ᠮᠠᠨ ᠤ ᠬᠤᠰᠢᠭᠤ ᠵᠣᠷᠯᠣᠩ ᠢ ᠥᠭᠡᠷᠡᠴᠢᠯᠡᠬᠦ ᠵᠢᠴᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠢᠷᠢᠯᠠᠭᠤᠯᠤᠯᠳᠠ ᠬᠢᠪᠡ
ᠨᠡᠶᠢᠲᠡᠯᠡᠭᠰᠡᠨ ᠴᠠᠭ᠄
2020/5/28

   5 ᠰᠠᠷ᠎ᠠ ᠶᠢᠨ 12 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠵᠣᠷᠯᠣᠩ ᠢ ᠥᠭᠡᠷᠡᠴᠢᠯᠡᠬᠦ ᠠᠵᠢᠯ

ᠵᠢᠴᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ

ᠪᠠᠶᠢᠷᠢᠯᠠᠭᠤᠯᠤᠯᠳᠠ ᠬᠢᠪᠡ᠃ ᠬᠤᠰᠢᠭᠤᠨ ᠤ ᠤᠳᠤᠷᠢᠳᠤᠯᠭ᠎ᠠ ᠭᠤᠤ ᠰᠢ ᠬᠤᠸᠠ᠂ ᠵᠠᠩ ᠭᠦᠸᠧ ᠬᠤᠸᠠ᠂

ᠪᠢᠴᠢᠭᠲᠦ ᠬᠤᠷᠠᠯ ᠳᠤ ᠣᠷᠣᠯᠴᠠᠪᠠ᠃ ᠳᠡᠳ᠋ ᠬᠤᠰᠢᠭᠤᠨ ᠳᠠᠷᠤᠭ᠎ᠠ ᠵᠠᠩ ᠬᠤᠸᠠ ᠬᠤᠷᠠᠯ ᠡᠷᠭᠢᠯᠡᠪᠡ᠃

  ᠬᠤᠰᠢᠭᠤ ᠨᠠᠮ ᠤᠨ ᠬᠤᠷᠢᠶᠠᠨ ᠤ ᠱᠦᠵᠢ ᠭᠤᠤ ᠰᠢ ᠬᠤᠸᠠ ᠵᠢᠭᠠᠵᠤ ᠭᠠᠷᠭᠠᠭᠰᠠᠨ ᠨᠢ᠂ ᠬᠥᠳᠡᠭᠡ

ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ

ᠠᠬᠢᠭᠤᠯᠬᠤ ᠨᠢ ᠣᠯᠠᠨ ᠲᠦᠮᠡᠨ ᠤ ᠠᠮᠢᠳᠤᠷᠠᠯ ᠤᠨ ᠬᠡᠪ ᠴᠢᠨᠠᠷ ᠲᠠᠢ ᠰᠢᠭᠤᠳ ᠬᠤᠯᠪᠣᠭᠳᠠᠵᠤ᠂ ᠴᠢᠨᠡᠭᠡᠯᠢᠭ

ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠥᠬᠦᠪᠥᠷᠢᠯᠡᠬᠦ ᠴᠢᠬᠤᠯᠠᠲᠠᠶ ᠠᠷᠠᠳ ᠤᠨ ᠠᠮᠢᠳᠤᠷᠠᠯ ᠤᠨ ᠡᠮᠵᠡᠭ

ᠬᠡᠰᠡᠭ ᠪᠤᠯᠬᠤ ᠶᠤᠮ᠃ ᠮᠥᠨᠴᠦ ᠮᠠᠨ ᠤ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠣᠪᠦ᠋ᠮ᠎ᠠ

ᠠᠰᠠᠭᠤᠳᠠᠯ ᠢ ᠰᠢᠢᠳᠪᠦᠷᠢᠯᠡᠬᠦ ᠲᠤᠯᠭᠠᠮ᠎ᠠ ᠱᠠᠭᠠᠷᠳᠠᠯᠭ᠎ᠠ ᠪᠣᠯᠤᠨ᠎ᠠ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂

ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠬᠥᠳᠡᠭᠡ ᠲᠣᠰᠬᠤᠨ ᠤ ᠵᠣᠷᠯᠣᠩ ᠢ

ᠥᠭᠡᠷᠡᠴᠢᠯᠡᠬᠦ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ

ᠠᠳᠬᠤᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ

ᠰᠡᠳᠭᠢᠭᠳᠡᠯ ᠢᠶᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠭᠤᠭᠴᠤᠭ᠎ᠠ ᠳᠤ

ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ

ᠬᠡᠷᠡᠭᠳᠡᠢ᠃

   ᠭᠤᠤ ᠰᠢ ᠬᠤᠸᠠ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂

ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠵᠣᠷᠯᠣᠩ ᠢ ᠥᠭᠡᠷᠡᠴᠢᠯᠡᠵᠦ ᠵᠢᠱᠢᠶ᠎ᠡ ᠦᠵᠡᠭᠦᠯᠬᠦ ᠠᠵᠢᠯ ᠤᠨ ᠬᠡᠪ

ᠵᠠᠭᠪᠤᠷ ᠪᠠ ᠰᠡᠳᠬᠢᠴᠡ ᠪᠠᠨ ᠲᠣᠳᠣᠷᠬᠠᠶᠢᠯᠠᠵᠤ᠂ ᠶᠠᠰᠤ ᠴᠢᠨᠠᠷ ᠤᠨ ᠪᠣᠭᠤᠮᠲᠠ ᠶᠢ ᠦᠨᠡᠨᠬᠦ ᠰᠠᠶᠢᠲᠤᠷ ᠠᠳᠬᠤᠬᠤ

ᠬᠡᠷᠡᠭᠳᠡᠢ᠂ ᠵᠣᠷᠯᠣᠩ ᠢ ᠥᠭᠡᠷᠡᠴᠢᠯᠡᠬᠦ ᠠᠵᠢᠯ ᠤᠨ ᠬᠠᠷᠠᠯᠲᠠ ᠡᠭᠦᠷᠭᠡ ᠶᠢ ᠪᠠᠲᠤᠯᠠᠬᠤ ᠮᠦᠷᠳᠡᠭᠡᠨ ᠪᠠᠰᠠ ᠬᠤᠶᠢᠨᠠᠬᠢ  

ᠬᠠᠮᠢᠶᠠᠷᠤᠯᠳᠠ ᠪᠠ ᠬᠠᠮᠠᠭᠠᠯᠠᠯᠳᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠣᠯᠠᠨ

ᠲᠦᠮᠡᠨ ᠤ ᠰᠠᠶᠢᠨ ᠳᠤᠷ᠎ᠠ ᠶᠢᠨ ᠵᠠᠷᠴᠢᠮ ᠢᠶᠠᠷ ᠠᠵᠢᠯ ᠢᠶᠠᠨ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠡᠪ

ᠵᠠᠭᠪᠤᠷ ᠤᠨ ᠶᠣᠰᠣᠭᠠᠷ ᠲᠥᠷᠥᠯ ᠬᠤᠪᠢᠶᠠᠨ ᠵᠢᠯᠣᠭᠤᠳᠴᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ

ᠲᠣᠬᠢᠷᠠᠭᠤᠯᠤᠨ᠂ ᠲᠤᠰᠬᠠᠶᠢᠵᠢᠭᠰᠠᠨ ᠪᠠ ᠢᠳᠡᠭᠡᠮᠵᠢ ᠰᠠᠶᠢᠳᠠᠢ ᠪᠠᠷᠢᠯᠭ᠎ᠠ ᠶᠢᠨ ᠠᠩᠬᠢ ᠶᠢ ᠰᠣᠩᠭᠤᠨ ᠪᠠᠷᠢᠯᠭ᠎ᠠ

ᠬᠢᠯᠭᠡᠵᠦ᠂ ᠲᠦᠭᠦᠬᠡᠢ ᠮᠠᠲ᠋ᠧᠷᠢᠶᠠᠯ᠂ ᠪᠠᠷᠢᠯᠭ᠎ᠠ ᠶᠢᠨ ᠠᠵᠢᠯ ᠵᠡᠷᠭᠡ ᠭᠤᠭᠴᠤᠭ᠎ᠠ ᠶᠢ ᠰᠠᠶᠢᠲᠤᠷ ᠠᠳᠬᠤᠬᠤ ᠬᠡᠷᠡᠭᠳᠡᠢ᠃

ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠤᠰᠬᠠᠶ ᠬᠥᠮᠦᠨ

ᠲᠤᠮᠢᠯᠠᠵᠤ ᠵᠣᠷᠯᠣᠩ ᠢ ᠥᠭᠡᠷᠡᠴᠢᠯᠡᠬᠦ ᠠᠵᠢᠯ ᠢ ᠬᠠᠷᠢᠭᠤᠴᠠᠭᠤᠯᠵᠤ᠂ ᠶᠠᠰᠤ ᠴᠢᠨᠠᠷ ᠪᠠ ᠬᠤᠶᠢᠨᠠᠬᠢ ᠦᠢᠯᠡᠴᠢᠯᠡᠭᠡ ᠶᠢ

ᠪᠠᠲᠤᠯᠠᠵᠤ᠂ ᠡᠭᠦᠷᠭᠡ ᠪᠠᠨ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠭᠦᠨ ᠤ ᠳᠤ

ᠬᠠᠮᠲᠤ᠂ ᠬᠥᠳᠡᠭᠡ ᠲᠣᠰᠬᠤᠨ ᠤ ᠬᠤᠭ ᠨᠣᠪᠰᠢ ᠶᠢ ᠰᠢᠢᠳᠪᠦᠷᠢᠯᠡᠬᠦ ᠪᠠ ᠬᠤᠭ ᠨᠣᠪᠰᠢ ᠶᠢᠨ ᠲᠠᠯᠠᠪᠠᠢ ᠶᠢ

ᠰᠣᠩᠭᠤᠬᠤ ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠬᠤᠭ ᠨᠣᠪᠰᠢ᠂ ᠲᠦᠯᠡᠰᠢ᠂ ᠠᠮᠢᠳᠤᠷᠠᠯ ᠤᠨ ᠬᠤᠭ

ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠵᠦ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ

ᠵᠠᠰᠠᠭ ᠵᠡᠷᠭᠡ ᠰᠠᠯᠠᠭ᠎ᠠ ᠮᠥᠴᠢᠷ ᠤᠳ ᠲᠡᠭᠡᠳᠦ ᠱᠠᠳᠤᠨ ᠤ ᠪᠠᠯᠠ ᠮᠥᠩᠭᠦ ᠪᠠ ᠲᠥᠷᠥᠯ ᠵᠦᠢᠯ ᠢ ᠢᠳᠡᠪᠬᠢᠳᠡᠢ ᠪᠠᠷ

ᠲᠡᠮᠡᠴᠡᠨ ᠣᠯᠬᠤ ᠬᠡᠷᠡᠭᠲᠡᠶ᠃ ᠪᠣᠬᠢᠷ ᠤᠰᠤ  ᠰᠢᠢᠳᠪᠦᠷᠢᠯᠡᠬᠦ ᠠᠵᠢᠯ ᠢ ᠵᠦᠶ ᠵᠣᠬᠢᠰᠲᠠᠶ ᠰᠠᠶᠢᠲᠤᠷ ᠲᠣᠬᠢᠷᠠᠭᠤᠯᠬᠤ

ᠬᠡᠷᠡᠭᠲᠡᠶ᠃

   ᠭᠤᠤ ᠰᠢ ᠬᠤᠸᠠ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ

ᠲᠣᠭᠤᠷᠢᠨ ᠢ ᠴᠡᠭᠴᠡᠯᠡᠨ ᠵᠠᠰᠠᠬᠤ ᠠᠵᠢᠯ ᠪᠣᠯ ᠤᠯᠤᠰ ᠲᠥᠷᠥ ᠶᠢᠨ ᠡᠭᠦᠷᠭᠡ ᠮᠦᠨ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠲᠠᠭᠤ ᠳᠠᠶᠢᠯᠠᠯᠳᠤᠭᠠᠨ ᠪᠣᠯᠤᠨ᠎ᠠ᠂ ᠨᠡᠩ ᠴᠤ ᠤᠯᠠᠨ ᠲᠦᠮᠡᠨ ᠳᠤ

