ᠬᠤᠶᠠᠷ ᠬᠤᠷᠠᠯ ᠤᠨ ᠬᠤᠭᠤᠯᠠ ᠤᠮᠳᠠ ᠬᠤᠨᠤᠭ ᠪᠠᠭᠤᠳᠠᠯ ᠤᠨ ᠬᠤᠷᠠᠯ ᠤᠨ ᠲᠠᠯᠠᠪᠠᠢ ᠵᠡᠷᠭᠡ ᠪᠠᠲᠤᠯᠠᠭ᠎ᠠ ᠶᠢᠨ ᠠᠵᠢᠯ ᠤᠨ ᠪᠡᠯᠡᠳᠬᠡᠯ ᠳᠠᠭᠤᠰᠪᠠ
ᠨᠡᠶᠢᠲᠡᠯᠡᠭᠰᠡᠨ ᠴᠠᠭ᠄
2020/4/22
4 ᠰᠠᠷ᠎ᠠ ᠶᠢᠨ 20 ᠤ ᠡᠳᠦᠷ᠂ ᠬᠤᠶᠠᠷ ᠬᠤᠷᠠᠯ ᠤᠨ ᠬᠤᠭᠤᠯᠠ ᠤᠮᠳᠠ ᠬᠤᠨᠤᠭ᠂ ᠬᠤᠷᠠᠯ ᠤᠨ ᠲᠠᠯᠠᠪᠠᠶ ᠵᠡᠷᠭᠡ ᠪᠠᠲ ᠤᠯᠠᠭ᠎ᠠ ᠶᠢᠨ ᠠᠵᠢᠯ ᠤᠨ ᠪᠠᠶᠢᠳᠠᠯ ᠢ ᠣᠶᠢᠯᠠᠭᠠᠬᠤ ᠶᠢᠨ ᠲᠥᠯᠥᠭᠡ᠂ ᠰᠤᠷᠪᠤᠯᠵᠢᠯᠠᠭᠴᠢ ᠵᠢᠨᠱᠠᠨ ᠤ ᠤᠷᠠᠯᠢᠭ ᠤᠨ ᠲᠥᠪ ᠪᠠ ᠵᠢᠨᠱᠠᠨ ᠵᠣᠴᠢᠳ ᠤᠨ ᠪᠠᠭᠤᠳᠠᠯ ᠪᠠ ᠵᠣᠴᠢᠳ ᠤᠨ ᠪᠠᠭᠤᠳᠠᠯ ᠳᠤ ᠬᠦᠷᠴᠦ ᠢᠷᠡᠪᠡ᠃    ᠵᠢᠨᠱᠠᠨ ᠤ ᠤᠷᠠᠯᠢᠭ ᠤᠨ ᠲᠥᠪ ᠲᠤ᠂ ᠰᠤᠷᠪᠤᠯᠵᠢᠯᠠᠭᠴᠢ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠋ ᠠ ᠶᠢᠨ ᠲᠥᠪ ᠤᠨ ᠠᠵᠢᠯᠲᠠᠳ ᠠᠷᠢᠭᠤᠳᠬᠠᠵᠤ ᠪᠠᠶᠢᠬᠤ ᠶᠢ ᠣᠯᠵᠤ ᠦᠵᠡᠪᠡ᠃ ᠠᠳᠡ ᠪᠣᠯ ︽ᠬᠤᠶᠠᠷ ᠬᠤᠷᠠᠯ︾ ᠤᠨ ᠭᠤᠤᠯ ᠬᠤᠷᠠᠯ ᠤᠨ ᠲᠠᠯᠠᠪᠠᠶ ᠪᠣᠯᠤᠨ᠎ᠠ᠂ ᠬᠤᠶᠠᠷ ᠬᠤᠷᠠᠯ ᠤᠨ ᠬᠤᠭᠤᠴᠠᠭᠠᠨ ᠳᠤ 300 ᠭᠠᠷᠤᠶ ᠬᠥᠮᠦᠨ ᠣᠷᠣᠵᠤ ᠭᠠᠷᠤᠨ᠎ᠠ᠂ ᠬᠢᠵᠢᠭ ᠢ ᠰᠡᠷᠭᠡᠶᠢᠯᠡᠬᠦ ᠠᠷᠢᠭᠤᠳᠬᠠᠬᠤ ᠪᠣᠯ ᠲᠦᠢᠯ ᠤᠨ ᠴᠢᠬᠤᠯᠠ ᠨᠢ ᠭᠡ ᠭᠤᠭᠴᠤᠭ᠎ᠠ ᠪᠣᠯᠤᠨ᠎ᠠ᠃ ᠬᠤᠷᠠᠯ ᠤᠨ ᠲᠠᠯᠠᠪᠠᠶ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠲᠡᠳᠡ ᠡᠭᠦᠷᠭᠡ ᠶᠢ ᠣᠯᠤᠭᠰᠠᠨ ᠤ ᠳᠠᠷ ᠠᠭ᠎ᠠ ᠪᠦᠬᠦ ᠬᠥᠮᠦᠰ ᠢ ᠬᠥᠳᠡᠯᠭᠡᠵᠦ ᠡᠷᠡᠭᠦᠯ ᠬᠠᠮᠠᠭᠠᠯᠠᠯ ᠬᠢᠵᠦ ᠬᠢᠵᠢᠭ ᠢ ᠰᠡᠷᠭᠡᠶᠢᠯᠡᠬᠦ ᠠᠷᠢᠭᠤᠳᠬᠠᠯᠲᠠ ᠬᠢ ᠵᠡᠶ᠃ ᠬᠤᠷᠠᠯ ᠤᠨ ᠲᠠᠯᠠᠪᠠᠶ ᠶᠢᠨ ᠣᠷᠣᠨ ᠵᠠᠶ ᠶᠡᠭᠡ ᠪᠣᠯᠬᠤᠷ᠂ ᠬᠤᠰᠢᠭᠤᠨ ᠤ ᠬᠢᠵᠢᠭ ᠢ ᠬᠢᠵᠠᠭᠠᠷᠯᠠᠬᠤ ᠲᠥᠪ ᠠᠭᠠᠷ ᠤ ᠨ᠊ ᠠᠷᠢᠭᠤᠳᠬᠠᠬᠤ ᠮᠠᠰᠢᠨ᠂ ᠭᠠᠷ ᠠᠷᠢᠭᠤᠳᠬᠠᠬᠤ ᠮᠠᠰᠢᠨ᠂ ᠬᠥᠭᠡᠰᠦᠷᠬᠡᠭ ᠢᠯᠲᠠᠰᠤ ᠵᠡᠷᠭᠡ ᠶᠢ ᠬᠠᠩᠭᠠᠵᠤ᠂ ᠲᠤᠰ ᠬᠠᠶ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪ ᠤᠨ ᠠᠵᠢᠯᠲᠠᠳ ᠢ ᠪᠣᠯᠪᠠᠰᠤᠷᠠᠭᠤᠯᠵᠤ᠂ ᠭᠤᠤᠯ ᠬᠤᠷᠠᠯ ᠤᠨ ᠲᠠᠯᠠᠪᠠᠶ᠂ ᠬᠤᠪᠢᠶᠠᠷᠢ ᠬᠤᠷᠠᠯ ᠤᠨ ᠲᠠᠯᠠᠪᠠᠶ ᠪᠠ ᠶᠠᠷᠢᠯᠴᠠᠬᠤ ᠲᠠᠰᠤᠭ ᠤᠨ ᠠᠷᠢᠭᠤᠳᠬᠠᠨ ᠬᠢᠵᠢᠭ ᠰᠡᠷᠭᠡᠶᠢᠯᠡᠬᠦ ᠠᠵᠢᠯ ᠢ ᠬᠠᠷᠢᠭᠤᠴᠠᠵᠤ᠂ ᠡᠳᠦᠷ ᠲᠤ ᠨᠠᠭᠠᠳᠤ ᠵᠠᠬ᠎ᠠ ᠳᠠᠭᠠᠨ ᠳᠥᠷᠪᠡᠨ ᠤᠳᠠᠭ᠎ᠠ ᠠᠷᠢᠭᠤᠳᠬᠠᠨ᠂ ᠠᠷᠢᠭᠤᠳᠬᠠᠭᠰᠠᠨ ᠲᠠᠯᠠᠪᠠᠶ ᠲᠦᠮᠡᠨ ᠲᠡᠭᠰᠢ ᠬᠦᠷᠴᠦ᠂ ᠬᠤᠷᠠᠯ ᠳᠤ ᠣᠷᠣᠯᠴᠠᠭᠰᠠᠳ ᠲᠤ ᠠᠮᠤᠷ ᠲᠦᠪᠰᠢᠨ᠂ ᠡᠷᠡᠭᠦᠯ ᠡᠩᠬᠡ ᠬᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠵᠥᠪᠯᠡᠯᠭᠡᠨ ᠤ ᠲᠣᠬᠢᠷᠠᠭᠤᠯᠤᠯᠲ ᠠ ᠪᠠᠶᠢᠷᠢᠯᠠᠭᠤᠯᠤᠯᠲᠠ ᠶᠢ ᠦᠨᠳᠦᠰᠦᠯᠡᠨ᠂ ᠵᠢᠨᠱᠠᠨ ᠵᠣᠴᠢᠳ ᠤᠨ ᠪᠠᠭᠤᠳᠠᠯ ᠪᠠ ᠵᠣᠴᠢᠳ ᠤᠨ ᠪᠠᠭᠤᠳᠠᠯ ᠤᠨ ᠨᠢᠭᠡ ᠪᠦᠯᠦᠭ ︽ᠬᠤᠶᠠᠷ ᠬᠤᠷᠠᠯ︾ ᠤᠨ ᠲᠥᠯᠥᠭᠡᠯᠡᠭᠴᠢ ᠭᠡᠰᠢᠭᠦᠳ ᠤᠨ ᠭᠥᠯᠢᠶᠡᠨ ᠠᠪᠬᠤ ᠡᠭᠦᠷᠭᠡ ᠶᠢ ᠡᠭᠦᠷᠭᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号