ᠬᠠᠷᠠᠴᠢᠨ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︽ᠣᠷᠴᠢᠨ ᠲᠣᠭᠤᠷᠢᠨ ᠤ ᠡᠷ ᠡᠭᠦᠯ ᠬᠠᠮᠠᠭᠠᠯᠠᠯ ᠢ ᠴᠡᠭᠴᠡᠯᠡᠨ ᠵᠠᠰᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ︾ ᠬ᠋᠊ ᠣᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/4/22
 4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠳᠣᠲᠣᠷᠠᠬᠢ ︽ᠬᠠᠪᠤᠷ ᠤᠨ ᠤᠯᠠᠷᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠶᠡᠭᠡ ᠱᠦᠭᠦᠷᠳᠡᠯᠲᠡ ᠬᠢᠬᠦ ᠠᠵᠢᠯᠯᠠᠭ᠎ᠠ ᠥᠷᠨᠢ ᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢ ᠬ᠋᠊ ᠤᠨ ᠠᠷᠠᠯᠵᠢᠶᠠᠨ ᠤ ᠲᠥᠪ ᠤᠨ ᠨᠠᠮ ᠤᠨ ᠡᠭᠦᠷ ᠪᠥᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠮᠠ ᠠᠨ ᠱᠠᠨ ᠭᠤᠤᠯ ᠤᠨ ᠬᠠᠷᠢᠭᠤᠴᠠᠯᠭᠠᠲᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠭ ᠴᠡᠯᠡᠨ ᠵᠠᠰᠠᠪᠠ᠃    ᠪᠦᠬᠦ ᠲᠠᠯ᠎ᠠ ᠪᠠᠷ ᠳᠠᠶᠢᠴᠢᠯᠠᠵᠤ᠂ ᠦᠳᠲᠡᠷ ᠲᠦᠷᠭᠡᠨ ᠬᠥᠳᠡᠯᠦᠯᠴᠡᠪᠡ᠃ ᠲᠥᠪ ᠨᠢ ᠲᠡᠷᠡ ᠳᠠᠷᠤᠢ ᠳᠤᠨᠢ ᠴᠤᠤᠷᠢᠶᠠᠲᠤᠬᠤ ᠶᠢᠨ ᠬᠠᠮᠲᠤ ᠡᠨᠡᠬᠦ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴ ᠡᠯᠡᠨ ᠵᠠᠰᠠᠬᠤ ᠠᠵᠢᠯ ᠢ ᠨᠠᠮ ᠤᠨ ᠡᠭᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠭᠤᠯᠭ᠎ᠠ ᠤ ᠣᠯᠭᠠᠵᠤ᠂ ᠲᠥᠪ ᠤᠨ ᠪᠦᠬᠦ ᠨᠠᠮ ᠤᠨ ᠭᠡᠰᠢᠭᠦᠨ ᠺᠠᠳ᠋ᠷ ᠪᠤᠵᠠᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠪᠦᠬᠦ ᠤᠷᠳᠤ ᠨᠢ 39 ᠮᠧᠳ᠋ᠷ ᠪᠠᠶᠢᠭ᠎ᠠ ᠣᠷᠣᠨ ᠪᠦᠰᠡ ᠳᠤ ᠪᠤᠵᠠᠷ ᠪᠤᠷᠲᠠᠭ ᠢ ᠠᠷᠢᠯᠭᠠᠨ ᠰᠠᠮᠠᠭᠤᠷᠠᠯ ᠢ ᠵᠠᠰᠠᠵᠤ᠂ ᠭᠤᠣᠯ ᠤᠨ ᠵᠠᠮ ᠢ ᠴᠡᠪᠡᠷᠯᠡᠭᠰᠡᠨ ᠪᠠᠶᠢᠨ᠎ᠠ᠃    ᠣᠷᠴᠢᠨ ᠲᠣᠭᠤᠷᠢᠨ ᠢ ᠬᠠᠶᠢᠷᠠᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠤᠯ ᠤᠨ ᠵᠠᠮ ᠢ ᠣᠯᠠᠨ ᠵᠢᠯ ᠴᠡᠪᠡᠷᠯᠡᠭᠰᠡᠨ ᠥᠬᠡᠶ ᠪᠣᠯᠬᠤᠷ ᠭᠤᠤᠯ ᠤᠨ ᠵᠠᠮ ᠳᠤ ᠡᠯ᠎ᠡ ᠵᠦᠶ᠋ᠯ ᠤᠨ ᠬᠠᠶᠠᠭᠳᠠᠮᠠᠯ ᠪᠣᠳᠠᠰ ᠣᠪᠣᠭᠠᠯᠠᠵᠤ ᠪᠣᠶ᠂ ᠲᠥᠪ ᠤᠨ ᠠᠵᠢᠯᠲᠠᠨ ᠲᠡᠮᠦᠷ ᠬᠦᠷᠵᠡ ᠬᠤᠰᠤᠭᠤᠷ᠂ ᠬᠤᠶᠠᠷ ᠭᠠᠷ ᠢᠶᠠᠷ ᠲᠡᠭᠦᠬᠦ ᠵᠡᠷᠭᠡ ᠠᠷᠭ᠎ᠠ ᠮᠠᠶ᠋ᠢᠭ ᠢᠶᠠᠷ ᠭᠤᠤᠯ ᠤᠨ ᠵᠠᠮ ᠤᠨ ᠬᠤᠭ ᠨᠣᠪᠰᠢ ᠪᠠ ᠪᠤᠵᠠᠷ ᠡᠪᠡᠰᠦ ᠶᠢ ᠲᠦᠢᠯᠪᠤᠷᠢᠲᠠᠶ ᠴᠡᠪᠡᠷᠯᠡᠵᠦ᠂ ᠨᠡᠶᠢᠲᠡ 8 ᠤᠭᠤᠲᠠ ᠬᠤᠭ ᠨᠣᠪᠰᠢ ᠶᠢ ᠴᠡᠪᠡᠷᠯᠡᠨ ᠭᠠᠷᠭᠠᠪᠠ᠃ ᠬᠤᠶᠠᠳᠤᠭᠠᠷ ᠤᠳᠠᠭ᠎ᠠ ᠪᠣᠬᠢᠷᠲᠤᠬᠤ ᠠᠴᠠ ᠵᠠᠶᠢᠯᠠᠰᠬᠢᠬᠦ ᠶᠢᠨ ᠲᠥᠯᠥᠭᠡ᠂ ᠬᠡᠷᠡᠭ ᠤᠨ ᠳᠠᠷᠠᠭ᠎ᠠ ᠴᠡᠪᠡᠷᠯᠡᠵᠦ ᠭᠠᠷ ᠭᠠᠭᠰᠠᠨ ᠬᠤᠭ ᠨᠣᠪᠰᠢ ᠶᠢ ᠬᠤᠭ ᠨᠣᠪᠰᠢ ᠴᠤᠭᠯᠠᠭᠤᠯᠬᠤ ᠭᠠᠵᠠᠷ ᠲᠤ ᠵᠥᠭᠡᠭᠡᠪᠦᠷᠢᠯᠡᠨ ᠠᠪᠠᠴᠢᠵᠤ ᠰᠢᠶ᠋ᠳᠪᠦᠷᠢᠯᠡᠭᠡᠳ᠂ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠡᠷᠡᠭᠦᠯ ᠬᠠᠮᠠᠭᠠᠯᠠᠯ ᠢ ᠶᠡᠭᠡ ᠪᠠᠷ ᠰᠠᠶᠢᠵᠢᠷᠠᠭᠤᠯᠪᠠ᠃    ᠲᠣᠭᠲᠠᠴᠠ ᠶᠢ ᠪᠠᠶᠢᠭᠤᠯᠵᠤ᠂ ᠬᠠᠷᠠᠯᠲᠠ ᠪᠠᠨ ᠪᠡᠶᠡᠯᠡᠭᠦᠯᠦᠨ᠎ᠡ᠃ ᠬᠥᠮᠦᠨ ᠨᠣᠭᠤᠭᠠᠨ ᠳᠤ ᠪᠠᠨ ᠵᠥᠪ ᠬᠦ᠋ᠢ᠂ ᠨᠣᠭᠤᠭᠠᠨ ᠬᠥᠮᠦᠨ ᠬᠦᠩ ᠳᠤ ᠪᠠᠨ ᠵᠥᠪ ᠬᠦ᠋ᠢ . ᠲᠥᠪ ᠠᠴᠠ ᠦᠷᠭᠦᠯᠵᠢᠯᠡᠨ ᠣᠷᠴᠢᠨ ᠲᠣᠭᠤᠷᠢᠨ᠂ ᠬᠢᠵᠢᠭ ᠰᠡᠷᠭᠡᠶᠢᠯᠡᠬᠦ ᠪᠠᠶᠢᠳᠠᠯ᠂ ᠡᠷᠡᠭᠦᠯ ᠮᠡᠨᠳᠦ ᠶᠢ ᠪᠠᠲᠤᠯᠠᠬ ᠤ ᠪᠠᠷ ᠬᠠᠷᠠᠯᠲᠠ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠨᠠᠮ ᠤᠨ ᠵᠣ ᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶ᠋ᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱ ᠢᠶᠡᠴᠢ ᠦᠶ᠋ᠯᠡᠳᠦᠯ ᠢ ᠦᠨᠡᠨ ᠬᠦ ᠪᠠᠳᠠᠷᠠᠭᠤᠯᠵᠤ᠂ ᠬᠠᠷᠢᠭᠤᠴᠠᠯᠭᠠᠲᠤ ᠣᠷᠣᠨ ᠪᠦᠰᠡ ᠶᠢ ᠲᠣᠭᠲᠠᠮᠠᠯ ᠬᠤᠭᠤᠴᠠᠭ᠎ᠠ ᠲ᠊ ᠠᠶ ᠪᠠᠷ ᠴᠡᠪᠡᠷᠯᠡᠨ ᠴᠡᠭᠴᠡᠯᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠤ ᠠᠯᠪᠠᠨ ᠵᠠᠷᠤᠴᠠ ᠶᠢᠨ ᠬᠠᠷᠢᠭᠤᠴᠠᠯᠭ᠎ᠠ ᠶᠢ ᠦᠶ᠋ᠯᠡᠳᠦᠯᠭᠡᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠵᠤ᠂ ᠥᠷᠭᠡᠨ ᠣᠯᠠᠨ ᠲᠦᠮᠡᠨ ᠳᠤ ᠰᠠ ᠶᠢᠨ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号