ᠠᠰᠢᠭ ᠬᠦᠷᠲᠡᠭᠡᠬᠦ ᠪᠣᠳᠠᠲᠤ ᠶᠠᠪᠤᠳᠠᠯ ᠪᠠ ᠰᠠᠶᠢᠨ ᠶᠠᠪᠤᠳᠠᠯ ᠪᠣᠯᠤᠨ᠎ᠠ᠃ ᠦᠨᠢᠷ ᠦᠳᠭᠡᠨ ᠠᠭᠤᠷ ᠠᠮᠢᠰᠬᠤᠯ ᠢ ᠪᠤᠢ

ᠪᠣᠯᠭᠠᠵᠤ᠂ ᠨᠠᠮ ᠤᠨ ᠭᠡᠰᠢᠭᠦᠨ ᠺᠠᠳ᠋ᠷ ᠤᠨ ᠵᠢᠱᠢᠶ᠎ᠡ ᠦᠵᠡᠭᠦᠯᠦᠨ ᠲᠠᠭᠠᠭᠤᠯᠬᠤ ᠦᠢᠯᠡᠳᠦᠯ ᠢ ᠪᠠᠳᠠᠷᠠᠭᠤᠯᠵᠤ᠂

ᠲᠣᠰᠬᠤᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠪᠦᠭᠡᠳ

ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠲᠠᠶᠢᠴᠢᠯᠠᠬᠤ ᠬᠡᠷᠡᠭᠲᠡᠢ᠃ ᠲᠠᠭᠤᠨ ᠲᠠᠮᠵᠢᠭᠤᠯᠤᠭᠴᠢ᠂ ᠸᠢᠴᠠᠲ ᠤᠨ

ᠬᠤᠯᠪᠤᠭ᠎ᠠ ᠵᠡᠷᠭᠡ ᠪᠠᠷ ᠳᠡᠮᠵᠢᠨ᠂ ᠣᠯᠠᠨ ᠲᠦᠮᠡᠨ ᠤ ᠬᠡᠷ ᠪᠠᠶᠢᠰᠢᠩ ᠤᠨ ᠤᠷᠴᠢᠨ ᠤ ᠡᠷᠡᠭᠦᠯ ᠬᠠᠮᠠᠭᠠᠯᠠᠯ ᠢᠶᠠᠨ

ᠰᠠᠶᠢᠲᠤᠷ ᠬᠢᠬᠦ ᠶᠢ ᠲᠠᠶᠢᠴᠢᠯᠠᠬᠤ ᠬᠡᠷᠡᠭᠳᠡᠢ᠃ ᠠᠶᠢᠯ ᠲᠣᠰᠬᠤᠨ ᠢᠶᠠᠨ ᠤᠶᠢᠵᠢᠭᠤᠯᠬᠤ ᠡᠷᠴᠢᠮ ᠢᠶᠠᠨ ᠦᠷᠭᠦᠯᠵᠢᠯᠡᠨ

ᠴᠢᠩᠭᠠᠷᠠᠭᠤᠯᠵᠤ᠂ ᠬᠠᠮᠲᠤ ᠪᠠᠷ ᠬᠠᠮᠢᠶᠠᠷᠬᠤ᠂ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠥᠳᠡᠭᠡ

ᠲᠣᠰᠬᠤᠨ ᠤ ᠲᠩᠷᠢ ᠨᠢ ᠨᠡᠩ ᠴᠡᠯᠮᠡᠭ᠂ ᠤᠰᠤ ᠨᠢ ᠨᠡᠩ ᠴᠡᠪᠡᠷ᠂ ᠲᠣᠰᠬᠤᠨ ᠨᠢ ᠨᠡᠩ ᠰᠠᠶᠢᠬᠠᠨ᠂ ᠠᠮᠢᠳᠤᠷᠠᠯ ᠨᠢ

