ᠪᠠᠳᠤᠯᠠᠭ᠎ᠠ ᠶᠢᠨ ᠵᠠᠰᠠᠭ

ᠵᠠᠬᠢᠷᠭᠠᠨ ᠤ ᠶᠡᠷᠦᠩᠬᠡᠶᠢᠯᠡᠭᠰᠡᠨ‌ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠷᠠᠴᠢᠨ ᠬᠤᠰᠢᠭᠤᠨ ᠤ ᠪᠠᠶᠢᠭᠠᠯᠢ ᠶᠢᠨ ᠡᠬᠢ

ᠪᠠᠶᠠᠯᠢᠭ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠷᠠᠴᠢᠨ ᠬᠤᠰᠢᠭᠤᠨ ᠤ

ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂

ᠬᠠᠷᠠᠴᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ

ᠬᠡᠷᠡᠭᠵᠢᠭᠦᠯᠬᠦ ᠲᠣᠪᠴᠢᠶ᠎ᠠ᠂ ᠬᠠᠷᠠᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ

ᠶᠡᠷᠦᠩᠬᠡᠶᠢᠯᠡᠭᠰᠡᠨ‌ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠷᠠᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠵᠠᠰᠠᠭ ᠵᠠᠬᠢᠷᠭᠠᠨ ‍ᠤ‌‍ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠷᠠᠴᠢᠨ

ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ᠎ᠠ᠃

   4. ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡᠳᠦ ᠵᠠᠰᠠᠭ ᠵᠠᠬᠢᠷᠭᠠᠨ ᠤ ᠪᠠᠶᠢᠭᠤᠯᠭ᠎ᠠ

2 ᠶᠢ ᠢᠯᠭᠠᠷᠠᠭᠤᠯᠵᠤ᠂ ᠲᠤᠬᠠᠶᠢᠯᠠᠪᠠᠯ᠄ ᠠᠵᠢᠯ ᠦᠢᠯᠡᠰ ᠤᠨ ᠨᠢᠭᠡᠴᠡ ᠶᠢᠨ ᠳᠠᠩᠰᠠᠯᠠᠨ ᠬᠠᠮᠢᠶᠠᠷᠬᠤ ᠲᠣᠪᠴᠢᠶ᠎ᠠ᠂

ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠪᠤᠯᠤᠨ᠎ᠠ᠃ ᠬᠠᠤᠯᠢ ᠪᠠᠷ ᠲᠣᠭᠲᠠᠭᠠᠭᠰᠠᠨ ᠡᠷᠬᠡ

ᠣᠯᠭᠤᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡᠳᠦ 7 ᠵᠣᠬᠢᠶᠠᠨ ᠪᠠᠶᠢᠭᠤᠯᠤᠯᠲᠠ ᠶᠢ ᠢᠯᠭᠠᠷᠠᠭᠤᠯᠪᠠ᠂

ᠲᠤᠬᠠᠶᠢᠯᠠᠪᠠᠯ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠳᠠ ᠶᠢᠨ ᠭᠠᠵᠠᠷ᠂ ᠵᠠᠰᠠᠮᠠᠯ ᠵᠠᠮ ᠤᠨ ᠵᠠᠮ ᠤᠨ

ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠡᠭᠡ ᠠᠩᠭᠢ᠂ ᠭᠠᠳᠠᠭᠠᠳᠤ ᠶᠠᠪᠤᠳᠠᠯ ᠤᠨ ᠭᠠᠵᠠᠷ᠂

ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠢᠨᠠᠨ ᠬᠠᠮᠢᠶᠠᠷᠬᠤ ᠭᠠᠵᠠᠷ᠂ ᠤᠷᠭᠤᠮᠠᠯ ᠬᠠᠮᠠᠭᠠᠯᠠᠬᠤ ᠤᠷᠭᠤᠮᠠᠯ

ᠪᠠᠶᠢᠴᠠᠭᠠᠬᠤ ᠥᠷᠲᠡᠭᠡ᠂ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ᠂ ᠣᠢ ᠰᠢᠭᠤᠶ ᠶᠢᠨ

ᠳᠣᠲᠣᠭᠠᠳᠤ ᠶᠢ ᠬᠠᠮᠠᠭᠠᠯᠠᠬᠤ  ᠲᠤᠪᠴᠢᠶ᠎ᠠ ᠵᠡᠷᠭᠡ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠨᠠᠶᠢᠳᠠᠯᠭ᠎ᠠ ᠪᠠᠷ

ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠡᠷᠬᠡᠳᠦ ᠵᠣᠬᠢᠶᠠᠨ ᠪᠠᠶᠢᠭᠤᠯᠤᠯᠲᠠ 2 ᠶᠢ ᠢᠯᠭᠠᠷᠠᠭᠤᠯᠪᠡ᠂ ᠲᠤᠬᠠᠶᠢᠯᠠᠪᠠᠯ

᠄ ᠬᠥᠳᠡᠯᠮᠦᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠬᠤ ᠶᠡᠭᠡ ᠠᠩᠭᠢ᠂ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ

ᠴᠢᠨᠠᠷ ᠲᠤ ᠬᠢᠨᠠᠯᠲᠠ ᠲᠠᠯᠪᠢᠬᠤ ᠭᠠᠵᠠᠷ ᠪᠣᠯᠤᠨ᠎ᠠ᠃ 2019 ᠣᠨ ᠳᠤ ᠨᠡᠶᠢᠲᠡᠯᠡᠬᠦ ᠴᠢᠬᠤᠯᠠᠲᠠᠶ ᠬᠤᠰᠢᠭᠤᠨ ᠤ

ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠳᠦᠭᠡᠷ ᠪᠦᠯᠦᠭ ᠭᠤᠤᠯ ᠴᠣᠭᠴᠠ ᠠᠴᠠ ᠬᠠᠰᠤᠵᠤ

ᠬᠠᠶᠠᠬᠤ ᠬᠡᠷᠡᠭᠲᠡᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号