ᠬᠠᠷᠠᠴᠢᠨ ᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠣᠶᠢᠯᠠᠭᠠᠬᠤ ᠠᠵᠢᠯ ᠢ ᠢᠳᠡᠪᠬᠢᠲᠡᠶ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/12/7

    ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ

ᠴᠠᠭ ᠪᠣᠯ 11 ᠰᠠᠷ᠎ᠠ ᠶᠢᠨ 1 ᠤ ᠡᠳᠦᠷ ᠤᠨ ᠳᠠᠩ ᠴᠠᠭ ᠪᠣᠯᠤᠨ᠎ᠠ᠂ 10 ᠰᠠᠷ᠎ᠠ ᠶᠢᠨ 11 ᠤ ᠡᠳᠦᠷ ᠠᠴᠠ ᠡᠬᠢᠯᠡᠨ

᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠵᠤ ᠳᠠᠩᠰᠠᠯᠠᠬᠤ

ᠠᠵᠢᠯ ᠨᠢᠭᠡᠨᠳᠡ ᠡᠬᠢᠯᠡᠪᠡ᠃ ᠬᠡᠳᠦᠨ ᠡᠳᠦᠷ ᠤᠨ ᠲᠤᠷᠰᠢ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ

ᠾᠧ ᠮᠧᠢ ᠨᠡᠶᠢᠭᠡᠮ ᠲᠣᠭᠤᠷᠢᠭ ᠲᠠᠬᠢ ᠨᠡᠶᠢᠳᠡᠮ ᠪᠠᠶᠢᠴᠠᠭᠠᠭᠴᠢ ᠠᠶᠢᠯ ᠡᠷᠦᠬᠡ ᠳᠤ ᠣᠷᠣᠬᠤ ᠠᠷᠭ᠎ᠠ ᠮᠠᠶ᠋ᠢᠭ ᠢᠶᠠᠷ

ᠰᠠᠭᠤᠭᠠᠯᠢ ᠠᠷᠠᠳ ᠤᠨ ᠬᠦᠮᠦᠨ ᠠᠮᠠ ᠶᠢᠨ ᠮᠡᠳᠡᠭᠡ ᠵᠠᠩᠭᠢ ᠶᠢ ᠤᠯᠠᠮ ᠨᠢᠭᠡ ᠠᠯᠬᠤᠮ ᠬᠠᠷᠭᠤᠭᠤᠯᠵᠤ᠂ ︽

ᠡᠷᠦᠬᠡ ᠶᠢᠨ ᠡᠵᠡᠨ ᠤ ᠣᠪᠣᠭ ᠨᠡᠷ᠎ᠡ ᠶᠢᠨ ᠡᠬᠡ ᠳᠡᠪᠲᠡᠷ︾ ᠢ ᠲᠠᠭᠯᠠᠵᠤ᠂ ᠬᠠᠮᠤᠭ ᠡᠴᠦᠰ ᠲᠤ ᠰᠢᠰᠲ᠋ᠧᠮ ᠳᠤ

ᠤᠷᠤᠭᠤᠯᠵᠤ ᠬᠢᠨᠠᠨ ᠬᠠᠷᠭᠤᠭᠤᠯᠬᠤ ᠪᠤᠯᠤᠨ᠎ᠠ᠃

   ᠰᠠᠭᠤᠭᠠᠯᠢ ᠠᠷᠠᠳ ᠡᠳᠦᠷ ᠨᠢ ᠠᠵᠢᠯ ᠳᠤ ᠪᠠᠨ ᠭᠠᠷᠴᠤ ᠭᠡᠷ ᠲᠤ ᠨᠢ ᠬᠦᠮᠦᠨ ᠦᠭᠡᠢ ᠪᠠᠶᠢᠬᠤ ᠪᠠᠶᠢᠳᠠᠯ

ᠲᠤᠤᠷ᠎ᠠ᠂ ᠨᠡᠶᠢᠳᠡᠮ ᠪᠠᠶᠢᠴᠠᠭᠠᠭᠴᠢ ᠠᠮᠠᠷᠠᠯᠲᠠ ᠶᠢᠨ ᠴᠠᠭ ᠢᠶᠠᠨ ᠠᠰᠢᠭᠯᠠᠨ ᠭᠡᠷ ᠲᠤ ᠨᠢ ᠣᠴᠢᠵᠤ ᠳᠠᠩᠰᠠᠯᠠᠵᠤ᠂

