ᠪᠦᠬᠦ ᠬᠤᠰᠢᠭᠤᠨ ᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠮᠡᠶᠢᠷᠡᠨ ᠪᠠᠯᠭᠠᠰᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2020/12/7

 

   ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ

ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠡᠭᠦᠯ

ᠬᠤᠷᠢᠶᠠᠬᠤ ᠠᠵᠢᠯ ᠢ ᠡᠷᠴᠢᠮᠳᠡᠢ ᠪᠡᠶᠡᠯᠡᠭᠦᠯᠬᠦ ᠶᠢᠨ ᠲᠦᠯᠦᠭᠡ ᠣᠶᠢᠷ᠎ᠠ ᠳᠤ᠂ ᠪᠥᠬᠦ ᠬᠤᠰᠢᠭᠤᠨ ᠤ ᠰᠢᠶᠠᠩ ᠪᠠᠯᠭᠠᠰᠤ

ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠮᠡᠶᠢᠷᠡᠨ

ᠪᠠᠯᠭᠠᠰᠤᠨ ᠳᠤ ᠬᠤᠷᠠᠯᠳᠤᠪᠠ᠃

   ᠬᠤᠷᠠᠯ ᠳᠤ ᠣᠷᠣᠯᠴᠠᠭᠰᠠᠳ ᠮᠡᠶᠢᠷᠡᠨ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ

ᠠᠵᠢᠯ ᠤᠨ ᠵᠠᠭᠪᠤᠷ ᠢ ᠲᠣᠭᠤᠷᠢᠨ ᠦᠵᠡᠵᠡᠶ᠃ ᠮᠡᠶᠢᠷᠡᠨ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ

ᠠᠵᠢᠯ ᠤᠨ ᠲᠤᠷᠰᠢᠯᠭ᠎ᠠ   ᠶᠢ ᠨᠠᠷᠢᠨ ᠣ ᠶᠢᠯᠠᠭᠠᠪᠠ᠃

   ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠤᠯᠲᠠ ᠶᠢᠨ

ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠵᠦᠢᠯᠡᠰ ᠢ ᠪᠠᠶᠠᠯᠢᠭᠵᠢᠭᠤᠯᠵᠤ᠂ ᠣᠷᠣᠯᠠᠨ  

ᠭᠦᠢᠴᠡᠳᠭᠡᠬᠦ ᠦᠢᠯᠡᠴᠢᠯᠡᠭᠡ ᠶᠢ ᠲᠡᠭᠦᠯᠳᠡᠷᠵᠢᠬᠦᠯᠵᠦ᠂ ᠠᠷᠠᠳ ᠲᠤ ᠲᠥᠬᠦᠮ ᠦᠵᠡᠭᠦᠯᠬᠦ ᠴᠢᠳᠠᠪᠤᠷᠢ ᠶᠢ ᠲᠠᠰᠤᠷᠠᠯᠳᠠ

ᠦᠭᠡᠢ ᠳᠡᠭᠡᠭᠰᠢᠯᠡᠭᠦᠯᠬᠦ ᠬᠡᠷᠡᠭᠳᠡᠢ᠃

   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠲᠠᠨᠢᠯᠲᠠ ᠪᠠᠨ ᠳᠠᠬᠢᠨᠲᠠ ᠳᠡᠭᠡᠭᠰᠢᠯᠡᠭᠦᠯᠵᠦ᠂

ᠪᠦᠬᠦ ᠬᠤᠰᠢᠭᠤᠨ ᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ `

 ᠤᠨ ᠳᠦᠷᠢᠮᠵᠢᠭᠰᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠡᠭᠡᠳᠦ ᠱᠠᠲᠤᠨ ᠤ ᠲᠤᠰᠢᠶᠠᠭᠰᠠᠨ

ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠳᠡᠢ᠃

   ᠬᠤᠷᠠᠯ ᠠᠴᠠ ᠱᠠᠭᠠᠷᠳᠠᠭᠰᠠᠨ ᠨᠢ᠂ ᠲᠠᠷᠠᠭᠠᠴᠢ ᠶᠢᠨ ᠠᠯᠬᠤᠮ ᠳᠤ᠂ ᠡᠯ᠎ᠡ ᠰᠢᠶᠠᠩ ᠪᠠᠯᠭᠠᠰᠤ ᠨᠤᠭᠤᠳ

ᠰᠢᠰᠲ᠋ᠧᠮ ᠤᠨ ᠪᠠᠶᠢᠷᠢᠰᠢᠭᠤᠯᠤᠯᠲᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠲᠠᠨ ᠤ ᠣᠷᠣᠨ

ᠲᠤᠭ᠎ᠠ ᠶᠢᠨ  ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号