ᠲᠦᠩ ᠲᠠᠢ ᠭᠸᠦ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠪᠣᠯᠤᠮᠵᠢᠲᠠᠶ
ᠨᠡᠶᠢᠲᠡᠯᠡᠭᠰᠡᠨ ᠴᠠᠭ᠄
2020/4/29
4 ᠰᠠᠷ᠎ᠠ ᠶᠢᠨ 26 ᠤ ᠡᠳᠦᠷ ᠤᠨ ᠥᠷᠯᠥᠭᠡ ᠡᠷᠲᠡ᠂ ᠬᠤᠰᠢᠭᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ ᠶᠢᠨ ᠳᠠᠷ ᠤᠭ᠎ᠠ ᠯᠢᠦ ᠯᠠᠶ ᠯᠢ᠂ ᠲᠦᠩ ᠲᠠᠢ ᠭᠸᠦ ᠲᠣᠰᠬᠤᠨ ᠤ ᠵᠥᠪᠯᠡᠯ ᠤᠨ ᠡᠷᠬᠢᠯᠡᠭᠴᠢ ᠯᠢᠦ ᠪᠦᠦ ᠰᠢᠨ᠂ ᠬᠠᠮ ᠵᠠᠭᠤᠴᠢᠯ ᠠᠭᠤᠷ ᠤᠨ ᠲᠥᠪ ᠤᠨ ᠰᠤᠷᠪᠤᠯᠵᠢᠯᠠᠭᠴᠢ ᠵᠣᠣ ᠰᠢᠨ ᠢᠦᠶ ᠪᠣᠯᠤᠨ ᠲᠦᠩ ᠲᠠᠢ ᠭᠸᠦ ᠲᠣᠰᠬᠤᠨ ᠳᠤ ᠰᠠᠭᠤᠭ᠎ᠠ ᠠᠵᠢᠯᠯᠠᠬᠤ ᠠ ᠩᠭᠢ ᠶᠢᠨ ᠵᠢᠷᠭᠤᠭᠠᠨ ᠬᠥᠮᠦᠨ ᠬᠠᠮᠲᠤ ᠭᠤᠸᠠᠨ ᠱᠠᠨ ᠭᠸᠤ ᠶᠢᠨ ᠣᠨᠳᠣᠤ ᠭᠠᠵᠠᠷ ᠲᠤ ᠶᠠᠳᠠᠭᠤ ᠶᠢ ᠲᠡᠳᠬᠦᠵᠦ ᠨᠡᠭᠦᠯᠭᠡ ᠬᠦ ᠲᠣᠭᠤᠷᠢᠭ ᠤᠨ ᠶᠠᠳᠠᠭᠤ ᠬᠦᠴᠢᠷᠳᠡᠯᠲᠡᠶ ᠡᠷᠦᠬᠡ ᠵᠢᠶᠤᠤ ᠰᠥᠩ ᠾᠦᠢ ᠶᠢᠨ ᠬᠡᠷ ᠲᠤ ᠬᠦᠷᠴᠦ᠂ ᠬᠠᠪᠰᠤᠷᠤᠨ ᠲᠡᠳᠬᠦᠬᠦ ᠬᠥᠮᠦᠰ ᠤᠨ ᠬᠤᠳᠠᠯᠳᠤᠨ ᠠᠪᠤᠭᠰᠠᠨ ᠠᠮᠢᠳᠤᠷᠠᠯ ᠤᠨ ᠡᠳ᠋ ᠪᠣᠳᠠᠰ ᠢ ᠬᠦᠷᠭᠡᠵᠡᠶ᠃    ᠵᠢᠶᠤᠤ ᠰᠦᠩ ᠾᠦᠢ ᠶᠢᠨ ᠡᠬᠡᠨᠡᠷ ᠹᠧᠩ ᠯᠢ ᠬᠤᠸᠠ ᠠᠭᠤᠰᠬᠢᠨ ᠥᠮᠡᠨ ᠲᠠᠢ᠂ ᠡᠵᠢ ᠨᠢ ᠳᠦᠯᠡᠶ ᠶᠠᠪᠠ ᠬᠥᠮᠦᠨ᠂ ᠬᠦᠤ ᠨᠢ ᠣᠳᠣᠬᠠᠨ ᠳᠤ ᠠᠩᠬ᠎ᠠ ᠳᠤᠮᠳᠠᠳᠤ ᠳᠤ ᠰᠤᠷᠤᠯᠴᠠᠵᠤ ᠪᠠᠶᠢᠨ᠎ᠠ᠃ 2017 ᠣᠨ ᠳᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠠᠷ ᠣᠨᠣᠪᠴᠢᠲᠠᠶ ᠢᠯᠭᠠᠨ ᠲᠠᠨᠢᠭᠳᠠᠵᠤ᠂ 2018 ᠣᠨ ᠳᠤ ᠭᠤᠸᠠᠨ ᠱᠠᠨ ᠭᠸᠤ ᠳᠤ ᠨᠡᠭᠦᠯᠭᠡᠪᠡ᠃ ᠡᠨᠡ ᠵᠢᠯ ᠤᠨ 3 ᠰᠠᠷ᠎ᠠ ᠶᠢᠨ 20 ᠤ ᠡᠳᠦᠷ ᠠᠴᠠ ᠡᠬᠢᠯᠡᠨ᠂ ᠬᠤᠰᠢᠭᠤᠨ ᠠᠴᠠ ᠲᠣᠭᠲᠠᠭᠠᠭᠰᠠᠨ ︽ᠭᠤᠷᠪᠠ ᠶᠢ ᠬᠠᠪ ᠰᠤᠷᠤᠨ ᠨᠢᠭᠡ ᠶᠢ ᠬᠠᠪᠰᠤᠷᠬᠤ︾ ᠲᠥᠰᠦᠯ ᠶᠣᠰᠣᠭᠠᠷ᠂ ᠯᠢᠦ ᠯᠠᠶ ᠯᠢ ᠵᠡᠷᠭᠡ ᠭᠤᠷᠪᠠᠨ ᠬᠠᠪᠰᠤᠷᠤᠨ ᠲᠡᠳᠬᠦᠬᠦ ᠬᠠᠷᠢᠭ ᠤᠴᠠᠯᠭᠠᠲᠠᠨ ᠣᠯᠠᠨ ᠤᠳᠠᠭ᠎ᠠ ᠡᠷᠦᠬᠡ ᠳᠤ ᠣᠷᠣᠵᠤ ᠵᠣᠯᠭᠠᠭᠤᠯᠤᠭᠰᠠᠨ ᠪᠥᠭᠡᠳ ᠲᠣᠰ ᠡᠷᠦᠬᠡ ᠶᠢᠨ ᠬᠡᠷ ᠤᠨ ᠪᠣᠳᠠᠲᠤ ᠪᠠᠶ ᠢᠳᠠᠯ ᠳᠤ ᠴᠢᠭᠯᠡᠭᠦᠯᠦᠨ᠂ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠤᠤᠯ ᠤᠨ ᠪᠠᠶᠢᠭᠰᠠᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬ ᠦ᠂ ᠡᠳ᠋ ᠬᠥᠷᠥᠩᠭᠡ ᠶᠢᠨ ᠴᠢᠨᠠᠷᠲᠠᠶ ᠠᠰᠢᠭ ᠣᠷᠣᠯᠭ᠎ᠠ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠰ᠊ ᠠᠭᠤᠷᠢᠨ ᠳᠡᠭᠡᠷ᠎ᠡ᠂ ᠲᠡᠳᠡ ᠪᠠᠰᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠵᠤ᠂ ᠲᠡᠭᠦ ᠨ᠊ ᠳᠤ ᠠᠷᠠᠳ ᠤᠨ ᠶᠠᠪᠤᠳᠠᠯ ᠤᠨ ᠠᠪᠤᠷᠠᠨ ᠲᠤᠰᠠᠯᠠᠯᠲᠠ ᠭᠤᠶᠤᠴᠢᠯᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲ ᠤᠯᠠᠭ᠎ᠠ ᠨᠡᠮᠡᠭᠳᠡᠭᠦᠯᠵᠦ᠂ ᠵᠡᠮᠳᠡᠭᠴᠦᠳ ᠤᠨ ᠦᠨᠡᠮᠯᠡᠯ ᠭᠦᠶ᠋ᠴᠡᠳᠬᠡᠪᠡ᠃    ︽ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠡᠶᠢᠮᠦ ᠰᠠᠶᠢᠨ ᠪᠠᠶ ᠢᠨ᠎ᠠ᠂ ᠪᠢ ᠥᠪᠡᠷ ᠢᠶᠠᠨ ᠵᠠᠪᠠᠯ ᠴᠢᠷᠮᠠᠶᠢᠬᠤ ᠬᠡᠷᠡᠭᠲᠡᠶ᠂ ᠡᠨᠡ ᠵᠢᠯ ᠵᠠᠪᠠᠯ ᠶᠠᠳᠠᠭᠤ ᠬᠦᠴᠢᠷᠳᠡᠯᠲᠡᠶ ᠡᠷᠦᠬᠡ ᠶᠢᠨ ᠮᠠᠯᠠᠭᠠᠶ ᠶᠢ ᠠᠪᠴᠤ ᠬᠠᠶᠠᠬᠤ ᠬᠡᠷᠡᠭᠲᠡᠶ᠃ ᠵᠢᠶᠤᠤ ᠰᠦᠩ ᠬᠤᠢ ᠰᠡᠳᠬᠢᠯ ᠳᠣᠭᠳᠣᠯᠤᠨ ᠯᠢᠦ ᠯᠠᠶ ᠯᠢ ᠨᠡᠷ ᠲᠤ ᠬᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号