ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠦᠨᠡᠨᠴᠢ ᠬᠠᠶᠢᠷ᠎ᠠ ᠪᠠᠷ ᠢᠶᠠᠨ ᠲᠤᠤᠷ᠎ᠠ ᠪᠠᠲᠤᠯᠠᠭᠠᠲᠤ ᠡᠷᠦᠬᠡ ᠶᠢᠨ ᠠᠮᠤᠷ ᠲᠦᠪᠰᠢᠨ ᠣᠷᠣᠨ ᠰᠠᠭᠤᠴᠠ ᠶᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2020/5/12

    ︽ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠤ ᠲᠠᠯᠠᠷᠬᠠᠵᠤ ᠪᠠᠶᠢᠨ᠎ᠠ᠂ ᠲᠡᠳᠡᠨ ᠳᠤ ᠮᠠᠰᠢ ᠲᠠᠯᠠᠷᠬᠠᠵᠤ

ᠪᠠᠶᠢᠨ᠎ᠠ᠂ ᠲᠡᠳᠡ ᠪᠠᠶᠢᠭᠰᠠᠨ ᠥᠬᠡᠶ ᠪᠣᠯ ᠪᠢ ᠪᠦᠷ ᠶᠠᠭᠠᠬᠢᠵᠦ ᠬᠢᠬᠦ ᠪᠠᠨ ᠮᠡᠳᠡᠬᠦ ᠥᠬᠡᠶ᠂ ᠬᠡᠷᠬᠢᠨ‌ᠡᠶᠢᠮᠦ ᠲᠦᠷᠭᠡᠨ

ᠣᠷᠣᠵᠤ ᠰᠠᠭᠤᠵᠤ ᠶᠠᠭᠠᠬᠢᠵᠤ ᠴᠢᠳᠠᠬᠤ ᠪᠣᠶ︕︾ 5 ᠰᠠᠷ᠎ᠠ ᠶᠢᠨ 9 ᠤ ᠡᠳᠦᠷ᠂ ᠯᠢ ᠰᠢᠶᠠᠨ ᠷᠦᠩ ᠡᠪᠦᠭᠡᠨ

ᠬᠦᠭᠰᠢᠨ ᠬᠤᠶᠠᠭᠤᠯᠠ ᠰᠤᠷᠪᠤᠯᠵᠢᠯᠠᠭᠴᠢᠳ ᠲᠠᠢ ᠠᠭᠤᠯᠵᠠᠭᠰᠠᠨ ᠤ ᠳᠠᠷᠠᠭ᠎ᠠ  ᠲᠤᠭᠳᠤᠯᠤᠨ ᠶᠠᠷᠢᠨ᠎ᠠ᠃

   ᠯᠢ ᠰᠢᠶᠠᠨ ᠷᠦᠩ ᠪᠣᠯ ᠨᠠᠨ ᠲᠠᠢ ᠽᠢ ᠰᠢᠶᠠᠩ ᠤᠨ ᠰᠢᠨ ᠳ᠋ᠢ ᠽᠦᠨ ᠲᠣᠰᠬᠤᠨ ᠤ ᠲᠤᠤᠷ᠎ᠠ ᠪᠠᠲᠤᠯᠠᠭ᠎ᠠ ᠶᠢᠨ

ᠡᠷᠦᠬᠡ᠂ ᠡᠨᠡ ᠵᠢᠯ 66 ᠨᠠᠰᠤᠲᠠᠶ᠂ ᠬᠤᠶᠠᠷ ᠬᠦᠤ ᠨᠢ ᠭᠠᠳᠠᠷ ᠤᠷᠤᠨ ᠳᠤ ᠬᠥᠯᠥᠰᠥᠨ ᠠᠵᠢᠯ ᠬᠢᠵᠦ᠂ ᠦᠷᠭᠦᠯᠵᠢ

ᠭᠡᠷ ᠲᠡᠭᠡᠨ ᠬᠠᠷᠢᠬᠤ ᠦᠭᠡᠶ᠂ ᠬᠤᠶᠠᠷ ᠨᠠᠰᠤᠳᠠᠨ ᠤ ᠡᠪᠡᠳᠴᠢᠨ ᠬᠠᠭᠤᠴᠢᠨ ᠲᠠᠢ᠂ ᠣᠯᠠᠩᠬᠢ ᠳᠠᠭᠠᠨ ᠲᠤᠤᠷ᠎ᠠ

ᠪᠠᠲᠤᠯᠠᠭ᠎ᠠ ᠶᠢᠨ ᠮᠥᠩᠭᠦ᠂ ᠦᠨᠳᠦᠰᠦᠨ ᠨᠠᠰᠤᠵᠢᠯ ᠤᠨ ᠮᠥᠩᠭᠦ ᠪᠣᠯᠤᠨ ᠲᠠᠷᠢᠶᠠᠨ ᠠᠵᠢᠯ ᠤᠨ ᠵᠢᠭᠠᠬᠠᠨ

ᠣᠷᠣᠯᠭ᠎ᠠ ᠪᠠᠷ ᠢᠶᠠᠨ ᠠᠮᠢᠳᠤᠷᠠᠯ ᠢᠶᠠᠨ ᠠᠷᠭᠠᠴᠠᠵᠦ ᠪᠠᠶᠢᠳᠠᠭ᠃

   4 ᠰᠠᠷ᠎ᠠ ᠶᠢᠨ 21 ᠤ ᠡᠳᠦᠷ᠂ ᠬᠠᠷᠠᠴᠢᠨ ᠤ ᠴᠠᠭ ᠠᠭᠤᠷ ᠤᠨ ᠦᠷᠳᠡᠭᠡᠨ ᠠᠴᠠ ᠪᠥᠬᠦ ᠬᠤᠰᠢᠭᠤᠨ ᠤ

ᠶᠡᠬᠡᠩᠬᠢ ᠭᠠᠵᠠᠷ ᠤᠷᠤᠨ ᠳᠤ ᠳᠤ 7 ᠲᠠᠰ ᠠᠴᠠ ᠳᠡᠭᠡᠭᠰᠢᠬᠢ ᠰᠠᠯᠬᠢᠨ ᠤ ᠰᠡᠷᠡᠮᠵᠢᠯᠡᠭᠦᠯᠦᠯ ᠢ ᠨᠡᠶᠢᠲᠡᠯᠡᠵᠦ᠂ ᠨᠠᠨ

