ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠ ᠨ᠊ ᠳᠤ ᠣᠷᠣᠯᠴᠠᠭᠰᠠᠨ ᠭᠡᠰᠢᠭᠦᠨ ᠵᠢᠨᠱᠠᠨ ᠵᠣᠴᠢᠳ ᠤᠨ ᠪᠠᠭᠤᠳᠠᠯ ᠳᠤ ᠬᠦᠷᠴᠦ ᠨᠡᠷ᠎ᠡ ᠮᠡᠳᠡᠭᠦᠯᠪᠡ
ᠨᠡᠶᠢᠲᠡᠯᠡᠭᠰᠡᠨ ᠴᠠᠭ᠄
2020/4/22
4 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠵᠢᠨᠱᠠᠨ ᠵᠣᠴᠢᠳ ᠤᠨ ᠪᠠᠭᠤᠳᠠᠯ ᠤᠨ ᠨᠢᠭᠡ ᠬᠡᠰᠡᠭ ᠲᠤ ᠬᠦᠷᠴᠦ ᠨᠡᠷ᠎ᠡ ᠮᠡᠳᠡᠭᠦᠯᠪᠡ᠃ ᠳᠠᠷᠠᠭᠠᠴᠢ ᠶᠢᠨ ᠬᠤᠶᠠᠷ ᠡᠳᠦᠷ ᠲᠤ᠂ ᠮᠠᠨ ᠤ ᠬᠤᠰᠢᠭᠤᠨ ᠤ ᠡᠯ᠎ᠡ ᠹᠷᠣᠨᠲ᠂ ᠠᠳᠠᠯᠢ ᠪᠤᠰᠤ ᠡᠲᠡᠭᠡᠳ ᠤᠨ ᠢᠯᠭᠠᠯ᠂ ᠠᠳᠠᠯᠢ ᠪᠤᠰᠤ ᠠᠵᠢᠯ ᠲᠥᠷᠥᠯ ᠠᠴᠠ ᠢᠷᠡᠭᠰᠡᠨ ᠡᠳᠡᠭᠡᠷ ᠭᠡᠰᠢᠭᠦᠳ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶ᠊ ᠢ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶ᠋ᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠪᠣᠯᠤᠨ᠎ᠠ᠃     ᠶᠢᠨ ᠱᠠᠨ ᠵᠣᠴᠢᠳ ᠤᠨ ᠪᠠᠭᠤᠳᠠᠯ ᠤᠨ ᠨᠢᠭᠡ ᠬᠡᠰᠡᠭ ᠲᠤ᠂ ᠭᠡᠰᠢᠭᠦᠳ ᠵᠣᠴᠢᠳ ᠤᠨ ᠪᠠᠭᠤᠳᠠᠯ ᠤᠨ ᠡᠭᠦᠳᠡᠨ ᠳᠡᠭᠡᠷ᠎ᠡ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠭᠰᠡᠨ ᠤ ᠳᠠᠷᠠᠭ᠎ᠠ ᠵᠣᠴᠢᠳ ᠤᠨ ᠪᠠᠭᠤᠳᠠᠯ ᠤᠨ ᠶᠡᠭᠡ ᠲᠢᠩᠬᠢᠮ ᠳᠤ ᠣᠷᠣᠵᠤ ᠨᠡᠷ᠎ᠡ ᠮᠡᠳᠡᠭᠦᠯᠦᠭᠰᠡᠨ ᠢ ᠰᠤᠷᠪᠤᠯᠵᠢᠯᠠᠭᠴᠢ ᠣᠯᠵᠤ ᠦᠵᠡᠪᠡ᠃ ᠣᠯᠠᠨ ᠢᠶᠠᠷ ᠢᠶᠠᠨ ᠠᠮᠠᠪᠴᠢ ᠵᠡᠭᠦᠵᠦ᠂ ᠵᠠᠶ ᠪᠠᠨ ᠪᠠᠲᠤᠯᠠᠵᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯ ᠠᠬᠤ᠂ ︽ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠶᠢᠨ ᠬᠦᠰᠦᠨᠦᠭᠲᠦ︾ ᠲᠤᠰᠢᠶᠠᠬᠤ᠂ ᠠᠮᠠᠪᠴᠢ᠂ ᠪᠡᠶ᠎ᠡ ᠶᠢᠨ ᠳᠤᠯᠠᠭᠠᠨ ᠤ ᠬᠡᠮᠵᠢᠭᠦᠷ᠂ ᠤᠰᠤᠨ ᠴᠣᠮᠣ ᠂ ᠬᠤᠷᠠᠯ ᠳᠤ ᠣᠷᠣᠯᠴᠠᠬᠤ ᠮᠠᠲ᠋ᠧᠷᠢᠶᠠᠯ ᠪᠠ ᠭᠡᠷᠡᠴᠢ ᠲᠡᠮᠳᠡᠭ ᠢᠶᠠᠨ ᠠᠪᠴᠤ᠂ ᠲᠤᠬᠠᠶ ᠶᠢᠨ ᠲᠠᠯᠠᠪᠤᠷ ᠲᠤ ᠬᠦᠷᠴᠦ ᠡᠮᠬᠢ ᠳᠢᠭᠯᠢᠮ ᠲᠠᠢ ᠪᠠᠶᠢᠨ᠎ᠠ᠃    ᠬᠢᠵᠢᠭ ᠤᠨ ᠨᠥᠯᠥᠭᠡ ᠠᠴᠠ ᠪᠣᠯᠵᠣ᠂ ᠡᠨᠡ ᠵᠢᠯ ᠤᠨ ᠬᠤᠷᠠᠯ ᠨᠢ ᠬᠡᠯᠪᠡᠷᠢ ᠳᠡᠭᠡᠷ᠎ᠡ ᠪᠠᠨ ᠥᠩᠭᠡᠷᠡᠭᠰᠡᠨ ᠵᠢᠯ ᠤᠨ ᠬᠢ ᠠᠴᠠ ᠮᠠᠰᠢ ᠶᠡᠭᠡ ᠬᠤᠪᠢᠷᠠᠯᠲᠠ ᠲᠠᠢ ᠪᠣᠯᠵᠣ᠂ ᠠᠩᠬ᠎ᠠ ᠤᠳᠠᠭ᠎ᠠ ︽ᠭᠤᠤᠯ ᠬᠤᠷᠠᠯ ᠤᠨ ᠲᠠᠯᠠᠪᠠᠶ + ᠬᠤᠪᠢᠶᠠᠷᠢ ᠬᠤᠷᠠᠯ ᠤᠨ ᠲᠠᠯᠠᠪᠠᠶ︾ ᠶᠢᠨ ᠬᠠᠷᠠᠭᠠᠨ ᠳᠠᠪᠲᠠᠮᠵᠢ ᠶᠢᠨ ᠵᠠᠭᠪᠤᠷ ᠢ ᠬᠡᠷᠡᠭᠯᠡᠵᠦ᠂ ᠤᠯᠤᠰ ᠲᠥᠷᠥ ᠶᠢᠨ ᠵᠥᠪ ᠯᠡᠯᠭᠡᠨ ᠤ ᠭᠡᠰᠢᠭᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷ ᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠰᠤᠯᠠ ᠣᠷᠣᠯᠴᠠᠨ᠎ᠠ᠃ ᠬᠤᠷᠠᠯ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠤᠷᠠᠯ ᠤᠨ ᠲᠠᠯᠠ ᠪᠠᠢ ᠶᠢ ᠴᠢᠩᠭ᠎ᠠ ᠪᠠᠶᠢᠷᠢᠯᠠᠭᠤᠯᠵᠤ᠂ ᠰᠠᠭᠤᠳᠠᠯ ᠤᠨ ᠵᠠᠶ ᠶᠢ ᠨᠡᠮᠡᠭᠳᠡᠭᠦᠯᠬᠦ ᠶᠢᠨ ᠬᠠᠮᠲᠤ ᠬᠤᠷᠠᠯ ᠳᠤ ᠣᠷᠣᠯᠴᠠ ᠭᠰᠠᠳ ᠢ ᠬᠤᠷᠠᠯ ᠤᠨ ᠲᠠᠯᠠᠪᠠᠢ ᠠᠴᠠ ᠪᠦᠬᠦ ᠶᠠᠪᠤᠴᠠ ᠳᠤ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠤ ᠰᠢᠯᠭᠠ ᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠂ ᠬᠡᠷᠪᠡ ᠪᠡᠶ᠎ᠡ ᠮᠠᠬᠠᠪᠣᠳ ᠬᠡᠪ ᠤᠨ ᠪᠤᠰᠤ ᠪᠠᠶ ᠢᠳᠠᠯ ᠭᠠᠷᠪᠠᠯ᠂ ᠴᠠᠭ ᠲᠤᠬᠠᠶ ᠳᠤᠨᠢ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠲᠤ ᠮᠡᠳᠡᠭᠦᠯᠬᠦ ᠬᠡᠷᠡᠭᠲᠡᠶ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠰᠢ ᠣᠯᠠᠨ ᠭᠡᠰᠢᠭᠦᠳ ᠬᠤᠷᠠᠯ ᠠᠴᠠ ᠡᠮᠦᠨ᠎ᠡ ᠦᠨᠳᠦᠰᠦᠨ ᠱᠠᠲᠤ ᠨ᠊ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠭᠤᠤᠯᠳᠠᠯᠭ᠎ᠠ ᠲ᠊ ᠠᠶ ᠬᠠᠯᠠᠮᠰᠢᠯ ᠠᠰᠠᠭᠤᠳᠠᠯ ᠤᠨ ᠲᠤᠬᠠᠶ ᠮᠠᠰᠢ ᠣᠯᠠᠨ ᠰᠠᠨᠠᠯ ᠳᠤᠷᠠᠳᠤᠯᠭ᠎ᠠ ᠶᠢ ᠲᠤᠭᠤᠷᠪᠢᠵᠤ᠂ ᠠᠭᠤᠯᠭ᠎ᠠ ᠨᠢ ᠶᠠ ᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠂ ᠠᠷᠠᠳ ᠤᠨ ᠠᠮᠢᠳᠤᠷᠠ ᠯ᠊ ᠤᠨ ᠠᠵᠠ ᠵᠢᠷᠭᠠᠯ ᠵᠡᠷᠭᠡ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠬᠤᠯᠪᠣᠭᠳᠠᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号