ᠭᠡᠷ ᠲᠤ ᠨᠢ ᠣᠯᠠᠨ ᠤᠳᠠᠭ᠎ᠠ ᠤᠴᠢᠬᠤ ᠳᠤ ᠬᠦᠮᠦᠨ ᠦᠭᠡᠶ ᠪᠥᠭᠡᠳ ᠤᠰᠤ ᠴᠠᠬᠢᠯᠭᠠᠨ ᠬᠡᠷᠡᠭᠯᠡᠬᠦ ᠦᠭᠡᠶ

ᠪᠠᠶᠢᠬᠤ ᠶᠢ ᠨᠤᠲᠠᠯᠠᠭᠰᠠᠨ ᠪᠠᠶᠢᠳᠠᠯ ᠳᠣᠤᠷ᠎ᠠ ︽ᠭᠡᠷ ᠲᠤ ᠣᠷᠣᠬᠤ ᠮᠡᠳᠡᠭᠳᠡᠯ ᠤᠨ ᠪᠢᠴᠢᠭ︾ ᠨᠠᠭᠠᠵᠤ᠂ ᠮᠡᠳᠡᠭᠡ

ᠵᠠᠩᠭᠢ ᠨᠢ ᠣᠨᠣᠪᠴᠢᠲᠠᠶ᠂ ᠶᠠᠪᠤᠴᠠ ᠨᠢ ᠳᠥᠭᠦᠮ ᠳᠥᠲᠡ᠂  ᠪᠦᠷᠢᠳᠭᠡᠨ ᠣᠷᠣᠭᠤᠯᠬᠤ ᠨᠢ ᠲᠦᠷᠭᠡᠨ ᠪᠠᠶᠢᠬᠤ

ᠠᠵᠢᠯᠯᠠᠭᠠᠨ ᠤ ᠶᠠᠪᠤᠴᠠ ᠶᠢ ᠪᠡᠶᠡᠯᠡᠭᠦᠯᠵᠦ ᠴᠢᠳᠠᠪᠠ᠃

ᠳᠠᠷᠠᠭ᠎ᠠ ᠠᠯᠬᠤᠮ ᠳᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠬᠥᠮᠦᠨ ᠠᠮᠠ ᠶᠢᠨ ᠨᠡᠶᠢᠳᠡᠮ

ᠪᠠᠶᠢᠴᠠᠭᠠᠯᠲᠠ ᠶᠢᠨ ᠠᠵᠢᠯ ᠳᠤ ︽ᠨᠢᠭᠡ ᠡᠷᠦᠬᠡ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ

ᠪᠠᠳᠤᠯᠠᠵᠤ᠂ ᠨᠠᠷᠢᠯᠢᠭ ᠣᠨᠣᠴᠠᠲᠠᠶ ᠮᠡᠳᠡᠭᠡ ᠵᠠᠩᠭᠢ ᠶᠢ ᠬᠠᠮᠤᠭ ᠲᠡᠷᠢᠭᠦᠨ ᠳᠤ ᠴᠤᠭᠯᠠᠭᠤᠯᠵᠤ᠂ ᠲᠤᠭ᠎ᠠ

ᠪᠠᠷᠢᠮᠲᠠ ᠶᠢᠨ ᠡᠬᠢ ᠡᠭᠦᠰᠦᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠦᠨ ᠠᠮᠠ ᠶᠢᠨ ᠨᠡᠶᠢᠳᠡᠮ

ᠪᠠᠶᠢᠴᠠᠭᠠᠯᠲᠠ ᠶᠢᠨ ᠠᠵᠢᠯ ᠢ ᠭᠦᠨᠵᠡᠭᠡᠶ ᠥᠷᠨᠢᠭᠦᠯᠬᠦ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠵᠦ ᠴᠢᠳᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号