ᠾᠧᠨᠠᠨ ᠵᠡᠭᠡᠯᠢ ᠭᠤᠳᠤᠮᠵᠢ ᠶᠢᠨ ᠳ᠋ᠦᠩ ᠼᠦᠨ‌‍ᠲ᠋ᠤᠰᠬᠤᠨ᠄ ᠵᠧᠩ ᠯᠢ ᠵᠢᠶᠦ᠋ᠨ ᠥᠪᠡᠷ ᠤᠨ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠵᠦ ᠪᠠᠶᠢᠨ᠎ᠠ
ᠨᠡᠶᠢᠲᠡᠯᠡᠭᠰᠡᠨ ᠴᠠᠭ᠄
2020/5/19

   5 ᠰᠠᠷ᠎ᠠ ᠶᠢᠨ 7 ᠤ ᠡᠳᠦᠷ᠂ ᠰᠤᠷᠪᠤᠯᠵᠢᠯᠠᠭᠴᠢ ᠾᠧᠨᠠᠨ ᠤ ᠳ᠋ᠦᠩ ᠼᠦᠨ ᠲᠣᠰᠬᠤᠨ ᠳᠤ ᠰᠠᠭᠤᠭ᠎ᠠ

ᠨᠢᠭᠡᠳᠦᠭᠡᠷ ᠱᠦᠵᠢ ᠹᠧᠩ ᠶᠣᠣ ᠢᠦᠶ ᠶᠢ ᠲᠠᠭᠠᠵᠤ ᠾᠧᠨᠠᠨ ᠵᠡᠭᠡᠯᠢ ᠭᠤᠳᠤᠮᠵᠢ ᠶᠢᠨ ᠾᠧᠨᠠᠨ ᠳ᠋ᠦᠩ ᠼᠦᠨ ᠤ

ᠳᠥᠷᠪᠡᠳᠦᠭᠡᠷ ᠳᠤᠭᠤᠶᠢᠯᠠᠩ ᠤᠨ ᠵᠧᠩ ᠯᠢ ᠵᠢᠶᠦ᠋ᠨ ᠤ ᠭᠡᠷ ᠲᠤ ᠬᠦᠷᠬᠦ ᠳᠤ᠂ ᠬᠠᠨᠢ ᠨᠦᠬᠦᠷ ᠬᠤᠶᠠᠭᠤᠯᠠ ᠪᠠᠨ

ᠨᠢᠭᠡ ᠣᠪᠣᠭ᠎ᠠ ᠪᠤᠭᠤᠯᠳᠠ ᠲᠠᠢ ᠡᠪᠡᠰᠦ ᠶᠢ ᠭᠤᠷᠪᠠᠨ ᠬᠦᠷᠳᠦᠲᠦ ᠲᠡᠷᠭᠡᠨ ᠳᠡᠭᠡᠷ᠎ᠡ ᠲᠡᠭᠡᠭᠡᠵᠦ ᠪᠠᠶᠢᠯ᠎ᠠ ᠪᠠᠶᠢᠨ᠎ᠠ᠃

ᠪᠦᠬᠦ ᠪᠡᠶᠡᠨ ᠳᠤ ᠨᠢ  ᠡᠰᠢ ᠰᠦᠷᠡᠯ  ᠨᠠᠭᠠᠯᠳᠤᠴᠢᠬᠠᠵᠠᠢ  ᠂ ᠡᠪᠡᠰᠦ ᠪᠠᠨ ᠪᠦᠬᠦᠨ ᠢ ᠬᠦᠷᠢᠶᠡᠨ ᠳᠤ

ᠪᠠᠭᠤᠯᠭᠠᠭᠰᠠᠨ ᠤ ᠳᠠᠷᠠᠭ᠎ᠠ ᠰᠠᠶ᠋ᠢ  ᠪᠠᠶᠠᠷᠳᠠᠶᠢᠬᠠᠨ ᠢᠨᠢᠶᠡᠮᠰᠦᠭᠯᠡᠵᠦ ᠪᠠᠶᠢᠪᠠ᠃

    ᠵᠧᠩ ᠯᠢ ᠵᠢᠶᠦ᠋ᠨ ᠪᠣᠯ ᠾᠧᠨᠠᠨ ᠵᠡᠭᠡᠯᠢ ᠭᠤᠳᠤᠮᠵᠢ ᠶᠢᠨ ᠾᠧᠨᠠᠨ ᠳ᠋ᠦᠩ ᠼᠦᠨ ᠲᠤᠰᠬᠤᠨ ᠤ ᠳᠥᠷᠪᠡᠳᠦᠭᠡᠷ

ᠲᠤᠭᠤᠶᠢᠯᠠᠩ ᠤᠨ ᠽᠦᠸᠧ ᠴᠢᠩ ᠱᠠᠨ ᠤ ᠡᠬᠡᠨᠡᠷ ᠪᠣᠯᠤᠨ᠎ᠠ᠃ ᠡᠨᠡ ᠵᠢᠯ 38 ᠨᠠᠰᠤᠲᠠᠶ᠃ ᠲᠡᠭᠦᠨ ᠤ  ᠨᠥᠬᠦᠷ 

 ᠨᠢ ᠰᠤᠨᠤᠷ ᠪᠠ ᠬᠡᠯᠡ ᠶᠠᠷᠢᠶ᠎ᠠ ᠨᠢ ᠭᠡᠮ ᠲᠠᠢ᠃ ᠵᠥᠪᠬᠡᠨ ᠬᠦᠴᠦ ᠭᠠᠷᠭᠠᠳᠠᠭ ᠠᠵᠢᠯ ᠬᠢᠵᠦ ᠲᠠᠶᠢᠯᠦᠨ᠎ᠡ᠂᠂

ᠬᠦᠦ ᠶᠢᠨ ᠬᠢᠨᠢ ᠨᠢᠳᠦ ᠨᠢ ᠵᠡᠮᠳᠡᠭ᠂ ᠥᠬᠢᠨ ᠨᠢ ᠥᠨᠳᠥᠷ ᠳᠤᠮᠳᠠᠳᠤ ᠳᠤ ᠰᠤᠷᠤᠯᠴᠠᠵᠤ᠂ ᠬᠠᠳᠠᠮ ᠡᠵᠢ ᠨᠢ ᠨᠠᠰᠤ

ᠠᠬᠢᠵᠠᠢ᠂ ᠭᠡᠷ ᠨᠢ ᠪᠠᠶᠢᠭᠠᠯᠢ ᠶᠢᠨ ᠣᠷᠴᠢᠨ ᠲᠣᠭᠤᠷᠢᠨ ᠢᠶᠠᠷ ᠨᠡᠯᠢᠶᠡᠳ ᠠᠨᠠᠶ ᠠᠭᠤᠯᠠᠷᠬᠠᠭ ᠣᠷᠣᠨ ᠳᠤ

ᠰᠠᠭᠤᠷᠢᠰᠢᠵᠤ᠂ ᠨᠥᠬᠦᠷ ᠨᠢ ᠠᠷᠰᠠᠷ ᠠᠵᠢᠯ ᠬᠢᠬᠦ ᠪᠠ ᠭᠠᠵᠠᠷ  ᠲᠠᠷᠢᠶᠠᠨ ᠣᠷᠣᠯᠭ᠎ᠠ ᠪᠠᠷ ᠢᠶᠠᠨ ᠨᠢᠭᠡ ᠭᠡᠷ ᠤᠨ

ᠲᠠᠪᠤᠨ ᠬᠥᠮᠦᠨ ᠠᠮᠠ ᠠᠮᠢᠨ ᠲᠡᠵᠢᠭᠡᠯ ᠪᠤᠯᠵᠤ ᠪᠠᠶᠢᠭ᠎ᠠ ᠪᠤᠯᠬᠤᠷ ᠶᠢᠨ ᠠᠮᠢᠳᠤᠷᠠᠯ ᠤᠨ ᠬᠢᠨᠢ ᠬᠦᠴᠢᠷ ᠪᠡᠷᠭᠡ ᠶᠢ

ᠲᠦᠰᠦᠭᠡᠯᠡᠨ ᠢ ᠮᠡᠳᠡᠵᠦ ᠪᠤᠯᠬᠤ ᠪᠢᠯᠡ᠂ ᠭᠡᠲᠡᠯ᠎ᠡ ᠡᠳᠡᠭᠡᠷ ᠨᠢ ᠨᠢᠭᠡᠨᠲᠡ ᠬᠤᠶᠠᠷ ᠵᠢᠯ ᠤᠨ ᠡᠮᠦᠨᠡᠬᠢ ᠪᠠᠢᠳᠠᠯ ᠪᠣᠯᠵᠠᠶ᠃

2017 ᠣᠨ ᠳᠤ᠂  ᠲᠡᠳᠡᠨᠡᠶᠢᠬᠢᠨ ᠨᠢ ᠤᠨᠤᠴᠢᠳᠠᠢ ᠬᠠᠪᠰᠤᠷᠤᠨ ᠲᠡᠳᠬᠦᠬᠦ ᠡᠷᠦᠬᠡ ᠪᠠᠷ ᠦᠨᠡᠯᠡᠭᠳᠡᠵᠦ᠂

ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠬᠠᠪᠰᠤᠷᠤᠨ ᠲᠡᠮᠵᠢᠬᠦ ᠠᠷᠭ᠎ᠠ ᠬᠡᠮᠵᠢᠶ᠎ᠡ ᠠᠴᠠ  

ᠲᠡᠵᠢᠭᠡᠨ‌ᠦᠷᠡᠵᠢᠭᠦᠯᠬᠦ ᠲᠥᠷᠥᠯ ᠵᠦᠢᠯ ᠢ ᠰᠣᠩᠭᠤᠵᠤ᠂ ᠵᠠᠰᠠᠭ ᠤᠨ ᠣᠷᠳᠣᠨ ᠤ ᠲᠠᠪᠤᠨ ᠲᠦᠮᠡ ᠲᠠᠪᠤᠨ ᠮᠢᠩᠭᠠᠨ

ᠲᠥᠭᠦ‌‍ᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ ᠠᠰᠢᠭᠯᠠᠵᠤ᠂ ᠤᠷᠢᠳ ᠬᠤᠵᠢᠳ 7 ᠦᠨᠢᠶ᠎ᠡ

ᠬᠤᠳᠠᠯᠳᠤᠨ ᠠᠪᠴᠤ᠂ ᠠᠷᠠᠴᠢᠯᠠᠨ ᠲᠡᠵᠢᠭᠡᠭᠰᠡᠨ ᠨᠢ ᠰᠠᠶᠢᠨ ᠪᠣᠯᠬᠤᠷ᠂ 2019 ᠣᠨ ᠳᠤ 3  ᠲᠤᠭᠤᠯ ᠢᠶᠠᠨ

ᠬᠤᠳᠠᠯᠳᠤᠭᠠᠳ᠂ 3 ᠲᠦᠮᠡ ᠭᠠᠷᠤᠶ ᠲᠥᠭᠦᠷᠢᠭ ᠤᠨ ᠤᠷᠤᠯᠭ᠎ᠠ ᠲᠠᠢ᠂ ᠤᠳᠤ ᠪᠤᠯᠬᠤ ᠳᠤ 14 ᠦᠬᠡᠷ ᠲᠡᠵᠢᠭᠡᠵᠦ

ᠪᠠᠢᠨ᠎ᠠ᠃

   ᠢᠷᠡᠭᠡᠳᠦᠶ ᠶᠢᠨ ᠠᠮᠢᠳᠤᠷᠠᠯ ᠤᠨ ᠢᠶᠠᠨ ᠲᠤᠬᠠᠶ ᠶᠠᠷᠢᠬᠤ ᠳᠠᠭᠠᠨ ᠵᠧᠩ ᠯᠢ ᠵᠢᠶᠦ᠋ᠨ ᠢᠲᠡᠭᠡᠯ ᠳᠦᠭᠦᠷᠡᠩ ᠪᠠᠶᠢᠨ᠎ᠠ

᠃ ᠲᠡᠵᠢᠭᠡᠭᠰᠡᠨ ᠦᠬᠡᠷ ᠤᠨ ᠲᠤᠭ᠎ᠠ ᠨᠢ ᠨᠡᠮᠡᠭᠳᠡᠵᠦ᠂ ᠵᠢᠯ ᠪᠦᠷᠢ ᠲᠤᠭᠤᠯ ᠪᠢᠷᠠᠭᠤ ᠬᠤᠳᠠᠯᠳᠤᠳᠠᠭ︔ ᠬᠤᠶᠠᠷ

ᠬᠡᠤᠬᠡᠳ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠵᠦ᠂ ᠨᠥᠬᠦ‌‍ᠪᠥ᠋ᠷᠢ

ᠤᠯᠵᠤ ᠪᠠᠶᠢᠭ᠎ᠠ ᠪᠤᠯᠬᠤᠷ ᠭᠡᠷ ᠪᠦᠯᠢ ᠶᠢᠨ ᠳᠠᠷᠤᠭᠠᠰᠤ ᠶᠢ ᠨᠢ ᠬᠥᠩᠭᠡᠷᠡᠭᠦᠯᠪᠡ᠃ ᠲᠡᠷᠡ ᠥᠪᠡᠷ ᠤᠨ ᠲᠠᠰᠤᠷᠠᠯᠲᠠ

ᠦᠭᠡᠢ ᠴᠢᠷᠮᠠᠶᠢᠯᠭ᠎ᠠ ᠪᠠ ᠨᠠᠮ ᠪᠠ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠰᠠᠶᠢᠨ ᠰᠠᠶᠢᠬᠠᠨ ᠲᠥᠷᠥ ᠶᠢᠨ

ᠪᠣᠳᠣᠯᠭ᠎ᠠ ᠳᠤ ᠲᠦᠰᠢᠭᠯᠡᠨ᠂ ᠶᠠᠳᠠᠭᠤ ᠠᠴᠠ ᠠᠩᠭᠢᠵᠢᠷᠠᠭᠤᠯᠬᠤ ᠵᠠᠮ ᠢᠶᠠᠷ ᠵᠠᠮᠨᠠᠵᠤ᠂ ᠭᠡᠷ ᠪᠦᠯᠢ  ᠪᠠᠨ ᠦᠭᠡᠳᠡᠷᠬᠡᠭ

ᠠᠪᠴᠦ ᠶᠠᠪᠤᠵᠤ ᠪᠠᠶᠢᠨ᠎ᠠ᠃ ᠲᠡᠭᠦᠨ ᠤ ᠨᠢᠭᠤᠷ ᠲᠤ ᠪᠠᠶᠠᠷ ᠤᠨ ᠲᠤᠶᠠᠭ᠎ᠠ ᠲᠠᠳᠠᠵᠤ ᠪᠠᠢᠨ᠎ᠠ᠃ ᠲᠡᠭᠦᠨ ᠤ

ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠨᠢ ᠤᠯᠠᠮ  ᠦᠭᠡᠳᠡᠷᠬᠡᠭ ᠪᠠᠶᠢᠵᠤ᠂ ᠠᠮᠢᠳᠤᠷᠠᠯ ᠨᠢ ᠤᠯᠠᠮ ᠠᠴᠠ

ᠤᠯᠠᠮ ᠰᠠᠶᠢᠨ ᠪᠣᠯᠬᠤ ᠶᠢ ᠴᠢᠩ ᠰᠡᠳᠬᠢᠯ ᠠᠴᠠ ᠪᠠᠨ ᠵᠥᠩᠨᠡᠶ᠎ᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号