ᠬᠠᠷᠠᠴᠢᠨ ᠬᠤᠰᠢᠭᠤᠨ ᠤ ᠴᠠᠭ ᠠᠭᠤᠷ ᠤᠨ ᠲᠣᠪᠴᠢᠶ᠎ᠠ ᠬᠥᠮᠦᠨ ᠤ ᠬᠦᠴᠦ ᠪᠠᠷ ᠪᠣᠷᠣᠭᠠᠨ ᠨᠡᠮᠡᠬᠦ ︵ᠴᠠᠰᠤ︶ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/4/26
4 ᠰᠠᠷ᠎ᠠ ᠶᠢᠨ 16 ᠤ ᠡᠳᠦᠷ᠂ ᠰᠤᠷᠪᠤᠯᠵᠢᠯᠠᠭᠴᠢ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠠᠵᠢᠯᠲᠠᠨ ᠢ ᠳᠠᠭ ᠠᠵᠤ ᠸᠠᠩ ᠶᠧ ᠹᠦ᠋ ᠪᠠᠯᠭᠠᠰᠤᠨ ᠤ ᠶᠢᠨ ᠵᠢᠶᠠᠩ ᠶᠢᠩᠽᠢ ᠲᠣᠰᠬᠤᠨ ᠳᠤ ᠬᠦᠷᠴᠦ᠂ ᠠᠵᠢᠯᠲᠠᠨ ᠲᠡᠶᠢᠷᠦᠯᠲᠦ ᠰᠤᠮᠤ ᠪᠠᠨ ᠲᠡᠶᠢᠷᠦᠯᠲᠦ ᠰᠤᠮᠤ ᠶᠢᠨ ᠵᠢᠶᠠᠰᠠ ᠳᠤ ᠴᠡᠨᠡᠭᠯᠡᠭᠰᠡᠨ ᠢ ᠣᠯᠵᠤ ᠦᠵᠡᠪᠡ᠃ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠤ ᠳᠠᠷᠠᠭ᠎ᠠ᠂ ᠬᠠᠷᠪᠤᠯᠲᠠ ᠶᠢᠨ ᠪᠡᠯᠡᠳᠬᠡᠯ ᠪᠠᠢᠳᠠᠯ ᠳᠤ ᠣᠷᠣᠨ᠎ᠠ᠃ ᠠᠵᠢᠯᠲᠠᠳ ᠠᠭᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠭᠠᠷ ᠤᠨ ᠣᠷᠣᠨ ᠪᠦᠰᠡ ᠶᠢ ᠭᠤᠶᠤᠴᠢᠯᠠᠵ ᠤ᠂ ᠬᠠᠷᠪᠤᠯᠲᠠ ᠶᠢᠨ ᠬᠠᠷᠢᠭᠤᠯᠲᠠ ᠶᠢ ᠣᠯᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠠᠶ ᠳᠤ ᠶᠡᠭᠡ ᠳᠠᠭᠤ ᠪᠠᠷ ᠲᠡᠶᠢᠷᠦᠯᠲᠦ ᠰᠤᠮᠤ ᠠᠮᠵᠢᠯᠲᠠ ᠲᠠᠢ ᠬᠠᠷᠪᠤᠵᠠᠶ᠃        ᠬᠤᠰᠢᠭᠤᠨ ᠤ ᠴᠠᠭ ᠠᠭᠤᠷ ᠤᠨ ᠬᠤᠷᠢᠶᠠᠨ ᠤ ᠲᠥᠰᠦᠭᠡᠯᠡᠭᠰᠡᠨ ᠢᠶᠠᠷ᠂ 4 ᠰᠠᠷ᠎ᠠ ᠶᠢᠨ 16 ᠤ ᠡᠳᠦᠷ᠂ ᠮᠠᠨ ᠤ ᠬᠤᠰ ᠢᠭᠤ ᠶᠡᠭᠡ ᠬᠡᠪᠴᠢᠶᠡᠨ ᠤ ᠰᠢᠷᠦᠭᠦᠨ ᠪᠣᠷᠣᠭᠠᠨ ᠣᠷᠣᠬᠤ ᠴᠠᠭ ᠠᠭᠤᠷ ᠤᠨ ᠶᠠᠪᠤᠴᠠ ᠶᠢ ᠤᠭᠲᠤᠨ ᠠᠪᠴᠤ᠂ ᠬᠠᠷᠠᠴᠢᠨ ᠬᠤᠰ ᠢᠭᠤᠨ ᠤ ᠲᠣᠪᠴᠢᠶ᠎ᠠ ᠠᠰᠢᠭᠲᠠᠶ ᠴᠠᠭ ᠲᠣᠬᠢᠶᠠᠯ ᠢ ᠠᠮᠵᠢᠵᠤ᠂ ᠬᠥᠮᠦᠨ ᠤ ᠬᠦᠴᠦ ᠪᠠᠷ ᠪᠣᠷᠣᠭᠠᠨ ᠨᠡᠮᠡᠬᠦ ︵ᠴᠠᠰᠤ︶ ᠠᠵᠢᠯ ᠥᠷᠨᠢᠭᠦᠯᠬᠦ ᠪᠠᠷ ᠲᠣᠭᠲᠠᠵᠠᠶ᠃ ᠨᠠᠷᠢᠨ ᠨᠢᠮᠪᠠᠶ ᠪᠡᠯᠡᠳᠬᠡᠯ ᠢᠶᠠᠷ ᠳᠡᠮᠵᠢᠨ᠂ ᠤᠷᠢᠳ ᠬᠤᠵᠢᠳ ᠸᠠᠩ ᠶᠧ ᠹᠦ᠋ ᠪᠠᠯᠭᠠᠰᠤᠨ ᠤ ᠶᠢᠨ ᠵᠢᠶᠠᠩ ᠶᠢᠩᠽᠢ ᠲᠣᠰᠬᠤᠨ᠂ ᠮᠠ ᠠᠨ ᠱᠠᠨ ᠲᠣᠰᠬᠤᠨ ᠤ ᠠᠵᠢᠯᠯᠠᠬᠤ ᠴᠡᠭ ᠲᠤ ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠪᠣᠷᠣᠭᠠᠨ ᠨᠡᠮ ᠡᠭᠳᠡᠭᠦᠯᠬᠦ ︵ᠴᠠᠰᠤ︶ ᠶᠢᠨ ᠠᠵᠢᠯ ᠬᠢᠵᠦ᠂ ᠲᠣᠰ ᠤᠳᠠᠭᠠᠨ ᠤ ᠠᠵᠢᠯ ᠳᠤ ᠨᠡᠶᠢᠲᠡ 15 ᠲᠡᠶᠢᠷᠦᠯᠲᠦ ᠰᠤᠮᠤ ᠬᠠᠷᠪᠤᠵ ᠤ᠂ ᠠᠵᠢᠯ ᠨᠢ ᠵᠢᠱᠢᠭᠰᠡᠨ ᠦᠷ᠎ᠡ ᠪᠦᠲᠦᠮᠵᠢ ᠳᠤ ᠬᠦᠷᠴᠡᠶ᠃        ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠬᠥᠮᠦᠨ ᠤ ᠬᠦᠴᠦ ᠪᠠᠷ ᠪᠣᠷᠣᠭᠠᠨ ᠨᠡᠮᠡᠭᠳᠡᠭᠦᠯᠬᠦ ︵ᠴᠠᠰᠤ︶ ᠠᠵᠢ ᠯᠯᠠᠬᠤ ᠳᠤ ᠬᠡᠷᠡᠭᠯᠡᠬᠦ ᠠᠷᠭ᠎ᠠ ᠮᠠᠶ᠋ᠢᠭ ᠨᠢ ᠲᠡᠢᠷᠦᠯᠲᠦ ᠰᠤᠮᠤ ᠪᠠᠷ ᠭᠤᠤᠯ ᠪᠣᠯᠭᠠᠵᠤ᠂ ᠳᠠᠷᠤᠶ ᠣᠭᠲᠠᠷᠭᠤᠶ ᠳᠤ ᠪᠣᠷᠣᠭᠠᠨ ᠣᠷᠣᠬᠤ ᠳᠠᠯᠳᠠ ᠬᠦᠴᠦᠨ ᠲᠠᠢ ᠡᠭᠦᠯᠡ ᠪᠣᠷᠣᠭᠠᠨ ᠨᠡᠮᠡᠭᠳᠡᠭᠦᠯᠬᠦ ᠲᠡᠢᠷᠦᠯᠲᠦ ᠰᠤᠮᠤ ᠶᠢ ᠬᠠᠷᠪᠤᠨ᠎ᠠ᠃ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠦᠢᠯᠡᠳᠦᠯ ᠳᠣᠣᠷ᠎ᠠ᠂ 4 ᠰᠠᠷ᠎ᠠ ᠶᠢᠨ 15 ᠤ ᠰᠥᠨᠢ ᠠᠴᠠ 17 ᠤ ᠡᠳᠦᠷ ᠦᠨ 07 ᠴᠠᠭ ᠪᠣᠯᠲᠠᠯ᠎ᠠ᠂ ᠮᠠᠨ ᠤ ᠬᠤᠰᠢᠭᠤᠨ ᠳᠤ ᠰᠢᠷᠦᠭᠦᠨ ᠪᠣᠷᠣᠭᠠᠨ ᠣᠷᠣᠬᠤ ᠴᠠᠭ ᠠᠭᠤᠷ ᠢᠯᠡᠷᠡᠪᠡ ᠂ ᠡᠭᠦᠨ ᠳᠤ ᠨ᠊ ᠠᠨ ᠲᠠᠢ ᠽᠢ ᠰᠢᠶᠠᠩ 21.5 ᠮᠢᠯᠢᠮᠧᠲᠷ︔ ᠠᠷᠪᠠᠨ ᠮᠠᠨᠵᠤ ᠦᠨᠳᠦᠰᠦᠲᠡᠨ ᠤ ᠰᠢᠶᠠᠩ 20.4 ᠮᠢᠯᠢᠮᠧᠲᠷ︔ ᠨᠢᠤ ᠶᠢᠩᠽᠢ ᠪᠠᠯᠭᠠᠰᠤ 19.7 ᠮᠢᠯᠢᠮᠧᠲᠷ︔ ᠶᠢᠨ ᠱᠠᠨ ᠪᠠᠯᠭᠠᠰᠤ ᠪᠠ ᠮᠧᠶ ᠯᠢᠨ ᠪᠠᠯᠭᠠᠰᠤ ᠴᠥᠮ 19.1 ᠮᠢᠯᠢᠮᠧᠲᠷ ᠪᠣᠯᠤᠨ᠎ᠠ︔ ᠪᠠᠭ᠎ᠠ ᠦᠬᠡᠷ ᠤᠨ ᠰᠦᠷᠦᠭ ᠤᠨ ᠪᠠᠯᠭᠠᠰᠤ 18.8 ᠮᠢᠯᠢᠮᠧᠲᠷ︔ ᠰᠢ ᠴᠢᠶᠣᠤ ᠪᠠᠯᠭᠠᠰᠤ 17.3 ᠮᠢᠯᠢᠮᠧᠲᠷ ᡽ ᠨᠠᠢ ᠯᠢᠨ ᠪᠠᠯᠭᠠᠰᠤ ᠪᠠ ᠸᠠᠩ ᠤᠨ ᠣᠷᠳᠣᠨ ᠪᠠᠯᠭᠠᠰᠤ ᠴᠥᠮ 12.9 ᠮᠢᠯᠢᠮᠧᠲᠷ ︔ ᠯᠧᠢ ᠶᠢᠩᠽᠢ ᠶᠢᠨ ᠲᠤᠨᠳᠠᠰᠤᠨ ᠤ ᠬᠡᠮᠵᠢᠶ᠎ᠡ ᠨᠢ ᠬᠠᠮᠤᠭ ᠶᠡᠭᠡ ᠨᠢ 32.7 ᠮᠢᠯᠢᠮᠧᠲᠷ ᠪᠣᠯᠤᠨ᠎ᠠ᠃    ᠲᠣᠰ ᠤᠳᠠᠭᠠᠨ ᠤ ᠬᠥᠮᠦᠨ ᠤ ᠬᠦᠴᠦ ᠪᠠᠷ ᠪᠣᠷᠣᠭᠠᠨ ᠣᠷᠣᠭᠤᠯᠵᠤ ᠲᠤᠨᠳᠠᠰᠤᠨ ᠤ ᠬᠡᠮᠵᠢᠶ᠎ᠡ ᠨᠡᠯᠢᠶᠡᠳ ᠶᠡᠭᠡ ᠪᠠᠶᠢᠵᠤ᠂ ᠬᠠᠪᠤᠷ ᠤᠨ ᠲᠠᠷᠢᠶᠠᠯᠠᠭ᠎ᠠ᠂ ᠬᠥᠷᠥᠰᠥᠨ ᠤ ᠴᠢᠭᠢᠭ ᠤᠨ ᠪᠠᠶᠢᠳᠠᠯ ᠢ ᠨᠡᠮᠡᠭᠳᠡᠭᠦᠯᠬᠦ᠂ ᠣᠶ ᠰᠢᠭᠤᠶ ᠶᠢᠨ ᠭᠠᠯ ᠤᠨ ᠠᠶᠤᠯ ᠤᠨ ᠴᠠᠭ ᠠᠭᠤᠷ ᠤᠨ ᠲᠦᠭᠰᠢᠭᠦᠷᠢ ᠶᠢᠨ ᠳᠡᠰ ᠢ ᠪᠠᠭᠤᠷᠠᠭᠤᠯᠬᠤ ᠳᠤ ᠲᠦᠢᠯ ᠤᠨ ᠠᠰᠢᠭᠲᠠᠶ ᠶᠤᠮ᠃ 4 ᠰᠠᠷ᠎ᠠ ᠶᠢᠨ 16 ᠤ ᠡᠳᠦᠷ ᠠᠴᠠ ᠡᠬᠢᠯᠡᠨ᠂ ᠮᠠᠨ ᠤ ᠬᠤᠰᠢᠭᠤᠨ ᠤ ᠬᠠᠮᠤᠭ ᠤᠨ ᠥᠨᠳᠥᠷ ᠠᠭᠠᠷ ᠤᠨ ᠳᠤᠯᠠᠭᠠᠨ 10 ᠠᠴᠠ 12℃ ᠳᠣᠷᠣᠭᠰᠢᠯᠠᠨ᠎ᠠ᠂ ᠨᠢᠭᠡᠨᠲᠡ ᠲᠠᠷᠢᠵᠤ ᠡᠬᠢᠯᠡᠭᠰᠡᠨ ᠭᠠᠵᠠᠷ ᠣᠷᠣᠨ ᠳᠤ ᠴᠠᠭ ᠠᠭᠤᠷ ᠤᠨ ᠬᠤᠪᠢᠷᠠᠯᠲᠠ ᠶᠢ ᠨ᠊ ᠢᠭᠲᠠ ᠠᠩᠬᠠᠷᠴᠤ᠂ ᠲᠠᠷᠢᠶᠠᠨ ᠭᠠᠵᠠᠷ ᠤᠨ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号