2021 ᠣᠨ ᠤ ᠪᠥᠬᠦ ᠬᠤᠰᠢᠭᠤᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/14

   ᠣᠶᠢᠷ᠎ᠠ ᠳᠤ᠂ 2021 ᠣᠨ ᠤ ᠪᠥᠬᠦ ᠬᠤᠰᠢᠭᠤᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ

ᠡᠯᠰᠡᠬᠦ ᠰᠢᠯᠭᠠᠯᠳᠠ ᠳᠤ ᠨᠡᠷ᠎ᠡ ᠮᠡᠳᠡᠭᠦᠯᠬᠦ ᠠᠵᠢᠯ ᠤᠨ ᠬᠤᠷᠠᠯ ᠬᠤᠷᠠᠯᠳᠤᠪᠠ᠂ ᠬᠤᠰᠢᠭᠤ ᠳᠡᠳ᠋ ᠳᠠᠷᠤᠭ᠎ᠠ ᠮᠠ ᠶᠦᠩ

ᠭᠠᠩ ᠤᠷᠤᠯᠴᠠᠪᠠ᠃

   ᠮᠠ ᠶᠦᠩ ᠭᠠᠩ ᠵᠢᠭᠠᠵᠤ ᠭᠠᠷᠭᠠᠭᠰᠠᠨ ᠨᠢ᠂ 2021 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ

ᠨᠢᠭᠡᠳᠦᠯᠲᠡᠶ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ 11 ᠰᠠᠷ᠎ᠠ ᠶᠢᠨ 16 ᠤ ᠡᠳᠦᠷ ᠠᠴᠠ ᠵᠢᠩᠬᠢᠨᠢ ᠪᠠᠷ ᠡᠬᠢᠯᠡᠪᠡ

᠂ ᠪᠥᠬᠦ ᠬᠤᠰᠢᠭᠤᠨ ᠤ ᠵᠢᠱᠢᠯᠲᠡ ᠪᠠᠷ 2700 ᠬᠥᠮᠦᠨ ᠠᠴᠠ 2800 ᠬᠥᠮᠦᠨ ᠨᠡᠷ᠎ᠡ ᠮᠡᠳᠡᠭᠦᠯᠦᠨ᠎ᠡ᠃ ᠡᠯ᠎ᠡ

ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠨᠢᠭᠡᠳᠭᠡᠵᠦ᠂

ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ

ᠴᠢᠩᠭᠠᠳᠬᠠᠵᠤ᠂ ᠰᠣᠷᠣᠭᠴᠢ ᠡᠯᠰᠡᠬᠦ ᠰᠢᠯᠭᠠᠯᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠴᠢᠩᠭ᠎ᠠ

ᠨᠠᠶᠢᠳᠠᠪᠤᠷᠢᠵᠢᠭᠤᠯᠬᠤ ᠬᠡᠷᠡᠭᠳᠡᠢ᠃ ︽ᠬᠡᠨ ᠭᠤᠤᠯᠯᠠᠨ ᠬᠠᠮᠢᠶᠠᠷᠪᠠᠯ᠂ ᠬᠡᠨ ᠬᠢᠨᠠᠨ ᠪᠠᠶᠢᠴᠠᠭᠠᠬᠤ᠂ ᠬᠡᠨ ᠭᠠᠷ ᠤᠨ

ᠦᠰᠦᠭ ᠵᠢᠷᠤᠪᠠᠯ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠵᠢᠯ ᠤᠨ ᠡᠭᠦᠷᠭᠡ ᠶᠢ ᠦᠨᠡᠨᠬᠦ ᠠᠵᠢᠯ ᠤᠨ

ᠪᠠᠶᠢᠷᠢᠨ ᠳᠤ ᠬᠦᠷᠲᠡᠯ᠎ᠡ ᠨᠠᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠡᠩ ᠤᠨ ᠲᠡᠭᠡᠳᠦ

ᠰᠤᠷᠭᠠᠭᠤᠯᠢ ᠶᠢᠨ ᠰᠢᠯᠭᠠᠯᠲᠠ ᠶᠢᠨ ᠰᠤᠷᠤᠭᠴᠢ ᠡᠯᠰᠡᠬᠦ ᠲᠤᠬᠠᠶ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ

ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠡᠷ᠎ᠡ ᠮᠡᠳᠡᠬᠦᠯᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠰᠠᠳ ᠤᠨ

ᠨᠡᠷ᠎ᠡ ᠮᠡᠳᠡᠭᠦᠯᠬᠦ ᠶᠢ ᠴᠢᠩᠭ᠎ᠠ ᠬᠤᠷᠢᠭᠯᠠᠬᠤ ᠬᠡᠷᠡᠭᠳᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠤᠯᠪᠣᠭᠳᠠᠯ

