| ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ 2020 ᠣᠨ ᠤ 3 ᠰᠠᠷ᠎ᠠ ᠶᠢᠨ 26 ᠤ ᠡᠳᠦᠷ ᠠᠴᠠ 5 ᠰᠠᠷ᠎ᠠ ᠶᠢᠨ 28 ᠤ ᠡᠳᠦᠷ ᠪᠣᠯᠲᠠᠯ᠎ᠠ | ᠤᠯᠠᠭᠠᠨᠬᠠᠳᠠ ᠬᠤᠲᠠ ᠳᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠲᠤᠰᠬᠠᠶ ᠲᠣᠭᠤᠷᠢᠨ ᠪᠠᠶᠢᠴᠠᠭᠠᠯᠲᠠ | ᠥᠷᠨᠢᠭᠦᠯᠦᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ | ᠬᠠᠣᠯᠢ ᠲᠣᠭᠲᠠᠭᠠᠯ ᠠᠴᠠ ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠡᠵᠡᠮᠰᠢᠨ ᠰᠠᠷᠢᠭᠠᠯᠠᠭᠰᠠᠨ᠂ ᠬᠠᠣᠯᠢ | ᠲᠣᠭᠲᠠᠭᠠᠯ ᠠᠴᠠ ᠵᠥᠷᠢᠴᠡᠨ ᠨᠡᠭᠦᠷᠡᠰᠦᠨ ᠤ ᠡᠬᠢ ᠪᠠᠶᠠᠯᠢᠭ ᠢ ᠲᠤᠬᠢᠷᠠᠭᠤᠯᠤᠭᠰᠠᠨ᠂ ᠨᠡᠭᠦᠷᠡᠰᠦᠨ ᠳᠤ | ᠬᠤᠯᠪᠣᠭᠳᠠᠭᠰᠠᠨ ᠢᠯᠵᠢᠷᠡᠯ ᠨᠢ ᠤᠯᠤᠰ ᠲᠦᠷᠦ ᠶᠢᠨ ᠠᠮᠢ ᠠᠬᠤᠢ ᠶᠢ ᠬᠦᠨᠳᠦ ᠨᠣᠴᠢᠲᠠᠢ ᠪᠣᠬᠢᠷᠳᠤᠭᠤᠯᠤᠭᠰᠠᠨ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠠᠰᠠᠭᠤᠳᠠᠯ ᠦᠷᠭᠡᠵᠢᠨ ᠳᠡᠯᠭᠡᠷᠡᠵᠦ ᠪᠠᠢᠭ᠎ᠠ ᠵᠡᠷᠭᠡ ᠲᠠᠯ᠎ᠠ ᠶᠢᠨ | ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠬᠢᠨᠠᠯᠲᠠ ᠪᠠᠶᠢᠴᠠᠭᠠᠯᠲᠠ ᠬᠢᠵᠦ᠂ | ᠭᠤᠣᠯᠳᠠᠭᠤ ᠤᠯᠠᠭᠠᠨᠬᠠᠳᠠ ᠬᠤᠳᠠ ᠶᠢᠨ ᠡᠯ᠎ᠡ ᠱᠠᠲᠤᠨ ᠤ ᠤᠳᠤᠷᠢᠳᠬᠤ ᠪᠠᠭ ᠪᠠ ᠨᠠᠮ ᠤᠨ ᠭᠡᠰᠢᠭᠦᠨ ᠤᠳᠤᠷᠢᠳᠬᠤ | ᠺᠠᠳ᠋ᠷ ᠵᠢᠴᠢ ᠪᠤᠰᠤᠳ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ | ᠵᠠᠬᠢᠳᠠᠯ᠂ ᠣᠳᠠᠰᠣ᠂ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠨᠡᠭᠦᠷᠡᠰᠦ ᠳᠤ ᠬᠤᠯᠪᠣᠭᠳᠠᠭᠰᠠᠨ ᠤᠯᠤᠰ | ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ | ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ | ᠵᠡᠷᠭᠡ ᠲᠠᠯ᠎ᠠ ᠶᠢᠨ ᠠᠰᠠᠭᠤᠳᠠᠯ ᠢ ᠢᠯᠡᠴᠢᠯᠡᠨ ᠮᠡᠳᠡᠭᠦᠯᠬᠦ ᠪᠠ ᠲᠤᠰᠬᠠᠬᠤ ᠶᠢ ᠭᠤᠣᠯᠳᠠᠯᠭ᠎ᠠ ᠲᠠᠢ ᠬᠦᠯᠢᠶᠡᠨ ᠠᠪᠣᠨ᠎ᠠ᠃ | ᠲᠣᠭᠤᠷᠢᠨ ᠪᠠᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠬᠤᠭᠤᠴᠠᠭᠠᠨ ᠳᠠᠬᠢ ᠲᠤᠰᠬᠠᠶ ᠵᠢᠵᠢᠭᠦᠷᠯᠡᠬᠦ | ᠤᠲᠠᠰᠤ᠄ 0476 — 8828144 ︵ᠭᠥᠯᠢᠶᠡᠨ ᠠᠪᠴᠤ ᠰᠢᠢᠳᠪᠦᠷᠢᠯᠡᠬᠦ ᠴᠠᠭ ᠨᠢ᠄ ᠦᠳᠡ ᠶᠢᠨ ᠡᠮᠦᠨᠡᠬᠢ | 8᠄ 30 ᠠᠴᠠ ᠦᠳᠡ ᠶᠢᠨ ᠬᠤᠶᠢᠨᠠᠬᠢ 18᠄ 00︶᠃ ᠲᠤᠰᠬᠠᠶ ᠰᠢᠤᠳᠠᠨ ᠬᠠᠶᠢᠷᠴᠠᠭ᠄ ᠥᠪᠥᠷ ᠮᠣᠩᠭᠤᠯ ᠤᠨ | ᠤᠯᠠᠭᠠᠨᠬᠠᠳᠠ ᠬᠤᠲᠠ ᠶᠢᠨ A001 ᠳ᠋ᠦ᠋ᠭᠡᠷ ᠰᠢᠤᠳᠠᠨ ᠬᠠᠶᠢᠷᠴᠠᠭ᠂ ᠲᠤᠰᠬᠠᠶ ᠴᠠᠬᠢᠮ ᠵᠠᠬᠢᠳᠠᠯ ᠤᠨ ᠬᠠᠶ᠋ᠢᠭ᠄ | dsxszcf@163.com᠃ ᠬᠠᠷᠢᠯᠴᠠᠬᠤ ᠵᠠᠬᠢᠳᠠᠯ ᠤᠨ ᠬᠠᠶᠢᠷᠴᠠᠭ᠄ 1. ᠰᠦᠩᠱᠠᠨ ᠲᠣᠭᠤᠷᠢᠭ ᠤᠨ ᠷᠦᠢ | ᠰᠢᠶᠠᠩ ᠬᠠᠰ ᠯᠣᠣ ᠵᠣᠴᠢᠳ ᠤᠨ ᠪᠠᠭᠤᠳᠠᠯ ︵ᠬᠠᠰ ᠯᠣᠣ ᠶᠡᠭᠡ ᠵᠡᠭᠡᠯᠢ ᠶᠢᠨ 60 ᠳ᠋ᠤᠭᠠᠷ ᠨᠣᠮᠧᠷ︶ ᠤᠨ ᠪᠠᠷᠠᠭᠤᠨ | ᠡᠭᠦᠳᠡᠨ ᠤ ᠬᠤᠶᠢᠲᠤ ᠲᠠᠯ᠎ᠠ᠃ 2. ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ | ᠵᠡᠭᠦᠨ ᠲᠠᠯ᠎ᠠ ᠶᠢᠨ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠨᠡᠶᠢᠲᠡ ᠶᠢᠨ ᠮᠠᠰᠢᠨ | ᠲᠡᠷᠭᠡᠨ ᠤ ᠥᠷᠲᠡᠭᠡ᠃ 3. ᠰᠦᠩᠱᠠᠨ ᠲᠣᠭᠤᠷᠢᠭ ᠤᠨ ᠬᠠᠰ ᠯᠣᠣ ᠶᠡᠭᠡ ᠵᠡᠭᠡᠯᠢ ᠶᠢᠨ ᠵᠦᠩ ᠯᠢᠶᠠᠨ ᠲᠠᠯᠠᠪᠠᠶ ᠶᠢᠨ | ᠬᠤᠶᠢᠲᠤ ᠡᠭᠦᠳᠡᠨ ᠤ 6 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵ᠵᠠᠮ ᠤᠨ ᠡᠮᠦᠨ᠎ᠡ︶᠃ 4. | ᠰᠦᠩᠱᠠᠨ ᠲᠣᠭᠤᠷᠢᠭ ᠤᠨ ᠶᠦᠩ ᠶᠧ ᠠᠭᠤᠳᠠᠮ ᠲᠠᠯᠠᠪᠠᠢ ᠶᠢᠨ ᠬᠤᠸᠠ ᠯᠢᠶᠠᠨ ᠬᠤᠳᠠᠯᠳᠤᠭᠠᠨ ᠤ ᠲᠥᠪ ᠤᠨ | ᠬᠤᠶᠢᠲᠤ ᠡᠭᠦᠳᠡ ᠶᠢᠨ ᠵᠡᠭᠦᠨ ᠲᠠᠯ᠎ᠠ ᠶᠢᠨ ᠣᠷᠣᠬᠤ ᠡᠭᠦᠳᠡ᠃ 5. ᠰᠦᠩᠱᠠᠨ ᠲᠣᠭᠤᠷᠢᠭ ᠤᠨ ᠨᠥᠬᠦᠷᠯᠡᠯ ᠶᠡᠭᠡ | ᠵᠡᠭᠡᠯᠢ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵ | ᠵᠠᠮ ᠤᠨ ᠡᠮᠦᠨ᠎ᠡ︶᠃ 6. ᠶᠤᠸᠠᠨ ᠪᠣᠣ ᠱᠠᠨ ᠲᠤᠭᠤᠷᠢᠭ ᠤᠨ ᠫᠢᠩᠵᠣᠸᠠᠩ ᠬᠤᠲᠠ ᠲᠤᠭᠤᠷᠢᠭ ᠤᠨ ᠲᠠᠢ ᠶᠠᠩ | ᠱᠧᠨ ᠰᠠᠭᠤᠭᠠᠯᠢ ᠲᠤᠭᠤᠷᠢᠭ ᠤᠨ ᠪᠠᠷᠠᠭᠤᠨ ᠡᠭᠦᠳᠡ ᠶᠢᠨ ᠠᠯᠪᠠᠨ ᠵᠠᠷ ᠤᠨ ᠰᠠᠮᠪᠠᠷ᠎ᠠ᠃ 7. ᠶᠤᠸᠠᠨ ᠪᠣᠣ ᠱᠠᠨ | ᠲᠤᠭᠤᠷᠢᠭ ᠤᠨ ᠶᠤᠸᠠᠨ ᠺᠤᠸᠠᠩ ᠬᠡᠷᠡᠯᠲᠦ ᠲᠠᠯᠠᠪᠠᠢ ︵ᠪᠣᠣ ᠱᠠᠨ ᠵᠡᠭᠡᠯᠢ ᠪᠠ ᠵᠠᠯᠠᠭᠤᠴᠤᠳ ᠵᠠᠮ ᠤᠨ ᠠᠭᠤᠯᠵᠠᠭᠤᠷ︶ | ᠶᠢᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠭᠦᠳᠡ᠃ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠨ ᠠᠪᠬᠤ ᠲᠥᠪ ᠤᠨ ᠬᠤᠶᠠᠳᠤᠭᠠᠷ | ᠳᠠᠪᠬᠤᠷᠯᠢᠭ ᠤᠨ 201 ᠲᠠᠰᠤᠭ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠤᠲᠠᠰᠤ ᠢᠷᠡᠭᠦᠯᠬᠦ ᠪᠣᠶᠣ | ᠰᠤᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ | ᠪᠣᠳᠠᠲᠠᠢ ᠪᠠᠷ ᠲᠤᠰᠬᠠᠬᠤ ᠶᠢ ᠪᠠᠶᠠᠷᠯᠠᠨ ᠤᠭᠲᠤᠵᠤ ᠪᠠᠢᠨ᠎ᠠ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ | ᠰᠢᠶ᠋ᠳᠪᠦᠷᠢᠯᠡᠬᠦ ᠬᠤᠭᠤᠴᠠᠭ᠎ᠠ ᠨᠢ 5 ᠰᠠᠷ᠎ᠠ ᠶᠢᠨ 28 ᠤ ᠡᠳᠦᠷ ᠬᠦᠷᠦᠨ᠎ᠡ᠃ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ | 2020 ᠣᠨ ᠤ 3 ᠰᠠᠷ᠎ᠠ ᠶᠢᠨ 26 ᠤ ᠡᠳᠦᠷ | | | | | | | | | | | | | | | |