ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠄ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/12/10

   11 ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ  ᠪᠥᠬᠦ ᠤᠯᠤᠰ ᠤᠨ ᠬᠥᠮᠦᠨ ᠠᠮᠠ ᠶᠢᠨ

ᠳᠣᠯᠣᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢ ᠡᠬᠢᠯᠡᠭᠦᠯᠪᠡ᠃ ᠬᠠᠷᠠᠴᠢᠨ ᠤ ᠠᠵᠤ ᠠᠬᠤᠢ ᠶᠢᠨ

ᠨᠡᠭᠡᠭᠡᠯᠲᠡ ᠶᠢᠨ ᠲᠣᠭᠤᠷᠢᠭ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠤᠯ ᠤᠳᠤᠷᠢᠳᠤᠯᠭ᠎ᠠ ᠪᠠᠷ

ᠮᠠᠩᠯᠠᠶᠢᠯᠠᠭᠤᠯᠤᠭᠰᠠᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ

ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠨᠡᠶᠢᠳᠡ ᠳᠤ ᠨᠢ

ᠲᠦᠯᠬᠢᠨ ᠠᠬᠢᠭᠤᠯᠵᠦ ᠪᠠᠶᠢᠨ᠎ᠠ᠃

   11 ᠰᠠᠷ᠎ᠠ ᠶᠢᠨ 5 ᠤ ᠡᠳᠦᠷ᠂ ᠨᠡᠭᠡᠭᠡᠯᠲᠡ ᠶᠢᠨ ᠣᠷᠣᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ

ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠨᠡᠭᠡᠭᠡᠯᠲᠡ ᠶᠢᠨ ᠣᠷᠣᠨ ᠤ ᠠᠵᠢᠯᠴᠢᠨ ᠤ ᠡᠪᠯᠡᠯ ᠬᠠᠮᠳᠤᠷᠠᠨ᠂  

ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠳᠦᠭᠡᠷ ᠹᠷᠠᠳᠲ ᠤᠨ ᠠᠵᠢᠯᠲᠠᠳ ᠢ

ᠪᠣᠯᠭᠤᠭᠠᠨ ᠲᠣᠬᠤᠨᠢᠭᠤᠯᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ

ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠵᠦ ᠪᠠᠶᠢᠨ᠎ᠠ᠃

   ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠢᠩᠬᠢᠨᠢ ᠪᠠᠷ ᠡᠬᠢᠯᠡᠭᠦᠯᠦᠭᠰᠡᠨ ᠠᠴᠠ ᠨᠠᠰᠢ᠂

ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠲᠠᠪᠠᠵᠤ

᠂  5 ᠨᠠᠷᠡᠰ ᠵᠢᠭᠠᠨ ᠵᠢᠯᠤᠭᠤᠳᠤᠭᠴᠢ ᠪᠠ 160 ᠨᠡᠷᠡᠰ ᠨᠡᠶᠢᠳᠡᠮ ᠪᠠᠶᠢᠴᠠᠭᠠᠭᠴᠢ ᠳᠤ ᠪᠣᠯᠪᠠᠰᠤᠷᠠᠯ ᠬᠦᠷᠲᠡᠭᠡᠪᠠ᠃

ᠡᠯ᠎ᠡ ᠨᠡᠶᠢᠳᠡᠮ ᠪᠠᠶᠢᠴᠠᠭᠠᠯᠲᠠ ᠶᠢᠨ ᠵᠢᠵᠢᠭ ᠲᠣᠭᠤᠷᠢᠭ ᠪᠣᠯᠤᠨ ᠭᠤᠤᠯ ᠵᠡᠭᠡᠯᠢ ᠭᠤᠳᠤᠮᠵᠢ ᠳᠤ ᠨᠡᠶᠢᠲᠡ 80

ᠵᠤᠷᠪᠤᠰ  ᠡᠯᠭᠦᠭᠡ ᠪᠢᠴᠢᠭᠡᠰᠦ ᠡᠯᠭᠦᠵᠦ᠂ ᠤᠬᠠᠭᠤᠯᠬᠤ ᠬᠠᠭᠤᠳᠠᠰᠤ ᠶᠢ 6000 ᠭᠠᠷᠤᠶ ᠬᠤᠪᠢ ᠲᠠᠷᠬᠠᠭᠠᠪᠠ᠃

   ᠣᠳᠣᠬᠠᠨ ᠳᠤ᠂ ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ 5 ᠨᠡᠷᠡᠰ ᠨᠡᠶᠢᠳᠡᠮ

ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠰᠣᠩᠭᠤᠨ ᠤᠷᠢᠭᠰᠠᠨ 45 ᠨᠡᠷᠡᠰ ᠨᠡᠶᠢᠳᠡᠮ ᠪᠠᠶᠢᠴᠠᠭᠠᠭᠴᠢ 41

ᠨᠡᠶᠢᠳᠡᠮ ᠪᠠᠶᠢᠴᠠᠭᠠᠯᠲᠠ ᠶᠢᠨ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠨᠳᠡ

ᠪᠡᠶᠡᠯᠡᠭᠦᠯᠵᠡᠶ᠃ ᠣᠳᠣᠬᠠᠨ ᠪᠣᠯᠲᠠᠯ᠎ᠠ᠂ 1146 ᠡᠷᠦᠬᠡ ᠳᠤ ᠤᠷᠤᠵᠤ ᠳᠠᠩᠰᠠᠯᠠᠵᠤ᠂ 40.01% ᠶᠢ

ᠪᠡᠶᠡᠯᠡᠭᠦᠯᠵᠦ᠂ 36.98% ᠶᠢ ᠵᠢᠩᠬᠢᠨᠢ ᠪᠠᠷ ᠳᠠᠩᠰᠠᠯᠠᠵᠤ ᠳᠠᠭᠤᠰᠬᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号