ᠪᠦᠬᠦᠢ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠲᠠᠯᠠᠪᠠᠢ ᠶᠢᠨ ᠨᠤᠲᠠᠯᠠᠬᠤ ᠬᠤᠭᠤᠴᠠᠭᠠᠨ ᠳᠤ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠲᠦᠰᠦᠯ ᠪᠠ ᠪᠡᠯᠡᠳᠬᠡᠯ ᠲᠥᠰᠦᠯ ᠢ ᠰᠠᠶᠢᠲᠤᠷ ᠲᠣᠭᠲᠠᠭᠠᠵᠤ᠂  ᠨᠡᠷ᠎ᠡ ᠮᠡᠳᠡᠭᠦᠯᠬᠦ ᠨᠤᠲᠠᠯᠠᠬᠤ

ᠲᠠᠯᠠᠪᠤᠷ ᠲᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠠᠷᠢᠭᠤᠳᠬᠠᠬᠤ᠂ ᠰᠠᠯᠬᠢ

ᠨᠡᠪᠲᠡᠷᠡᠭᠦᠯᠬᠦ ᠵᠡᠷᠭᠡ ᠵᠠᠩᠬᠢᠯᠠᠭ᠎ᠠ ᠶᠢᠨ ᠠᠵᠢᠯ ᠢ ᠲᠤᠰᠬᠠᠶ ᠬᠥᠮᠦᠨ ᠲᠣᠭᠲᠠᠭᠠᠵᠤ ᠬᠠᠷᠢᠭᠤᠴᠠᠭᠤᠯᠬᠤ ᠬᠡᠷᠡᠭᠲᠡᠶ᠃

   ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ 2021 ᠣᠨ ᠤ ᠡᠩ ᠤᠨ ᠳᠡᠭᠡᠳᠦ ᠰᠤᠷᠭᠠᠭᠤᠯᠢ ᠳᠤ

ᠰᠣᠷᠣᠭᠴᠢ ᠡᠯᠰᠡᠬᠦ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽2021

ᠣᠨ ᠤ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠶᠡᠭᠡ ᠳᠡᠭᠡᠳᠦ

ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠤᠨ ᠬᠠᠷᠢᠭᠤᠴᠠᠯᠭ᠎ᠠ︾ ᠶᠢ ᠤᠩᠰᠢᠨ

ᠨᠡᠶᠢᠲᠡᠯᠡᠭᠰᠡᠨ ᠪᠥᠭᠡᠳ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠬᠢᠷᠢ

ᠬᠡᠮ ᠢ ᠬᠢᠨᠠᠨ ᠬᠠᠷᠭᠤᠭᠤᠯᠬᠤ᠂ ᠲᠤᠰᠬᠠᠶ ᠬᠢᠨᠠᠨ ᠬᠠᠷᠭᠤᠭᠤᠯᠬᠤ ᠵᠢᠴᠢ ᠬᠠᠮᠢᠶ᠎ᠠ ᠪᠦᠬᠦᠢ ᠬᠦᠰᠦᠨᠦᠭᠲᠦ ᠶᠢ ᠲᠠᠭᠯᠠᠨ

ᠪᠢᠴᠢᠭᠰᠡᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃

   ᠣᠶᠢᠯᠠᠭᠠᠭᠰᠠᠨ ᠢᠶᠠᠷ᠂ 2021 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠡᠷ᠎ᠡ

ᠮᠡᠳᠡᠭᠦᠯᠬᠦ ᠴᠠᠭ ᠨᠢ 2020 ᠣᠨ ᠤ 11 ᠰᠠᠷ᠎ᠠ ᠶᠢᠨ 16 ᠤ ᠡᠳᠦᠷ ᠤᠨ 9᠄ 00 — 2020 ᠣᠨ ᠤ 11

ᠰᠠᠷ᠎ᠠ ᠶᠢᠨ 27 ᠤ ᠡᠳᠦᠷ ᠤᠨ 18᠄ 00 ᠪᠣᠯᠤᠨ᠎ᠠ᠃ ᠪᠤᠶ ᠪᠦᠬᠦᠢ ᠰᠢᠯᠭᠠᠭᠤᠯᠤᠭᠰᠠᠳ ᠰᠦᠯᠵᠢᠶᠡᠨ ᠳᠡᠭᠡᠷ᠎ᠡ

ᠤᠷᠢᠳᠴᠢᠯᠠᠨ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠶ ᠶᠢᠨ ᠲᠠᠯᠠᠪᠤᠷ ᠤᠨ

ᠨᠤᠲᠠᠯᠠᠯᠲᠠ ᠶᠢ ᠲᠣᠭᠲᠠᠭᠰᠠᠨ ᠬᠤᠭᠤᠴᠠᠭᠠᠨ ᠳᠣᠲᠣᠷ᠎ᠠ ᠪᠡᠶᠡᠯᠡᠭᠦᠯᠵᠦ᠂ ᠬᠤᠭᠤᠴᠠᠭ᠎ᠠ ᠦᠩᠭᠡᠷᠡᠭᠰᠡᠨ ᠪᠠᠶᠢᠪᠠᠯ

ᠬᠦᠯᠢᠶᠡᠨ ᠠᠪᠴᠤ ᠰᠢᠢᠳᠪᠦᠷᠢᠯᠡᠬᠦ ᠦᠭᠡᠢ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号