| ᠬᠠᠷᠠᠴᠢᠨ ᠬᠤᠰᠢᠭᠤᠨ ᠤ ᠰᠢᠨ᠎ᠡ ᠵᠠᠭᠤᠴᠢᠯᠠᠭᠤᠷ ᠲᠠᠨ ᠤ ᠠᠵᠤ ᠠᠬᠤᠶᠢᠯᠠᠯ ᠳᠤ ᠰᠦᠶ᠋ᠳᠬᠡᠯ ᠠᠪᠬᠤ ᠥᠬᠡᠶ ᠪᠠᠷ | ᠵᠠᠷ ᠨᠡ ᠪᠲᠡᠷᠡᠭᠦᠯᠵᠦ ᠥᠭᠭᠦᠨ᠎ᠡ︕ ᠰᠢᠮᠳᠠᠨ ᠨᠡᠷ᠎ᠡ ᠮᠡᠳᠡᠭᠦᠯ︕ | ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠢ ᠰᠡᠷᠭᠦᠭᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠬᠠᠷᠠᠴᠢᠨ ᠬᠤᠰᠢᠭᠤᠨ ᠤ ᠬᠠᠮ | ᠵᠠᠭᠤᠴᠢᠯᠠᠭᠤᠷ ᠤᠨ ᠲᠥᠪ ᠠᠴᠠ ᠨᠡᠶᠢᠲᠡᠯᠡᠭᠰᠡᠨ ︽ᠵᠠᠭᠤᠴᠢᠯᠠᠭᠤᠷ ᠤᠨ ᠬᠢᠨ ᠠᠵᠤ ᠠᠬᠤᠶᠢᠯᠠᠯ ᠳᠤ ᠬᠦᠴᠦᠨ | ᠨᠡᠮᠡᠷᠢᠯᠡᠬᠦ︾ ᠵᠠᠷ ᠮᠡᠳᠡᠭᠡ ᠶᠢᠨ ᠬᠠᠪᠰᠤᠷᠤᠨ ᠲᠡᠳᠬᠦᠬᠦ ᠲᠥᠯᠥᠪᠯᠡᠭᠡ ᠶᠠᠭ ᠶᠠᠪᠤᠭᠳᠠᠵᠤ ᠪᠠᠶᠢᠨ᠎ᠠ᠂ ᠨᠥᠬᠦᠴᠡᠯ ᠳᠤ | ᠨᠡᠶᠢᠴᠡᠬᠦ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠰᠦᠶ᠋ᠳᠬᠡᠯ ᠬᠤᠷᠢᠶᠠᠬᠤ ᠥᠬᠡᠶ ᠵᠠᠷ ᠮᠡᠳᠡᠭᠡᠨ ᠤ | ᠦᠶ᠋ᠯᠡᠴᠢᠯᠡᠭᠡ ᠬᠠᠩᠭᠠᠨ᠎ᠠ︕ | ᠨᠢᠭᠡ᠂ ᠲᠠᠯᠪᠢᠬᠤ ᠲᠠᠪᠴᠠᠩ | 1. ︽ᠬᠠᠷᠠᠴᠢᠨ ᠬᠠᠮ ᠵᠠᠭᠤᠴᠢᠯᠠᠭᠤᠷ︾ ᠤᠨ ᠸᠢᠴᠠᠲ ᠤᠨ ᠨᠡᠶᠢᠲᠡ ᠶᠢᠨ ᠳ᠋ᠤᠭᠠᠷ 2᠂ ︽ᠤᠶᠤᠨᠲᠤ | ᠬᠠᠷᠠᠴᠢᠨ︾ ᠭᠠᠷ ᠤᠲᠠᠰᠤᠨ ᠤ app ᠬᠡᠷᠡᠭᠯᠡᠭᠴᠢ ᠶᠢᠨ ᠦᠵᠦᠭᠦᠷ 3᠂ ︽ᠬᠠᠷᠠᠴᠢᠨ ᠬᠠᠮ ᠵᠠᠭᠤᠴᠢᠯᠠᠭᠤᠷ︾ | ᠤᠨ ᠵᠢᠵᠢᠭ ᠫᠷᠤᠭ᠍ᠷᠠᠮ 4᠂ ︽ᠬᠠᠷᠠᠴᠢᠨ ᠬᠠᠮ ᠵᠠᠭᠤᠴᠢᠯᠠᠭᠤᠷ︾ ᠤᠨ ᠠᠯᠪᠠᠨ ᠤ ᠪᠢᠴᠢᠯ ᠪᠯᠤᠭ 5᠂ ︽ᠬᠠᠷᠠᠴᠢᠨ | ᠴᠠᠭ ᠤᠨ ᠮᠡᠳᠡᠭᠡ︾ ᠰᠣᠨᠢᠨ ᠰᠡᠳᠬᠦᠯ 6᠂ ᠬᠠᠷᠠᠴᠢᠨ ᠬᠠᠮ ᠵᠠᠭᠤᠴᠢᠯᠠᠭᠤᠷ ᠤᠨ ᠠᠯᠪᠠᠨ ᠤ ᠲᠠᠯ᠎ᠠ ᠶᠢᠨ ᠴᠡᠴᠡᠷᠡᠬᠦ | ᠲᠠᠭᠤᠨ | ᠬᠤᠶᠠᠷ᠂ ᠭᠤᠶᠤᠴᠢᠯᠠᠬᠤ ᠬᠡᠪᠴᠢᠶ᠎ᠡ | 1. ᠬᠤᠰᠢᠭᠤᠨ ᠤ ᠪᠣᠢ ᠪᠦᠬᠦᠢ ᠢᠳᠡᠭᠡᠨ ᠤᠮᠳᠠᠭᠠᠨ ᠤ ᠠᠵᠤ ᠠᠬᠤᠶᠢᠯᠠᠯ᠃ 2. ᠬᠤᠰᠢᠭᠤᠨ ᠤ ᠪᠣᠢ ᠪᠦᠬᠦᠢ | ᠵᠢᠭᠤᠯᠴᠢᠯᠠᠯ ᠤᠨ ᠠᠵᠤ ᠠᠬᠤᠶᠢᠯᠠᠯ᠃ 3. ᠬᠤᠰᠢᠭᠤᠨ ᠤ ᠳᠣᠲᠣᠷᠠᠬᠢ ᠠᠯᠢᠪᠠ ᠠᠵᠢᠯᠴᠢᠨ ᠡᠯᠰᠡᠬᠦ | ᠱᠠᠭᠠᠷᠳᠠᠯᠭ᠎ᠠ ᠲᠠᠢ ᠠᠵᠤ ᠠᠬᠤᠶᠢᠯᠠᠯ᠃ 4. ᠪᠤᠰᠤᠳ ᠠᠵᠢᠯ ᠲᠥᠷᠥᠯ | ᠭᠤᠷᠪᠠ᠂ ᠠᠵᠢᠯᠯᠠᠭᠠᠨ ᠤ ᠴᠠᠭ | 2020 ᠣᠨ ᠤ 4 ᠰᠠᠷ᠎ᠠ ᠶᠢᠨ 28 ᠤ ᠡᠳᠦᠷ ᠠᠴᠠ 2020 ᠣᠨ ᠤ 5 ᠰᠠᠷ᠎ᠠ ᠶᠢᠨ 20 ᠤ ᠡᠳᠦᠷ | ᠪᠣᠯᠲᠠᠯ᠎ᠠ᠂ ᠡᠭᠦᠨ ᠳᠤ᠂ ᠭᠤᠶᠤᠴᠢᠯᠠᠬᠤ ᠮᠠᠲ᠋ᠧᠷᠢᠶᠠᠯ ᠢ ᠭᠥᠯᠢᠶᠡᠨ ᠠᠪᠴᠤ ᠰᠢᠶ᠋ᠳᠪᠦᠷᠢᠯᠡᠬᠦ ᠴᠠᠭ ᠨᠢ | ᠲᠣᠰ ᠡᠳᠦᠷ ᠠᠴᠠ ᠡᠬᠢᠯᠡᠨ 2020 ᠣᠨ ᠤ 5 ᠰᠠᠷ᠎ᠠ ᠶᠢᠨ 16 ᠤ ᠡᠳᠦᠷ ᠪᠣᠯᠲᠠᠯ᠎ᠠ | ᠳᠥᠷᠪᠡ᠂ ᠭᠤᠶᠤᠴᠢᠯᠠᠬᠤ ᠮᠠᠲ᠋ᠧᠷᠢᠶᠠᠯ | 1. ᠠᠵᠤ ᠠᠬᠤᠶᠢᠯᠠᠯ ᠡᠵᠡᠩᠨᠡᠯᠲᠡ ᠶᠢᠨ ᠦᠨᠡᠮᠯᠡᠯ ᠪᠣᠯᠤᠨ ᠪᠤᠰᠤᠳ ᠬᠢᠷᠢ ᠬᠡᠮ ᠤᠨ ᠬᠡᠷᠡᠯ ᠵᠢᠷᠤᠭ ᠪᠤᠶᠤ | ᠲᠤᠬᠠᠶ ᠶᠢᠨ ᠲᠠᠯᠠᠪᠠᠶ ᠳᠤ ᠬᠠᠩᠭᠠᠵᠤ ᠪᠣᠯᠤᠨ᠎ᠠ | ᠣᠭ ᠮᠠᠲ᠋ᠧᠷᠢᠶᠠᠯ ᠵᠢᠴᠢ ᠪᠠᠭᠤᠯᠭᠠᠪᠤᠷᠢ᠃ | 2. ᠠᠵᠤ ᠠᠬᠤᠶᠢᠯᠠᠯ ᠤᠳ ᠤᠬᠠᠭᠤᠯᠭ᠎ᠠ ᠶᠢᠨ ᠸᠢᠳᠢᠣ᠋ ᠪᠤᠶᠤ ᠵᠢᠷᠤᠭ ᠪᠢᠴᠢᠭ ᠮᠠᠲ᠋ᠧᠷᠢᠶᠠᠯ ᠬᠠᠩᠭᠠᠬᠤ ᠬᠡᠷᠡᠭᠲᠡᠶ᠃ | ᠡᠭᠦᠨ ᠳᠤ᠂ ᠸᠢᠳᠢᠣ᠋ 1 ᠮᠢᠨᠦ᠋ᠲ ᠠᠴᠠ ᠬᠡᠲᠦᠷᠡᠵᠦ ᠪᠣᠯᠬᠤ ᠥᠬᠡᠶ᠂ ᠵᠢᠷᠤᠭ | ᠹᠢᠯᠢᠮ ︵ᠬᠥᠳᠡᠯᠬᠦ ᠵᠢᠷᠤᠭ︶ ᠢ 5 ᠬᠠᠭᠤᠳᠠᠰᠤ ᠠᠴᠠ ᠬᠡᠲᠦᠷᠡᠭᠦᠯᠵᠦ ᠪᠣᠯᠬᠤ ᠥᠬᠡᠶ᠂ ᠥᠰᠥᠭ ᠪᠢᠴᠢᠭ ᠢ | 500 ᠥᠰᠥᠭ ᠠᠴᠠ ᠬᠡᠲᠦᠷᠡᠭᠦᠯᠵᠦ ᠪᠣᠯᠬᠤ ᠥᠬᠡᠶ᠃ | 3. ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠨ᠎ᠠ᠃ | ᠲᠠᠪᠤ᠂ ᠭᠤᠶᠤᠴᠢᠯᠠᠬᠤ ᠠᠷᠭ᠎ᠠ ᠮᠠᠶ᠋ᠢᠭ | ᠵᠠᠷ ᠮᠡᠳᠡᠭᠡ ᠲᠠᠯᠪᠢᠬᠤ ᠱᠠᠭᠠᠷᠳᠠᠯᠭ᠎ᠠ ᠲᠠᠢ ᠠᠵᠤ ᠠᠬᠤᠶᠢᠯᠠᠯ ᠨᠢ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ᠲ᠊ ᠦ ᠭᠤᠶᠤᠴᠢᠯᠠᠯ ᠭᠠᠷᠭᠠᠬᠤ ᠴᠢᠬᠤᠯᠠᠲᠠᠢ᠂ ᠭᠤᠶᠤᠴᠢᠯᠠᠬᠤ ᠠᠷᠭ᠎ᠠ ᠨᠢ ᠳᠣᠣᠷᠠᠬᠢ ᠮᠡᠲᠦ᠄ | 1. ᠰᠦᠯᠵᠢᠶᠡᠨ ᠳᠡᠭᠡᠷ᠎ᠡ ᠭᠤᠶᠤᠴᠢᠯᠠᠬᠤ ᠠᠵᠤ ᠠᠬᠤᠶᠢᠯᠠᠯ 180 4764 8800 ᠸᠢᠴᠠᠲ ᠢ | ᠠᠩᠬᠠᠷᠬᠤ ᠪᠠᠷ ᠳᠡᠮᠵᠢᠨ᠂ ᠰᠦᠯᠵᠢᠶᠡᠨ ᠳᠡᠭᠡᠷ᠎ᠡ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠨ᠎ᠠ᠃ | 2. ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠨᠢ ᠬᠡᠷᠡᠭᠴᠡᠭᠡ ᠪᠠᠨ ᠦᠨᠳᠦᠰᠦᠯᠡᠨ ᠮᠠᠲ᠋ᠧᠷᠢᠶᠠᠯ ᠢᠶᠠᠨ | ᠪᠡᠯᠡᠳᠬ ᠡᠵᠦ ᠳᠠᠭᠤᠰᠤᠭᠰᠠᠨ ᠤ ᠳᠠᠷᠠᠭ᠎ᠠ᠂ ᠬᠠᠷᠠᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ 206 | ᠲᠠᠰᠤᠭ ᠲᠤ ᠬ᠊ ᠦᠷᠭᠡᠵᠦ ᠬᠢᠨᠠᠨ ᠬᠠᠷᠭᠤᠭᠤᠯᠤᠨ᠎ᠠ᠃ ᠬᠠᠷᠢᠯᠴᠠᠬᠤ ᠬᠥᠮᠦᠨ᠄ ᠬᠥᠩ ᠵᠣᠣ ᠰᠢᠩ ᠠᠰᠠᠭᠤᠨ | ᠯᠠᠪᠯᠠᠬᠤ ᠤᠲᠠᠰᠤ᠄ 180 4764 8800 | ᠵᠢᠷᠭᠤᠭ᠎ᠠ᠂ ᠠᠩᠬᠠᠷᠬᠤ ᠵᠦᠢᠯ | 1. ᠬᠠᠷᠠᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠵᠠᠷ ᠮᠡᠳᠡᠭᠡᠨ ᠤ ᠲᠥᠷᠥᠯ ᠵᠦᠶ᠋ᠯ ᠢ | ᠦᠨᠳᠦᠰᠦᠯᠡᠨ᠂ ᠳᠡᠭᠡᠷᠡᠬᠢ ᠬᠡᠳᠦᠨ ᠲᠠᠪᠴᠠᠩ ᠳᠤ ᠵᠣᠬᠢᠰᠲᠠᠶ ᠲᠣᠬᠢᠷᠠᠭᠤᠯᠤᠯᠲᠠ ᠬᠢᠨ᠎ᠠ᠃ 2. ᠵᠠᠷ ᠮᠡᠳᠡᠭᠡ | ᠲᠠᠯᠪᠢᠬᠤ ᠴᠠᠭ ᠢ ᠠᠵᠤ ᠠᠬᠤᠶᠢᠯᠠᠯ ᠤᠨ ᠭᠤᠶᠤᠴᠢᠯᠠᠯ ᠤᠨ ᠤᠷᠢᠳ ᠬᠤᠵᠢᠳ ᠳᠡᠰ ᠳᠠᠷᠠᠭᠠᠯᠠᠯ ᠢᠶᠠᠷ ᠵᠢᠭᠰᠠᠭᠠᠨ᠎ᠠ᠃ | 3. ᠡᠯ᠎ᠡ ᠠᠵᠤ ᠠᠬᠤᠶᠢᠯᠠᠯ ᠤᠨ ᠬᠠᠩᠭᠠᠭᠰᠠᠨ ᠤᠬᠠᠭᠤᠯᠭ᠎ᠠ ᠶᠢᠨ ᠮᠠᠲ᠋ᠧᠷᠢᠶᠠᠯ ᠨᠢ ᠡᠷᠬᠡᠪᠰᠢ ︽ᠪᠥᠬᠦᠳᠡ ᠨᠠᠶᠢᠷᠠᠮ | ᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ᠶᠢᠨ ᠱᠠᠭᠠᠷᠳᠠᠯᠭ᠎ᠠ ᠳᠤ ᠨᠡᠶᠢᠴᠡᠵᠦ᠂ ᠭᠤᠶᠤᠴᠢᠯᠠᠬᠤ | ᠮᠠᠲ ᠧᠷᠢᠶᠠᠯ ᠤᠨ ᠦᠨᠡᠨ ᠪᠣᠳᠠᠲᠤ ᠴᠢᠨᠠᠷ ᠵᠡᠷᠭᠡ ᠳᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ 4. | ᠭᠤᠶᠤᠴᠢᠯᠠᠭᠰᠠᠨ ᠠᠵᠤ ᠠᠬᠤᠶᠢᠯᠠᠯ ᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠲᠠᠪᠴᠠᠩ ᠳᠤ ᠣᠷᠤᠭ | ᠤᠯᠬᠤ ᠶᠢᠨ ᠬᠠᠮᠲᠤ ᠬᠠᠮ ᠵᠠᠭᠤᠴᠢᠯᠠᠭᠤᠷ ᠤᠨ ᠲᠥᠪ ᠪᠣᠯᠬᠤ ᠪᠣᠯᠤᠨ᠎ᠠ᠃ ᠭᠡᠰᠢᠭᠦᠨ ᠨᠢᠭᠡᠴᠡ ᠨᠢ ᠣᠷᠳᠣ | ᠬᠤᠭᠤᠴᠠᠭᠠᠨ ᠤ ᠵᠠᠷ ᠮᠡᠳᠡᠭᠡᠨ ᠤ ᠤᠬᠠᠭᠤᠯᠭ᠎ᠠ ᠶᠢ ᠭᠥᠷᠳᠡᠵᠦ ᠪᠣᠯᠤᠨ᠎ᠠ᠂ ᠰᠠᠨᠠᠭᠠᠴ ᠢᠯᠠᠭ᠎ᠠ ᠲᠠᠢ ᠬᠠᠮᠲᠤᠷᠠᠨ | ᠠᠵᠢᠯᠯᠠᠭᠰᠠᠳ ᠪᠣᠳᠠᠲᠠᠶ ᠵᠥᠪᠳᠡᠯᠴᠡᠨ᠎ᠡ᠃ | ᠪᠣᠳᠠᠲᠤ ᠬᠦᠴᠦᠨ ᠤ ᠳᠡᠮᠵᠢᠯᠭᠡ ᠶᠢ ᠣᠯᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠪᠠ︕ ᠮᠠᠨ ᠤ | ᠬᠤᠰᠢᠭᠤᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠠᠷᠠᠯᠵᠢᠶ᠎ᠠ ᠶᠢ ᠨᠠᠩ ᠰᠠᠶᠢᠨ ᠪᠣᠯᠭᠠᠵᠤ᠂ ᠵᠢᠭᠤ | ᠯᠴᠢᠯᠠᠯ ᠤᠨ ᠦᠵᠡᠮᠵᠢ ᠶᠢᠨ ᠣᠷᠣᠨ ᠤ ᠬᠥᠮᠦᠰ ᠤᠨ ᠤᠷᠮ᠎ᠠ ᠵᠣᠷᠢᠭ ᠢ ᠨᠠᠩ ᠬᠥᠭᠵᠢᠭᠡᠵᠦ᠂ ᠠᠵᠤ ᠠᠬᠤᠶᠢᠯᠠᠯ ᠤᠨ | ᠠᠵᠢ ᠯᠴᠢᠨ ᠡᠯᠰᠡᠬᠦ ᠠᠵᠢᠯ ᠨᠠᠩ ᠳᠥᠭᠦᠮ ᠳᠥᠲᠡ ᠤᠷᠤᠭᠰᠢᠲᠠᠶ ᠪᠣᠯᠬᠤ ᠶᠢᠨ ᠲᠥᠯᠥᠭᠡ᠂ ᠬᠠᠷᠠᠴᠢᠨ | ᠬᠤᠰᠢᠭᠤᠨ ᠤ ᠬᠠᠮ ᠵᠠᠭ ᠤᠴᠢᠯᠠᠭᠤᠷ ᠤᠨ ᠲᠥᠪ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠰᠢᠭᠤᠨ ᠤ | ᠦᠶ᠋ᠯᠡᠳᠪᠦᠷᠢᠯᠡᠯ ᠢᠶᠠᠨ ᠰᠡᠷᠭᠦᠭᠡᠬ ᠦ ᠪᠠ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ | ᠵᠠᠭᠤᠴᠢᠯᠠᠭᠤᠷ ᠠᠴᠠ ᠵᠠᠬ᠎ᠠ ᠳᠡᠯᠭᠡᠭ ᠦᠷ ᠬᠦᠷᠲᠡᠯᠡᠬᠢ ᠬᠥᠭᠦᠷᠭᠡ ᠶᠢ ᠴᠣᠭᠴᠠᠯᠠᠵᠠᠶ᠃ | | | | | | | | |