ᠨᠡᠩ ᠲᠠᠭᠠᠯᠠᠮᠵᠢᠲᠠᠢ ᠪᠣᠯᠭᠠᠬᠤ ᠶᠢ ᠪᠡᠶᠡᠯᠡᠬᠦᠯᠬᠦ ᠬᠡᠷᠡᠭᠲᠡᠢ᠃

   ᠬᠤᠰᠢᠭᠤᠨ ᠳᠠᠷᠤᠭ᠎ᠠ ᠵᠠᠩ ᠭᠦᠸᠧ ᠬᠤᠸᠠ ᠵᠢᠭᠠᠵᠤ ᠭᠠᠷᠭᠠᠭᠰᠠᠨ ᠨᠢ᠂ ᠬᠤᠰᠢᠭᠤ ᠨᠠᠮ ᠤᠨ ᠬᠤᠷᠢᠶᠠᠨ ᠤ

ᠱᠠᠭᠠᠷᠳᠠᠯᠭ᠎ᠠ ᠶᠣᠰᠣᠭᠠᠷ᠂ ᠵᠢᠱᠢᠶ᠎ᠡ ᠦᠵᠡᠭᠦᠯᠦᠨ ᠲᠠᠶᠢᠴᠢᠯᠠᠬᠤ ᠶᠢ ᠠᠳᠬᠤᠵᠤ᠂ ᠬᠥᠳᠡᠭᠡ ᠲᠣᠰᠬᠤᠨ ᠤ ᠵᠣᠷᠯᠣᠩ ᠢ

ᠥᠭᠡᠷᠡᠴᠢᠯᠡᠬᠦ ᠠᠵᠢᠯ ᠢ ᠴᠢᠭ ᠢᠶᠠᠷ ᠬᠡᠪᠴᠢᠶ᠎ᠡ ᠪᠤᠯᠭᠠᠨ ᠥᠷᠭᠡᠳᠬᠡᠬᠦ᠂ ᠲᠥᠪᠯᠡᠷᠡᠭᠦᠯᠦᠯᠳᠡ ᠪᠠᠷ ᠪᠦᠷᠬᠦᠬᠦᠯᠬᠦ ᠶᠢ

ᠠᠬᠢᠭᠤᠯᠬᠤ ᠬᠡᠷᠡᠭᠳᠡᠢ᠃ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ

ᠵᠣᠷᠯᠣᠩ ᠳᠤ ᠣᠷᠣᠬᠤ ᠳᠠᠳᠬᠠᠯ ᠢ ᠢᠳᠡᠪᠬᠢᠳᠡᠢ ᠪᠠᠷ ᠬᠤᠪᠢᠷᠠᠭᠤᠯᠵᠤ᠂ ᠵᠢᠱᠢᠶ᠎ᠡ ᠦᠵᠡᠭᠦᠯᠬᠦ ᠡᠷᠦᠬᠡ᠂ ᠰᠠᠶᠢᠨ

ᠲᠤᠷ᠎ᠠ ᠶᠢᠨ ᠡᠷᠦᠬᠡ ᠶᠢ ᠵᠣᠬᠢᠶᠠᠨ ᠪᠠᠶᠢᠭᠤᠯᠵᠦ ᠲᠣᠭᠤᠷᠢᠨ ᠰᠤᠷᠤᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃

ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠵᠣᠷᠯᠣᠩ ᠢᠶᠠᠨ ᠥᠭᠡᠷᠡᠴᠢᠯᠡᠬᠦ᠂

ᠵᠣᠷᠯᠣᠩ ᠥᠭᠡᠷᠡᠴᠢᠯᠡᠬᠦ ᠪᠠᠷ ᠭᠤᠶᠤᠴᠢᠯᠠᠬᠤ ᠪᠠ ᠵᠤᠷᠯᠤᠩ ᠤᠨ ᠲᠥᠪᠯᠡᠷᠡᠭᠦᠯᠦᠨ ᠪᠦᠷᠬᠦᠬᠦᠯᠦᠭᠰᠡᠨ ᠦᠭᠡᠷᠡᠴᠢᠯᠡᠯᠳᠡ

 ᠶᠢ ᠬᠢᠯᠭᠡᠬᠦ ᠬᠡᠷᠡᠭᠲᠡᠶ︔ ᠱᠠᠩᠨᠠᠨ ᠨᠥᠬᠦᠪᠥᠷᠢᠯᠡᠬᠦ ᠪᠠᠷ ᠣᠷᠣᠯᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ

ᠳᠡᠯᠭᠡᠭᠦᠷᠴᠢᠯᠡᠭᠰᠡᠨ ᠪᠣᠷᠣᠯᠠᠭᠤᠯᠤᠯᠳᠠ᠂ ᠤᠭᠰᠠᠷᠠᠬᠤ᠂ ᠰᠡᠯᠪᠢᠨ ᠵᠠᠰᠠᠬᠤ᠂ ᠬᠠᠮᠠᠭᠠᠯᠠᠬᠤ ᠪᠠ

ᠪᠣᠷᠣᠯᠠᠭᠤᠯᠤᠯᠳᠠ ᠵᠢᠨ‌‍ᠲ᠋ᠠᠷᠠᠭᠠᠬᠢ ᠲᠤᠰᠬᠠᠶᠢᠵᠢᠭᠰᠠᠨ ᠦᠢᠯᠡᠴᠢᠯᠡᠭᠡ ᠶᠢ ᠭᠤᠤᠯᠳᠠᠯᠭ᠎ᠠ ᠲᠠᠢ ᠲᠠᠳᠠᠨ ᠠᠪᠴᠢᠷᠠᠵᠤ᠂

ᠲᠤᠰᠬᠠᠶᠢᠵᠢᠭᠰᠠᠨ ᠪᠠᠶᠢᠭᠤᠯᠤᠯᠲᠠ ᠶᠢᠨ ᠠᠩᠬᠢ ᠶᠢ ᠰᠣᠩᠭᠤᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂

ᠢᠯᠭᠠᠳᠠᠰᠤ ᠶᠢ ᠴᠡᠪᠡᠷᠡᠯᠡᠨ ᠭᠠᠷᠭᠠᠬᠤ ᠪᠠ ᠠᠷᠢᠯᠠᠭᠠᠬᠤ ᠲᠠᠯ᠎ᠠ ᠪᠠᠷ ᠵᠠᠬ᠎ᠠ ᠲᠡᠯᠭᠡᠭᠦᠷᠴᠢᠯᠡᠯᠳᠡ ᠪᠠ

ᠨᠡᠶᠢᠭᠡᠮᠴᠢᠯᠡᠯᠳᠡ ᠶᠢ ᠪᠡᠶᠡᠯᠡᠬᠦᠯᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ

ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ

ᠳᠡᠭᠡᠭᠰᠢᠯᠡᠭᠦᠯᠵᠦ᠂ ᠭᠤᠤᠯ ᠤᠨ ᠭᠤᠯᠳᠤᠷᠢᠯ᠂ ᠭᠤᠤᠯ ᠳᠠᠭᠠᠤ᠂ ᠰᠠᠪᠠ ᠭᠠᠵᠠᠷ ᠢ ᠵᠠᠰᠠᠬᠤ ᠠᠵᠢᠯ ᠢ ᠰᠠᠶᠢᠲᠤᠷ ᠬᠢᠵᠦ

᠂ ᠬᠥᠳᠡᠭᠡ ᠲᠤᠰᠬᠤᠨ ᠤ ᠣᠷᠴᠢᠨ ᠲᠣᠭᠤᠷᠢᠨ ᠢ ᠪᠠᠶᠢᠩᠭᠤᠵᠢᠭᠤᠯᠵᠦ᠂ ᠳᠦᠷᠢᠮᠵᠢᠭᠦᠯᠤᠨ᠂ ᠦᠷᠭᠦᠯᠵᠢᠯᠡᠭᠦᠶᠢᠴᠡ

ᠴᠢᠨᠠᠷ ᠲᠠᠢ ᠪᠤᠯᠭᠠᠬᠤ ᠬᠡᠷᠡᠭᠲᠡᠶ᠃

ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠲᠠᠷᠢᠶᠠᠯᠠᠩ ᠮᠠᠯ ᠠᠵᠤ

ᠠᠬᠤᠢ ᠶᠢᠨ ᠲᠣᠪᠴᠢᠶᠠᠨ ᠤ ᠳᠠᠷᠤᠭ᠎ᠠ ᠪᠢᠴᠢᠭᠲᠦ ᠪᠥᠬᠦ ᠬᠤᠰᠢᠭᠤᠨ ᠤ ᠬᠥᠳᠡᠭᠡ ᠲᠣᠰᠬᠤᠨ ᠤ ᠵᠣᠷᠯᠣᠩ ᠢ

ᠥᠭᠡᠷᠡᠴᠢᠯᠡᠬᠦ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ︔ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ

ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠠᠴᠠ ᠵᠣᠷᠯᠣᠩ ᠢ ᠥᠭᠡᠷᠡᠴᠢᠯᠡᠬᠦ ᠠᠵᠢᠯ ᠪᠠ ᠣᠷᠣᠰᠢᠨ

ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号