 ᠲᠠᠢ ᠽᠢ ᠰᠢᠶᠠᠩ ᠤᠨ ᠰᠢᠨ ᠳ᠋ᠢ ᠲᠣᠰᠬᠤᠨ ᠨᠢ ᠶᠠᠭ ᠡᠨᠡᠬᠦ ᠡᠨᠡ ᠬᠦ ᠬᠦᠴᠦᠲᠦ ᠰᠠᠯᠬᠢᠨ ᠤ ᠠᠭᠤᠷ ᠠᠮᠢᠰᠬᠤᠯ ᠳᠤ

ᠦᠷᠳᠦᠪᠡ᠃ ᠭᠡᠲᠡᠯ᠎ᠡ ᠯᠢ ᠰᠢᠶᠠᠨ ᠷᠦᠩ ᠤᠨ ᠭᠡᠷ ᠤᠨ ᠥᠩᠭᠡᠲᠦ ᠪᠣᠯᠣᠳ ᠤᠨ ᠭᠡᠷ ᠤᠨ ᠣᠷᠣᠢ ᠨᠢ ᠶᠠᠭ ᠰᠠᠶᠢᠬᠠᠨ

ᠡᠨᠡ ᠤᠳᠠᠭᠠᠨ ᠤ ᠭᠡᠨᠡᠳᠲᠡ ᠶᠢᠨ  ᠬᠦᠴᠦᠳᠦ ᠰᠠᠯᠬᠢᠨ ᠳᠤ ᠦᠯᠢᠶᠡᠭᠳᠡᠨ ᠶᠠᠪᠤᠵᠠᠢ᠃ ᠡᠨᠡ ᠬᠦ ᠪᠠᠶᠢᠳᠠᠯ ᠢ

ᠮᠡᠳᠡᠭᠰᠡᠨ ᠤ ᠳᠠᠷᠠᠭ᠎ᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠨᠢᠭᠡᠳᠦᠭᠡᠷ ᠱᠦᠵᠢ ᠵᠢᠢ ᡁᠢ ᠲᠡᠷᠡ

ᠳᠠᠷᠤᠢ ᠳᠤᠨᠢ  ᠨᠠᠨ ᠲᠠᠢ ᠽᠢ ᠰᠢᠶᠠᠩ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠲᠠᠢ ᠬᠠᠷᠢᠯᠴᠠᠵᠤ᠂ ᠰᠢᠶᠠᠩ ᠤᠨ

ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠵᠢᠢ ᠶᠠᠨ ᠦ᠋ ᠲᠡᠷᠡ ᠳᠠᠷᠤᠢ ᠳᠤᠨᠢ ᠯᠢ ᠰᠢᠶᠠᠨ

ᠷᠦᠩ  ᠡᠪᠦᠭᠡᠨ ᠬᠦᠭᠰᠢᠨ ᠬᠤᠶᠠᠷ ᠲᠤ ᠬᠥᠪᠥᠩ ᠬᠥᠨᠵᠢᠯᠡ᠂ ᠢᠳᠡᠭᠡᠨ ᠤ ᠲᠤᠰᠤ ᠵᠡᠷᠭᠡ ᠪᠠᠴᠢᠮ ᠪᠠᠶᠢᠳᠠᠯ ᠢ

ᠠᠷᠭᠠᠴᠠᠬᠤ ᠡᠳ᠋ ᠪᠣᠳᠠᠰ ᠢ ᠬᠦᠷᠭᠡᠵᠤ ᠦᠭᠪᠡ᠃ ᠳᠠᠷᠠᠭ᠎ᠠ ᠨᠢ ᠠᠵᠢᠯᠯᠠᠬᠤ ᠠᠩᠭᠢ ᠪᠠᠰᠠ ᠨᠠᠨ ᠲᠠᠢ ᠽᠢ

ᠰᠢᠶᠠᠩ ᠤᠨ ᠠᠷᠠᠳ ᠤᠨ ᠶᠠᠪᠤᠳᠠᠯ ᠤᠨ ᠠᠯᠪᠠᠨ ᠭᠡᠷ ᠪᠤᠯᠤᠨ ᠰᠢᠨ ᠳ᠋ᠢ ᠲᠣᠰᠬᠤᠨ ᠤ ᠠᠷᠠᠳ ᠤᠨ ᠵᠥᠪᠯᠡᠯ ᠲᠠᠢ

ᠬᠤᠯᠪᠣᠭᠠᠯᠠᠨ 7500 ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠯᠢ ᠰᠢᠶᠠᠨ ᠷᠦᠩ ᠤᠨ ᠭᠡᠷ ᠤᠨ ᠣᠷᠣᠶ ᠶᠢ

5 ᠡᠳᠦᠷ ᠤᠨ ᠳᠣᠲᠣᠷ᠎ᠠ ᠰᠢᠨ᠎ᠡ ᠪᠠᠷ ᠪᠠᠷᠢᠵᠤ ᠦᠭᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号