ᠵᠠᠰᠠᠭ ᠤᠨ ᠤᠷᠳᠤᠨ ᠤ ᠠᠵᠢᠯ ᠤᠨ ᠢᠯᠡᠳᠭᠡᠯ | | ——2020 ᠤᠨ ᠤ 4 ᠰᠠᠷ᠎ᠠ ᠶᠢᠨ 22 ᠤ ᠡᠳᠦᠷ ᠬᠠᠷᠠᠴᠢᠨ ᠬᠤᠰᠢᠭᠤᠨ ᠤ ᠠᠷᠪᠠᠨ ᠲᠤᠯᠤᠳᠤᠭᠠᠷ | ᠬᠤᠭᠤᠴᠠᠭᠠᠨ ᠤ ᠠᠷᠠᠳ ᠤᠨᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ | ᠲᠡᠭᠡᠷ᠎ᠡ | ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ | ᠲᠠᠷᠤᠭ᠎ᠠ ᠵᠠᠩ ᠭᠦᠸᠧ ᠬᠤᠸᠠ | | ᠲᠦᠯᠦᠭᠡᠯᠡᠭᠴᠢᠳ ᠡ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠬᠤᠷᠠᠯ ᠳᠤ | ᠠᠵᠢᠯ ᠤᠨ ᠢᠯᠡᠳᠭᠡᠯ ᠬᠢᠶ᠎ᠠ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠡ ᠤᠷᠤᠯᠴᠠᠭᠰᠠᠨ ᠨᠦᠭᠦᠳ ᠰᠠᠨᠠᠯ ᠢᠶᠠᠨ ᠲᠡᠪᠰᠢᠭᠦᠯᠬᠦ ᠪᠤᠯᠪᠠᠤ᠃ | ᠨᠢᠭᠡ᠂ 2019 ᠤᠨ ᠤ ᠠᠵᠢᠯ ᠤᠨ ᠡᠷᠬᠢᠴᠡᠭᠦᠯᠦᠯ | 2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠪᠠᠰᠠᠴᠤ | ᠬᠠᠷᠠᠴᠢᠨ ᠬᠤᠰᠢᠭᠤᠨ ᠤ ᠬᠦᠭᠵᠢᠯᠳᠡ ᠶᠢᠨ ᠲᠡᠦᠬᠡᠨ ᠲᠡᠭᠡᠷᠡᠬᠢ ᠴᠢᠬᠤᠯᠠ ᠨᠢᠭᠡᠨ ᠤᠳᠬ᠎ᠠ ᠠᠭᠤᠯᠭ᠎ᠠ ᠲᠠᠢ ᠵᠢᠯ | ᠪᠤᠯᠬᠤ ᠶᠤᠮ᠃ 7 ᠰᠠᠷ᠎ᠠ ᠶᠢᠨ 15 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳᠤ | ᠰᠢᠨᠵᠢᠯᠡᠨ ᠪᠠᠶᠢᠴᠠᠭᠠᠵᠤ ᠤᠨᠴᠠᠭᠠᠶᠢᠯᠠᠨ ᠮᠠᠨ ᠤ ᠬᠤᠰᠢᠭᠤᠨ ᠳᠤ ᠮᠤᠷᠢᠯᠠᠨ ᠰᠠᠭᠠᠳᠠᠵᠤ ᠪᠠᠶᠢᠴᠠᠭᠠᠨ ᠦᠵᠡᠵᠦ᠂ | ᠬᠦᠳᠡᠭᠡ ᠲᠤᠰᠬᠤᠨ᠂ ᠤᠢ ᠰᠢᠭᠤᠢ ᠶᠢᠨ ᠲᠠᠯᠠᠪᠠᠢ ᠳᠤ ᠭᠦᠨᠵᠡᠭᠡᠶᠢᠷᠡᠨ ᠡᠯ᠎ᠡ ᠦᠨᠳᠦᠰᠦᠳᠡᠨ ᠤ ᠺᠠᠳ᠋ᠷ ᠤᠯᠠᠨ | ᠲᠦᠮᠡᠨ ᠢ ᠡᠷᠬᠢᠨ ᠦᠵᠡᠪᠡ᠂ ᠬᠠᠷᠠᠴᠢᠨ ᠤ ᠡᠯ᠎ᠡ ᠦᠨᠳᠦᠰᠦᠳᠡᠨ ᠤ 35 ᠲᠦᠮᠡᠨ ᠠᠷᠠᠳ ᠲᠦᠮᠡᠨ ᠤ ᠡᠷᠴᠢ | ᠵᠤᠷᠢᠭ ᠨᠡᠩᠳᠡ ᠬᠦᠪᠴᠢᠯᠡᠭᠳᠡᠨ᠂ ᠨᠡᠩᠳᠡ ᠵᠤᠷᠢᠭᠵᠢᠨ᠂ ᠬᠠᠷᠠᠴᠢᠨ ᠤ ᠬᠦᠭᠵᠢᠯᠳᠡ ᠶᠢᠨ ᠰᠢᠨ᠎ᠡ ᠬᠠᠭᠤᠳᠠᠰᠤ ᠶᠢ | ᠪᠢᠴᠢᠭᠯᠡᠬᠦ ᠳᠤ ᠬᠢᠵᠠᠭᠠᠯᠠᠰᠢ ᠦᠭᠡᠢ ᠬᠦᠴᠦᠨ ᠴᠢᠳᠠᠯ ᠢ ᠨᠢᠭᠳᠠᠷᠠᠭᠤᠯᠵᠤ ᠦᠭᠪᠡ᠃ ᠨᠢᠭᠡ ᠵᠢᠯ ᠤᠨ ᠲᠤᠷᠰᠢᠳᠠ᠂ | ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠢᠳᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠵᠤ | ᠤᠨᠴᠠᠭᠠᠶᠢᠯᠠᠨ ᠮᠠᠨ ᠤ ᠬᠤᠰᠢᠭᠤᠨ ᠳᠤ ᠮᠤᠷᠢᠯᠠᠨ ᠰᠠᠭᠠᠳᠠᠵᠤ ᠪᠠᠶᠢᠴᠠᠭᠠᠨ ᠦᠵᠡᠬᠦ ᠦᠶ᠎ᠡ ᠶᠢᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠨᠳᠢᠨ ᠨᠠᠶᠢᠳᠠᠯᠭ᠎ᠠ ᠶᠢ | ᠪᠠᠳᠤ ᠴᠡᠭᠡᠵᠢᠯᠡᠨ᠂ ᠬᠠᠶᠢᠷ᠎ᠠ ᠬᠠᠯᠠᠮᠵᠢ ᠳᠤ ᠲᠠᠯᠠᠷᠬᠠᠨ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠵᠦ᠂ ᠭᠤᠷᠪᠠᠨ ᠶᠡᠭᠡ | ᠰᠢᠪᠳᠤᠯᠤᠯᠳᠠ ᠶᠢᠨ ᠲᠠᠶᠢᠨ ᠳᠤ ᠰᠢᠪᠳᠤᠯᠤᠯᠳᠠ ᠶᠢᠨ ᠴᠢᠨᠠᠷᠳᠠᠢ ᠠᠬᠢᠴᠠ ᠶᠢ ᠤᠯᠵᠤ᠂ ᠠᠮᠢ ᠠᠬᠤᠢ ᠶᠢ ᠡᠩ | ᠲᠡᠷᠢᠬᠦᠨ ᠳᠤ ᠪᠠᠶᠢᠯᠭᠠᠵᠤ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠦᠨᠳᠦᠷ ᠴᠢᠨᠰᠠᠭ᠎ᠠ | ᠲᠠᠢ ᠬᠦᠭᠵᠢᠯᠳᠡ ᠶᠢᠨ ᠰᠢᠨ᠎ᠡ ᠠᠯᠬᠤᠮ ᠢ ᠡᠬᠢᠯᠡᠬᠦᠯᠦᠨ᠂ ᠨᠢᠭᠡᠨ ᠰᠢᠷᠢᠰ ᠲᠤᠮᠤ ᠤᠴᠢᠷ ᠪᠠᠶᠠᠷᠳᠤ ᠶᠠᠪᠤᠳᠠᠯ ᠤᠳ ᠢ | ᠪᠦᠳᠦᠭᠡᠪᠡ᠂ ᠠᠵᠤ ᠠᠬᠤᠢ ᠨᠡᠶᠢᠭᠡᠮ ᠢ ᠡᠷᠡᠭᠦᠯ ᠢᠶᠠᠷ ᠬᠦᠭᠵᠢᠬᠦᠯᠬᠦ ᠶᠢ ᠪᠠᠳᠤᠯᠠᠵᠤ᠂ ᠬᠤᠰᠢᠭᠤᠨ ᠤ ᠠᠷᠪᠠᠨ | ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠭᠤᠷᠪᠠᠳᠤᠭᠠᠷ ᠬᠤᠷᠠᠯᠳᠤᠭᠠᠨ ᠳᠤ | ᠲᠤᠭᠳᠠᠭᠠᠭᠰᠠᠨ ᠪᠦᠬᠦ ᠵᠢᠯ ᠤᠨ ᠬᠠᠷᠠᠯᠳᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ ᠴᠢᠳᠠᠪᠠ᠃ ᠪᠦᠬᠦ | ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 83.1 ᠳ᠋ᠦᠩᠰᠢᠭᠤᠷ ᠲᠦᠭᠦᠷᠢᠭ | ᠪᠡᠶᠡᠯᠡᠬᠦᠯᠵᠥ᠂ ᠠᠳᠠᠯᠢ ᠬᠤᠭᠤᠴᠠᠭᠠᠨ ᠤ ᠬᠢ ᠠᠴᠠ 5.5 % ᠪᠠᠷ ᠨᠡᠮᠡᠭᠳᠡᠪᠡ᠂ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ 32.8 ᠳ᠋ᠦᠩᠰᠢᠭᠤᠷ ᠲᠦᠭᠦᠷᠢᠭ ᠪᠡᠶᠡᠯᠡᠬᠦᠯᠵᠥ᠂ 4.2% ᠪᠠᠷ ᠨᠡᠮᠡᠭᠳᠡᠪᠡ᠂ ᠨᠡᠶᠢᠬᠡᠮ ᠤᠨ | ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠶᠡᠷᠦᠩᠭᠡᠢ ᠦᠷᠳᠡᠭ 39 ᠳ᠋ᠦᠩᠰᠢᠭᠤᠷ ᠲᠦᠭᠦᠷᠢᠭ | ᠪᠡᠶᠡᠯᠡᠭᠦᠯᠵᠥ᠂ 6.4 % ᠪᠠᠷ ᠨᠡᠮᠡᠭᠳᠡᠪᠡ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ | ᠲᠡᠭᠰᠢᠳᠭᠡᠭᠰᠡᠨ ᠤᠷᠤᠯᠭ᠎ᠠ ᠲᠤᠰᠪᠤᠷᠢ 30138 ᠲᠦᠭᠦᠷᠢᠭ ᠪᠠ 12437 ᠲᠦᠭᠦᠷᠢᠭ ᠪᠤᠯᠵᠤ᠂ ᠲᠤᠰᠪᠤᠷᠢ 6. | 6 % ᠪᠠ 10.8 % ᠪᠠᠷ ᠨᠡᠮᠡᠭᠳᠡᠪᠡ᠂ ᠡᠩ ᠤᠨ ᠤᠯᠠᠨ ᠨᠡᠶᠢᠳᠠ ᠶᠢᠨ ᠡᠳ᠋ ᠤᠨ ᠵᠠᠰᠠᠭ ᠲᠦᠰᠦᠪ ᠤᠨ | ᠤᠷᠤᠯᠭ᠎ᠠ 4.1 ᠳ᠋ᠦᠩᠰᠢᠭᠤᠷ ᠲᠦᠭᠦᠷᠢᠭ ᠪᠡᠶᠡᠯᠡᠬᠦᠯᠵᠥ᠂ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠤᠭᠰᠠᠨ | ᠰᠢᠯᠳᠠᠭᠠᠨ ᠢ ᠬᠠᠰᠤᠪᠠᠯ ᠠᠳᠠᠯᠢ ᠬᠤᠭᠤᠴᠠᠭᠠᠨ ᠤ ᠬᠢ ᠠᠴᠠ6.2 % ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠠ ᠲᠤᠤᠷᠠᠬᠢ ᠮᠡᠳᠦ ᠬᠡᠳᠦᠨ ᠵᠦᠢᠯ ᠤᠨ ᠠᠵᠢᠯ ᠢ ᠭᠤᠤᠯᠳᠠᠯᠭ᠎ᠠ ᠲᠠᠢ ᠬᠢᠪᠡ᠄ | ︵ᠨᠢᠭᠡ︶ ᠰᠡᠳᠬᠢᠯ ᠨᠢᠭᠡᠳᠦᠨ ᠬᠦᠴᠦ ᠪᠠᠨ ᠬᠠᠮᠳᠤᠷᠠᠭᠤᠯᠵᠤ ᠠᠷᠭ᠎ᠠ ᠪᠤᠳᠤᠯᠭ᠎ᠠ ᠶᠢ ᠤᠨᠤᠴᠢᠳᠠᠢ ᠬᠡᠷᠡᠭᠵᠢᠬᠦᠯᠬᠦ | ᠶᠢ ᠪᠠᠷᠢᠮᠳᠠᠯᠠᠨ᠂ ᠭᠤᠷᠪᠠᠨ ᠶᠡᠭᠡ ᠲᠠᠶᠢᠯᠠᠯᠳᠤᠭᠠᠨ ᠳᠤ ᠱᠠᠳᠤ ᠦᠶ᠎ᠡ ᠶᠢᠨ ᠴᠢᠨᠠᠷᠳᠠᠢ ᠠᠮᠵᠢᠯᠳᠠ ᠪᠦᠳᠦᠮᠵᠢ ᠤᠯᠪᠠ᠃ | ᠤᠯᠤᠰ ᠤᠨ ᠲᠡᠰ ᠤᠨ ᠶᠠᠳᠠᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠪᠡ᠃ ᠶᠠᠳᠠᠭᠤ ᠠᠴᠠ | ᠠᠩᠬᠢᠵᠢᠷᠠᠭᠤᠯᠤᠨ ᠰᠢᠪᠳᠦᠯᠦᠯᠳᠡ ᠬᠢᠬᠦ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ᠂ ᠶᠠᠳᠠᠭᠤ | ᠠᠴᠠ ᠠᠩᠬᠢᠵᠢᠷᠠᠭᠤᠯᠬᠤ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠬᠦᠯᠵᠦ᠂ ᠦᠪᠡᠷᠳᠡᠭᠡᠨ ᠵᠠᠰᠠᠬᠤ ᠤᠷᠤᠨ ᠤ | ᠭᠤᠷᠪᠠᠳᠠᠭᠴᠢ ᠡᠳᠡᠭᠡᠳ ᠤᠨ ᠬᠢᠨᠠᠨ ᠰᠢᠯᠭᠠᠵᠤ ᠦᠨᠡᠯᠡᠯᠳᠡ ᠬᠢᠬᠦ ᠶᠢ ᠠᠮᠵᠢᠯᠳᠠᠳᠠᠢ ᠦᠩᠭᠡᠷᠡᠭᠦᠯᠵᠦ᠂ ᠤᠯᠤᠰ ᠤᠨ | ᠶᠠᠳᠠᠭᠤ ᠰᠢᠶᠠᠨ ᠤ ᠡᠩᠨᠡᠭᠡ ᠠᠴᠠ ᠵᠢᠩᠬᠢᠨᠢ ᠪᠠᠷ ᠤᠬᠤᠷᠢᠨ ᠭᠠᠷᠪᠠ᠃ ︽ᠲᠦᠷᠪᠡ ᠶᠢ ᠠᠪᠴᠦ ᠬᠠᠶᠠᠬᠤ ᠦᠭᠡᠢ︾ | ᠪᠠᠶᠢᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠠᠳᠠᠭᠤ ᠬᠦᠴᠢᠷᠳᠡᠢ ᠰᠢᠶᠠᠨ ᠠᠴᠠ ᠨᠢ ᠭᠠᠷᠭᠠᠬᠤ | ᠶᠢ ᠪᠠᠬᠢᠵᠢᠬᠦᠯᠦᠨ ᠲᠡᠰ ᠲᠠᠪᠰᠢᠭᠤᠯᠬᠤ ᠲᠦᠰᠦᠯ᠂ ᠶᠠᠳᠠᠭᠤ ᠠᠴᠠ ᠪᠠᠨ ᠠᠩᠬᠢᠵᠢᠷᠠᠭᠰᠠᠨ ᠡᠷᠦᠬᠡ ᠶᠢᠨ ᠲᠠᠬᠢᠨᠳᠠ | ᠶᠠᠳᠠᠭᠤᠷᠠᠬᠤ ᠶᠢ ᠰᠡᠷᠭᠡᠶᠢᠯᠡᠬᠦ ᠲᠦᠰᠦᠯ ᠢ ᠲᠤᠭᠳᠠᠭᠠᠵᠤ᠂ ︽ᠭᠤᠷᠪᠠ ᠨᠢ ᠨᠢᠭᠡ ᠶᠢ ᠬᠠᠪᠰᠤᠷᠬᠤ︾ | ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠤᠶᠢᠰᠢᠳᠠ ᠦᠷᠭᠦᠯᠵᠢᠯᠡᠨ ᠬᠠᠪᠰᠤᠷᠬᠤ ᠪᠠ ᠲᠡᠰ ᠲᠠᠪᠰᠢᠭᠤᠯᠬᠤ | ᠠᠷᠭ᠎ᠠ ᠬᠡᠮᠵᠢᠶ᠎ᠡ ᠶᠢ ᠦᠷᠬᠦᠯᠵᠢᠯᠡᠨ ᠴᠢᠩᠭᠠᠳᠬᠠᠪᠠ᠃ ︽ᠠᠷᠪᠠ ᠶᠢ ᠦᠭᠡᠢ ᠪᠤᠯᠭᠠᠨ ᠪᠠᠷᠢᠮᠵᠢᠶ᠎ᠠ ᠳᠤ ᠬᠦᠷᠭᠡᠬᠦ︾ | ᠠᠵᠢᠯᠯᠠᠭ᠎ᠠ ᠶᠢ ᠪᠦᠬᠦ ᠲᠠᠯ᠎ᠠ ᠪᠠᠷ ᠪᠡᠶᠡᠯᠡᠬᠦᠯᠵᠦ᠂ ᠲᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠤᠨ | ᠰᠢᠪᠳᠤᠯᠤᠯᠳᠠ ᠬᠢᠬᠦ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠪᠠ ᠤᠯᠤᠰ ᠤᠨ ᠶᠠᠪᠤᠳᠠᠯ ᠤᠨ ᠬᠤᠷᠢᠶᠠᠨ ᠤ | ᠦᠷ᠎ᠡ ᠪᠦᠳᠦᠮᠵᠢ ᠶᠢ ᠬᠢᠨᠠᠨ ᠰᠢᠯᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠴᠡᠭᠴᠡᠯᠡᠨ ᠦᠭᠡᠷᠡᠴᠢᠯᠡᠪᠡ᠃ | ᠶᠠᠳᠠᠭᠤ ᠶᠢ ᠲᠡᠳᠬᠦᠬᠦ ᠡᠯ᠎ᠡ ᠵᠦᠢᠯ ᠤᠨ ᠪᠡᠯᠡ ᠮᠦᠩᠬᠦ ᠶᠢ 3.1 ᠳ᠋ᠦᠩᠰᠢᠭᠤᠷ ᠲᠦᠭᠦᠷᠢᠭ ᠢ ᠨᠡᠶᠢᠯᠡᠬᠦᠯᠵᠦ᠂ ︽ | ᠬᠦᠴᠦᠷᠬᠡᠭ ᠢ ᠲᠡᠮᠵᠢᠵᠦ ᠶᠠᠳᠠᠭᠤ ᠶᠢ ᠲᠠᠶᠢᠴᠢᠯᠠᠬᠤ︾ 77 ᠲᠦᠷᠦᠯ ᠵᠦᠢᠯ᠂ ︽ᠲᠤᠪᠶᠤᠭ ᠮᠠᠶ᠋ᠢᠭᠳᠤ︾ ᠶᠠᠳᠠᠭᠤ | ᠶᠢ ᠲᠡᠳᠬᠦᠬᠦ 2116 ᠲᠦᠷᠦᠯ ᠵᠦᠢᠯ ᠢ ᠤᠨᠤᠴᠢᠳᠠᠢ ᠬᠡᠷᠡᠭᠵᠢᠬᠦᠯᠦᠨ᠂ 5718 ᠶᠠᠳᠠᠭᠤ ᠬᠦᠴᠢᠷᠳᠡᠢ ᠬᠦᠮᠦᠨ | ᠠᠮᠠ ᠠᠵᠤ ᠦᠢᠯᠡᠰ ᠤᠨ ᠬᠦᠭᠵᠢᠯᠳᠡ ᠳᠤ ᠤᠷᠤᠯᠴᠠᠪᠠ᠃ ᠶᠠᠳᠠᠭᠤ ᠬᠦᠴᠢᠷᠳᠡᠢ ᠬᠦᠮᠦᠰ ᠠᠵᠢᠯᠯᠠᠬᠤ ᠤᠯᠠᠨ | ᠨᠡᠶᠢᠳᠡ ᠳᠤ ᠠᠰᠢᠭᠳᠠᠢ ᠠᠵᠢᠯ ᠤᠨ ᠪᠠᠶᠢᠷᠢ ᠶᠢ 2399 ᠬᠠᠩᠭᠠᠵᠤ᠂ ᠶᠠᠳᠠᠭᠤ ᠭᠡᠷ ᠪᠦᠯᠢ ᠶᠢᠨ ᠰᠤᠷᠤᠭᠴᠢ ᠶᠢ | 3548 ᠬᠦᠮᠦᠨ ᠤᠳᠠᠭ᠎ᠠ ᠪᠡᠯᠡ ᠮᠦᠩᠬᠦ ᠪᠠᠷ ᠬᠠᠪᠰᠤᠷᠴᠤ᠂ ᠶᠠᠳᠠᠭᠤ ᠬᠦᠴᠢᠷᠳᠡᠢ ᠤᠯᠠᠨ ᠲᠦᠮᠡᠨ ᠤ ᠡᠮᠨᠡᠯᠭᠡ ᠳᠤ | ᠰᠠᠭᠤᠵᠤ ᠡᠮᠨᠡᠭᠦᠯᠦᠭᠰᠡᠨ ᠵᠠᠷᠤᠳᠠᠯ ᠢ 2399 ᠬᠦᠮᠦᠨ ᠤᠳᠠᠭ᠎ᠠ ᠲᠦᠯᠦᠵᠦ ᠦᠭᠴᠦ᠂ 77821 ᠬᠦᠮᠦᠨ ᠳᠤ | ᠡᠮ ᠬᠦᠷᠭᠡᠬᠦ ᠪᠤᠶᠤ ᠡᠮᠴᠢᠯᠡᠭᠡ ᠬᠦᠷᠭᠡᠨ ᠦᠭᠴᠦ᠂ 12358 ᠨᠡᠷ᠎ᠡ ᠶᠠᠳᠠᠭᠤ ᠬᠦᠴᠢᠷᠳᠡᠢ ᠤᠯᠠᠨ ᠲᠦᠮᠡᠨ ᠢ | ᠬᠠᠮᠤᠭ ᠲᠤᠤᠷ᠎ᠠ ᠠᠮᠢᠳᠤᠷᠠᠯ ᠤᠨ ᠪᠠᠳᠤᠯᠠᠭ᠎ᠠ ᠶᠢᠨ ᠬᠡᠪᠴᠢᠶᠡᠨ ᠳᠤ ᠤᠷᠤᠭᠤᠯᠪᠠ᠃ ᠤᠤᠭᠤᠬᠤ ᠤᠰᠤᠨ ᠤ ᠠᠮᠤᠷ | ᠲᠦᠪᠰᠢᠨ ᠢ ᠲᠡᠰ ᠲᠡᠪᠰᠢᠭᠤᠯᠬᠤ ᠢᠨᠵᠧᠨᠧᠷᠢᠩ ᠢ 42 ᠪᠠᠶᠢᠭᠤᠯᠵᠤ᠂ ᠶᠠᠳᠠᠭᠤ ᠬᠦᠴᠢᠷᠳᠡᠢ 53 ᠡᠷᠦᠬᠡ ᠶᠢᠨ | ᠤᠷᠤᠨ ᠰᠠᠭᠤᠴᠠ ᠶᠢ ᠵᠠᠰᠠᠨ ᠰᠠᠶᠢᠵᠢᠷᠠᠭᠤᠯᠵᠤ᠂ 2 ᠰᠠᠤᠷᠢ 6.83 ᠰᠠᠶ᠎ᠠ ᠸᠠᠲ ᠨᠠᠷᠠᠨ ᠡᠨᠧᠷᠬᠢ ᠶᠢᠨ ᠴᠠᠬᠢᠯᠭᠠᠨ | ᠭᠠᠷᠭᠠᠬᠤ ᠦᠷᠳᠡᠭᠡ ᠨᠢ ᠴᠠᠬᠢᠯᠭᠠᠨ ᠲᠤᠤᠷ ᠲᠤ ᠨᠡᠶᠢᠯᠡᠬᠦᠯᠦᠨ ᠠᠵᠢᠯᠯᠠᠵᠤ ᠡᠬᠢᠯᠡᠪᠡ᠃ ᠪᠡᠬᠡᠵᠢᠩ ᠤᠨ ᠪᠠᠷᠠᠭᠤᠨ | ᠬᠤᠳᠠ ᠲᠤᠭᠤᠷᠢᠭ ᠪᠠ ᠪᠤᠤ ᠯᠢ ᠪᠦᠯᠦᠭᠯᠡᠯ ᠤᠨ ᠲᠤᠭᠳᠠᠭᠰᠠᠨ ᠴᠢᠭ᠋ ᠲᠤ ᠶᠠᠳᠠᠭᠤ ᠶᠢ ᠲᠡᠳᠬᠦᠬᠦ 29 ᠲᠦᠷᠦᠯ | ᠵᠦᠢᠯ ᠨᠢ ᠠᠵᠢᠯ ᠢᠶᠠᠨ ᠡᠬᠢᠯᠡᠬᠦᠯᠦᠨ᠂ 5800 ᠲᠦᠮᠡᠨ ᠲᠦᠭᠦᠷᠢᠭ ᠪᠡᠯᠡ ᠤᠷᠤᠭᠤᠯᠤᠭᠠᠳ ᠪᠠᠶᠢᠨ᠎ᠠ᠃ 1174 | ᠡᠷᠦᠬᠡ ᠶᠢᠨ 2580 ᠶᠠᠳᠠᠭᠤ ᠬᠦᠴᠢᠷᠳᠡᠢ ᠬᠦᠮᠦᠰ ᠢ ᠶᠠᠳᠠᠭᠤ ᠠᠴᠠ ᠨᠢ ᠠᠩᠬᠢᠵᠢᠷᠠᠭᠤᠯᠬᠤ ᠶᠢ ᠪᠡᠶᠡᠯᠡᠬᠦᠯᠵᠦ᠂ | ᠪᠦᠬᠦ ᠬᠤᠰᠢᠭᠤᠨ ᠤ ᠶᠠᠳᠠᠭᠤᠷᠠᠯ ᠡᠬᠦᠰᠬᠦ ᠨᠤᠷᠮ᠎ᠠ ᠶᠢ 0.1‰ ᠪᠤᠯᠭᠠᠨ ᠪᠠᠭᠤᠷᠠᠭᠤᠯᠪᠠ᠃ ᠪᠤᠬᠢᠷᠳᠤᠯ ᠢ | ᠰᠡᠷᠭᠡᠶᠢᠯᠡᠨ ᠵᠠᠰᠠᠬᠤ ᠦᠷ᠎ᠡ ᠪᠦᠳᠦᠮᠵᠢ ᠢᠯᠡᠷᠭᠡᠢ ᠪᠤᠯᠪᠠ᠃ ᠲᠦᠪ ᠬᠤᠷᠢᠶᠠᠨ ᠤ ᠤᠷᠴᠢᠨ ᠲᠤᠭᠤᠷᠢᠨ ᠤ | ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠵᠤ ︽ᠡᠷᠬᠢᠨ ᠦᠵᠡᠭᠰᠡᠨ︾᠂ ᠦᠪᠡᠷᠳᠡᠭᠡᠨ ᠵᠠᠰᠠᠬᠤ ᠤᠷᠤᠨ ᠤ | ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ 31ᠠᠰᠠᠭᠤᠳᠠᠯ ᠢ | ᠲᠦᠪᠯᠡᠷᠡᠬᠦᠯᠦᠨ ᠴᠡᠭᠴᠡᠯᠡᠨ ᠵᠠᠰᠠᠵᠤ᠂ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ 46 ᠲᠦᠷᠦᠯ ᠵᠦᠢᠯ ᠢ | ᠬᠠᠷᠭᠤᠭᠤᠯᠤᠨ ᠭᠦᠢᠴᠡᠳᠭᠡᠪᠡ᠃ ᠠᠮᠢ ᠠᠬᠤᠢ ᠶᠢᠨ ᠬᠠᠮᠠᠭᠠᠯᠠᠯᠳᠠ ᠶᠢᠨ 4+2 ᠲᠤᠰᠬᠠᠢ ᠠᠵᠢᠯᠯᠠᠭ᠎ᠠ ᠶᠢ | ᠭᠦᠨᠵᠡᠭᠡᠢ ᠦᠷᠨᠢᠬᠦᠯᠵᠦ᠂ ᠰᠠᠨ ᠳ᠋ᠤᠤ ᠶᠢᠩᠽᠢ ᠳᠠᠬᠢ ᠨᠡᠭᠦᠷᠡᠰᠦ ᠮᠠᠯᠳᠠᠵᠤ ᠴᠦᠮᠦᠷᠦᠨ ᠬᠤᠳᠤᠶᠢᠭᠰᠠᠨ ᠤᠷᠤᠨ ᠤ | ᠠᠭᠤᠯᠠ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ | ᠨᠢ 680 ᠲᠦᠮᠡᠨ ᠪᠤᠰᠤᠭ᠎ᠠ ᠲᠦᠷᠪᠡᠯᠵᠢᠨ ᠮᠧᠲᠷ ᠰᠢᠷᠦᠢ ᠶᠢ ᠨᠡᠮᠡᠨ ᠪᠦᠭᠯᠡᠵᠦ᠂ ᠨᠡᠭᠦᠷᠡᠰᠦ ᠮᠠᠯᠳᠠᠨ | ᠬᠤᠳᠤᠶᠢᠭᠰᠠᠨ 26 ᠲᠦᠮᠡᠨ ᠲᠡᠭᠰᠢ ᠲᠦᠷᠪᠡᠯᠵᠢᠨ ᠮᠧᠲᠷ ᠤᠷᠤᠨ ᠢ ᠵᠠᠰᠠᠨ ᠴᠡᠭᠴᠡᠯᠡᠪᠡ᠃ ᠶᠢᠨ ᠹᠧᠩ ᠵᠡᠰ ᠤᠨ | ᠦᠢᠯᠡᠰ ᠤᠨ ᠤᠤᠯ ᠤᠨ ᠦᠢᠯᠡᠳᠪᠦᠷᠢ ᠶᠢᠨ ᠬᠠᠶᠠᠭᠳᠠᠮᠠᠯ ᠠᠭᠤᠷᠬᠠᠢ ᠶᠢᠨ ᠬᠦᠮᠦᠷᠭᠡ ᠶᠢᠨ ᠤᠷᠴᠢᠨ ᠲᠤᠭᠤᠷᠢᠨ ᠢ | ᠶᠡᠷᠦᠩᠭᠡᠶᠢᠯᠡᠨ ᠵᠠᠰᠠᠬᠤ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠪᠡ᠃ ᠱᠢ ᠵᠢᠶᠠ ᠮᠠᠨᠵᠦ ᠦᠨᠳᠦᠰᠦᠳᠡᠨ ᠤ | ᠰᠢᠶᠠᠩ ᠳᠠᠬᠢ ᠴᠤᠬᠤᠢ ᠶᠢᠨ ᠴᠢᠯᠠᠭᠤᠯᠢᠭ ᠤᠨ ᠠᠭᠤᠷᠬᠠᠢ ᠶᠢᠨ ᠤᠷᠤᠨ ᠢ ᠵᠠᠰᠠᠨ ᠴᠡᠭᠴᠡᠯᠡᠬᠦ ᠢᠨᠵᠧᠨᠧᠷᠢᠩ ᠨᠢ | 1155 ᠮᠤ᠋ ᠠᠭᠤᠷᠬᠠᠢ ᠶᠢᠨ ᠤᠷᠤᠨ ᠢ ᠵᠠᠰᠠᠨ ᠴᠡᠭᠴᠡᠯᠡᠪᠡ᠃ ᠯᠤᠤᠬ᠎ᠠ ᠶᠢᠨ ᠭᠤᠤᠯ ᠤᠨ ᠲᠡᠭᠡᠳᠦ ᠤᠷᠤᠰᠬᠠᠯ ᠤᠨ | ᠠᠮᠢ ᠠᠬᠤᠢ ᠶᠢ ᠬᠠᠮᠠᠭᠠᠯᠠᠬᠤ ᠪᠠ ᠤᠷᠴᠢᠨ ᠲᠤᠭᠤᠷᠢᠨ ᠢ ᠴᠡᠭᠴᠡᠯᠡᠨ ᠵᠠᠰᠠᠬᠤ ︽ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ︾ ᠶᠢ ᠯᠠᠪᠳᠠᠭᠤᠨ ᠢᠶᠠᠷ ᠠᠬᠢᠭᠤᠯᠵᠤ᠂ ᠭᠤᠤᠯ ᠬᠤᠳᠠ ᠲᠤᠭᠤᠷᠢᠭ ᠤᠨ ᠦᠶᠡᠷ ᠢ ᠰᠡᠷᠭᠡᠶᠢᠯᠡᠬᠦ ᠵᠢᠴᠢ | ᠬᠤᠳᠠ ᠬᠦᠷᠢᠶᠡᠯᠡᠭᠰᠡᠨ ᠤᠰᠤᠨ ᠰᠢᠰᠲ᠋ᠧᠮ ᠪᠤᠯᠬᠤ ᠰᠢᠪᠡᠭᠡ ᠭᠤᠤᠯ ᠤᠨ ᠬᠡᠰᠡᠭ ᠢ ᠵᠠᠰᠠᠬᠤ ᠲᠦᠷᠦᠯ ᠵᠦᠢᠯ ᠢ | ᠪᠦᠬᠦᠨ ᠢ ᠲᠡᠭᠦᠰᠭᠡᠵᠦ᠂ ᠡᠮᠡᠬᠡᠯ ᠠᠭᠤᠯᠠ ᠶᠢᠨ ᠭᠤᠤᠯ ᠤᠨ ᠭᠤᠯᠳᠤᠷᠢᠯ ᠢ 12.6 ᠺᠢᠯᠤᠮᠧᠲᠷ ᠵᠠᠰᠠᠪᠠ᠃ | ᠭᠤᠤᠯ ᠤᠨ ᠲᠠᠷᠤᠭ᠎ᠠ ᠶᠢᠨ ᠲᠦᠷᠢᠮ ᠢ ᠴᠢᠩᠭ᠎ᠠ ᠲᠤᠤᠱᠯᠠᠭᠤᠯᠵᠤ᠂ ᠭᠤᠤᠯ ᠭᠤᠷᠤᠬ᠎ᠠ ᠶᠢᠨ ︽ᠲᠦᠷᠪᠡᠨ ᠰᠠᠮᠠᠭᠤᠷᠠᠯ | ︾ ᠤᠨ 98 ᠠᠰᠠᠭᠤᠳᠠᠯ ᠢ ᠪᠠᠶᠢᠴᠠᠭᠠᠨ ᠴᠡᠭᠴᠡᠯᠡᠵᠦ᠂ ᠪᠦᠬᠦ ᠬᠤᠰᠢᠭᠤᠨ ᠤ ᠰᠢᠯᠢᠳᠡᠭ ᠤᠰᠤᠨ ᠰᠢᠰᠲ᠋ᠧᠮ ᠤᠨ | ᠬᠠᠷᠢᠴᠠᠯ ᠢ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠭᠦᠯᠪᠡ᠃ ᠨᠢᠰᠭᠡᠯ ᠤᠨ ᠲᠠᠯᠠᠪᠠᠢ ᠬᠦᠷᠬᠦ | ᠵᠠᠮ ᠤᠨ ᠬᠤᠶᠠᠷ ᠬᠠᠵᠠᠭᠤ ᠶᠢᠨ 1500 ᠡᠷᠦᠬᠡ ᠶᠢᠨ ᠨᠡᠭᠦᠷᠡᠰᠦ ᠲᠦᠯᠡᠬᠦ ᠵᠤᠤᠬ᠎ᠠ ᠶᠢ ᠵᠠᠰᠠᠨ ᠰᠠᠶᠢᠵᠢᠷᠠᠭᠤᠯᠵᠤ᠂ | ᠨᠡᠭᠦᠷᠡᠰᠦ ᠲᠦᠯᠡᠬᠦ 45 ᠵᠢᠵᠢᠭ ᠭᠦᠸᠧᠯᠦ ᠶᠢ ᠰᠢᠭᠰᠢᠨ ᠦᠭᠡᠷᠡᠴᠢᠯᠡᠵᠦ᠂ ᠵᠢᠨᠱᠠᠨ ᠬᠤᠳᠠ ᠲᠤᠭᠤᠷᠢᠭ ᠤᠨ | ᠤᠷᠴᠢᠨ ᠲᠤᠭᠤᠷᠢᠨ ᠤ ᠰᠠᠶᠢᠬᠠᠨ ᠠᠭᠠᠷ ᠠᠮᠢᠰᠬᠤᠯ ᠲᠠᠢ ᠡᠳᠦᠷ ᠤᠨ ᠲᠤᠭ᠎ᠠ 330 ᠡᠳᠦᠷ ᠲᠤ ᠬᠦᠷᠪᠡ᠃ | ᠲᠠᠷᠢᠶᠠᠯᠠᠩ ᠤᠨ ᠲᠠᠯ᠎ᠠ ᠪᠠᠷ ᠬᠢ ᠪᠤᠬᠢᠷᠳᠤᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠲᠠᠷᠢᠶᠠᠨ ᠡᠮ ᠤᠨ | ᠬᠡᠷᠡᠭᠯᠡᠯᠳᠡ ᠶᠢ ᠠᠳᠠᠯᠢ ᠬᠤᠭᠤᠴᠠᠭᠠᠨ ᠤ ᠬᠢ ᠠᠴᠠ 4 % ᠪᠠᠷ ᠪᠠᠭᠠᠰᠬᠠᠵᠤ᠂ ᠮᠠᠯ ᠵᠢᠭᠦᠷᠳᠡᠨ ᠤ ᠢᠯᠭᠠᠳᠠᠰᠤᠨ ᠤ | ᠡᠬᠢ ᠰᠤᠷᠪᠤᠯᠵᠢ ᠶᠢ ᠶᠡᠷᠦᠩᠭᠡᠶᠢᠯᠡᠨ ᠠᠰᠢᠭᠯᠠᠬᠤ ᠨᠤᠷᠮ᠎ᠠ 75% ᠳᠤ ᠬᠦᠷᠪᠡ᠃ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠪᠡᠭᠡᠵᠢᠩ ᠲᠢᠶᠠᠨᠵᠢᠨ ᠤ ᠰᠠᠯᠬᠢ ᠲᠤᠭᠤᠰᠤᠨ ᠤ ᠡᠬᠢ | ᠡᠭᠦᠰᠦᠯ ᠢ ᠵᠠᠰᠠᠬᠤ 5000 ᠮᠤ᠋ ᠢᠨᠵᠧᠨᠧᠷᠢᠩ ᠢ ᠬᠡᠷᠡᠭᠵᠢᠬᠦᠯᠪᠡ᠃ ᠡᠳ᠋ ᠤᠨ ᠵᠠᠰᠠᠭ ᠮᠦᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠨ ᠡᠵᠡᠮᠳᠡᠪᠡ᠃ ᠵᠠᠰᠠᠭ ᠤᠨ ᠤᠷᠳᠤᠨ ᠤ ᠦᠷᠢ ᠵᠢᠭᠡᠯᠡᠯᠭᠡ ᠶᠢᠨ | ᠬᠠᠮᠢᠶᠠᠷᠤᠯᠳᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠲᠤᠮᠳᠠ ᠵᠢᠵᠢᠭ | ᠠᠵᠤ ᠠᠬᠤᠶᠢᠯᠠᠯ ᠳᠤ ᠦᠷᠢᠳᠡᠵᠦ ᠪᠠᠶᠢᠭᠰᠠᠨ ᠲᠡᠩᠰᠡᠨ ᠤ ᠮᠦᠩᠭᠦ ᠶᠢ ᠲᠤᠭᠳᠠᠭᠰᠠᠨ ᠴᠠᠭ ᠲᠤ ᠨᠢ ᠴᠡᠪᠡᠷᠯᠡᠨ | ᠲᠦᠯᠦᠵᠦ᠂ ᠵᠢᠯ ᠳᠤ ᠦᠷᠢ ᠰᠢᠷᠢ ᠶᠢ ᠲᠦᠯᠦᠬᠦ ᠡᠭᠦᠷᠭᠡ ᠪᠠᠨ ᠪᠡᠶᠡᠯᠡᠬᠦᠯᠪᠡ᠃ ᠡᠳ᠋ ᠤᠨ ᠵᠠᠰᠠᠭ ᠤᠨ ᠲᠤᠰᠬᠠᠢ | ᠲᠦᠷᠦᠯ ᠤᠨ ᠪᠡᠯᠡ ᠮᠦᠩᠭᠦ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭ ᠢ 6.1 | ᠳ᠋ᠦᠩᠰᠢᠭᠤᠷ ᠲᠦᠭᠦᠷᠢᠭ ᠢ ᠲᠡᠮᠡᠴᠡᠨ ᠤᠯᠪᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠ ︽ᠮᠡᠭᠡᠳᠦ ᠵᠢᠭᠡᠯᠡᠯᠭᠡ | ︾ ᠳᠤ ᠴᠢᠩᠭ᠎ᠠ ᠴᠤᠬᠢᠯᠳᠠ ᠦᠭᠴᠦ᠂ ᠤᠯᠠᠨ ᠲᠦᠮᠡᠨ ᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠪᠠ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠠᠨ ᠲᠠᠰ ᠲᠠᠪᠰᠢᠭᠤᠯᠬᠤ ᠶᠢ ᠠᠬᠢᠭᠤᠯᠬᠤ ᠶᠢ ᠪᠠᠷᠢᠮᠳᠠᠯᠠᠵᠤ | ᠂ ᠦᠨᠳᠦᠷ ᠴᠢᠨᠰᠠᠭ᠎ᠠ ᠲᠠᠢ ᠬᠦᠭᠵᠢᠬᠦᠯᠬᠦ ᠰᠢᠨ᠎ᠡ ᠠᠯᠬᠤᠴᠠ ᠶᠢ ᠠᠯᠬᠤᠪᠠ᠃ ᠲᠠᠷᠢᠶᠠᠯᠠᠩ ᠠᠵᠤ ᠠᠬᠤᠢ ᠶᠢᠨ | ᠴᠢᠨᠠᠷ ᠢ ᠲᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠦᠬᠦᠭᠡᠷᠦᠮᠵᠢᠳᠦ ᠲᠠᠷᠢᠶᠠᠯᠠᠩ ᠢ 1 ᠲᠦᠮᠡᠨ ᠮᠤ᠋᠂ | ᠠᠵᠤ ᠠᠬᠤᠢ ᠶᠢᠨ ᠤᠢ ᠶᠢ 1 ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ ᠡᠷᠳᠡᠨᠢ ᠰᠢᠰᠢ ᠶᠢᠨ ᠲᠠᠷᠢᠶ᠎ᠠ ᠶᠢ 4.8 | ᠲᠦᠮᠡᠨ ᠮᠤ᠋ ᠪᠤᠯᠭᠠᠨ ᠬᠠᠰᠤᠪᠠ᠂ ᠬᠢᠳᠡᠳ ᠡᠮ ᠤᠨ ᠮᠠᠲ᠋ᠧᠷᠢᠶᠠᠯ᠂ ᠬᠠᠳᠠᠭᠤ ᠵᠢᠮᠢᠰᠳᠤ ᠲᠦᠪᠡᠳ ᠬᠠᠰᠢ᠂ ᠠᠭᠤᠯᠠᠨ | ᠦᠵᠦᠮ ᠵᠡᠷᠭᠡ ᠤᠨᠴᠠᠯᠢᠭᠳᠤ ᠲᠠᠷᠢᠵᠤ ᠤᠷᠭᠤᠭᠤᠯᠬᠤ ᠲᠠᠯᠠᠪᠠᠢ ᠶᠢ 33 ᠲᠦᠮᠡᠨ ᠪᠠᠶᠢᠯᠭᠠᠬᠤ ᠶᠢ ᠪᠠᠷᠢᠮᠳᠠᠯᠠᠵᠤ᠂ | ᠠᠮᠤ ᠪᠤᠳᠠᠭ᠎ᠠ ᠠᠵᠤ ᠠᠬᠤᠢ ᠲᠡᠵᠢᠭᠡᠯ ᠪᠤᠷᠳᠤᠭ᠎ᠠ ᠶᠢᠨ ᠬᠠᠷᠢᠴᠠᠯ ᠢ 74᠄ 23᠄ 3 ᠪᠤᠯᠭᠠᠨ ᠰᠢᠯᠢᠳᠡᠭᠵᠢᠭᠦᠯᠪᠡ᠃ | ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠢᠯᠡᠷᠬᠡᠢ | ᠦᠷ᠎ᠡ ᠪᠦᠳᠦᠮᠵᠢᠳᠡᠢ ᠤᠯᠪᠠ᠃ ᠪᠦᠬᠦ ᠵᠢᠯ ᠳᠤ ᠭᠡᠷ ᠤᠨ ᠲᠡᠵᠢᠭᠡᠪᠦᠷᠢ ᠲᠡᠵᠢᠭᠡᠬᠦ ᠬᠡᠮᠵᠢᠶ᠎ᠡ ᠶᠢ 120 ᠲᠦᠮᠡᠨ | ᠲᠤᠭ᠎ᠠ ᠲᠤᠯᠤᠭᠠᠢ ᠳᠤ ᠲᠤᠭᠳᠠᠪᠤᠷᠢᠵᠢᠭᠤᠯᠤᠨ᠂ ᠮᠢᠬᠠᠨ ᠤ ᠨᠤᠭᠤᠰᠤᠨ ᠤ ᠵᠢᠯ ᠤᠨ ᠭᠠᠷᠭᠠᠯᠳᠠ ᠨᠢ 1100 | ᠲᠦᠮᠡ ᠶᠢ ᠲᠠᠪᠠᠵᠤ᠂ ᠬᠡᠪᠴᠢᠶᠡᠵᠢᠬᠦᠯᠦᠨ ᠲᠡᠵᠢᠭᠡᠬᠦ ᠬᠠᠷᠢᠴᠠᠯ 52 % ᠳᠤ ᠬᠦᠷᠪᠡ᠃ ︽ᠭᠤᠷᠪᠠᠨ | ᠪᠦᠳᠦᠭᠡᠭᠳᠡᠭᠦᠨ ᠨᠢᠭᠡ ᠪᠠᠷᠢᠮᠵᠢᠶ᠎ᠠ︾ ᠪᠠᠷ ᠦᠨᠡᠯᠡᠭᠳᠡᠭᠰᠡᠨ ᠲᠠᠷᠢᠶᠠᠯᠠᠩ ᠤᠨ ᠪᠦᠳᠦᠭᠡᠭᠳᠡᠭᠦᠨ ᠰᠢᠨ᠎ᠡ ᠪᠠᠷ 8 | ᠨᠡᠮᠡᠭᠳᠡᠪᠡ᠃ ᠱᠧᠦ ᠨᠦᠩ ᠪᠦᠯᠦᠭᠯᠡᠯ ᠤᠨ ᠱᠤᠸᠠᠩ ᠴᠢᠶᠤᠤ ᠲᠠᠷᠢᠶᠠᠯᠠᠩ ᠤᠨ ᠲᠠᠯᠠᠪᠠᠢ ᠶᠢᠨ ᠪᠠᠷᠢᠮᠵᠢᠶᠠᠵᠢᠭᠰᠠᠨ | ᠲᠠᠷᠢᠶᠠᠨ ᠴᠢᠬᠢ ᠪᠤᠶᠢᠵᠢᠭᠤᠯᠬᠤ ᠦᠢᠯᠡᠳᠪᠦᠷᠢ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯᠵᠢᠯ ᠤᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠤᠨ ᠲᠤᠷᠰᠢᠯᠳᠠ ᠶᠢᠨ ᠰᠠᠭᠤᠷᠢᠨ ᠭᠠᠵᠠᠷ ᠤᠨ ᠲᠦᠷᠦᠯ ᠵᠦᠢᠯ ᠪᠠᠶᠢᠭᠤᠯᠤᠭᠳᠠᠪᠠ᠃ | ᠮᠧᠩ ᠶᠤᠸᠠᠨ ᠲᠠᠩ ᠬᠢᠳᠡᠳ ᠡᠮ ᠤᠨ ᠮᠠᠲ᠋ᠧᠷᠢᠶᠠᠯ ᠤᠨ ᠠᠵᠤ ᠦᠢᠯᠡᠰᠵᠢᠯᠳᠡ ᠶᠢᠨ ᠲᠦᠷᠦᠯ ᠵᠦᠢᠯ ᠢ | ᠪᠤᠯᠪᠠᠰᠤᠷᠠᠭᠤᠯᠬᠤ ᠲᠠᠰᠤᠭ ᠤᠨ ᠭᠤᠤᠯ ᠴᠤᠭᠴᠠ ᠨᠢ ᠪᠠᠷᠢᠯᠭ᠎ᠠ ᠪᠠᠨ ᠲᠡᠭᠦᠰᠭᠡᠪᠡ᠂ ᠯᠢᠶᠡᠨ ᠱᠧᠩ ᠨᠤᠭᠤᠰᠤᠨ ᠤ | ᠦᠢᠯᠡᠰ ᠤᠨ ᠵᠢᠯ ᠳᠤ 30 ᠲᠦᠮᠡᠨ ᠲᠤᠨ ᠪᠤᠷᠳᠤᠭ᠎ᠠ ᠦᠢᠯᠡᠳᠬᠦ᠂ ᠵᠢᠩ ᠰᠢᠨ ᠭᠦᠸᠧ ᠱᠦᠨ ᠤ 300 ᠲᠦᠮᠡᠨ | ᠮᠢᠬᠠᠨ ᠨᠤᠭᠤᠰᠤ ᠶᠢ ᠨᠢᠳᠤᠯᠬᠤ ᠲᠦᠷᠦᠯ ᠵᠦᠢᠯ ᠪᠠᠶᠢᠭᠤᠯᠤᠭᠳᠠᠨ ᠦᠢᠯᠡᠳᠪᠦᠷᠢᠯᠡᠯ ᠬᠢᠵᠦ ᠡᠬᠢᠯᠡᠪᠡ᠃ ᠮᠠᠨ ᠤ | ᠬᠤᠰᠢᠭᠤ ᠶᠢ ᠲᠠᠷᠢᠶᠠᠯᠠᠩ ᠬᠦᠳᠡᠭᠡ ᠲᠤᠰᠬᠤᠨ ᠤ ᠶᠠᠮᠤᠨ ᠠᠴᠠ ︽ᠪᠦᠬᠦ ᠤᠯᠤᠰ ᠤᠨ ᠲᠠᠷᠢᠶᠠᠴᠢᠳ ᠤᠨ | ᠲᠤᠰᠬᠠᠶᠢᠵᠢᠭᠰᠠᠨ ᠬᠠᠪᠰᠤᠷᠤᠯᠴᠠᠬᠤ ᠬᠤᠷᠰᠢᠶᠠᠨ ᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ ᠪᠦᠬᠦᠶᠢᠯᠡ | ᠰᠢᠶᠠᠨ ᠢᠶᠠᠷ ᠠᠬᠢᠭᠤᠯᠬᠤ ᠲᠤᠷᠰᠢᠯᠳᠠ ᠶᠢᠨ ᠬᠤᠰᠢᠭᠤ ᠰᠢᠶᠠᠨ︾ ︽ᠬᠤᠶᠠᠳᠠᠭᠴᠢ ᠬᠤᠭᠤᠴᠠᠭᠠᠨ ᠤ ᠪᠦᠬᠦ | ᠤᠯᠤᠰ ᠤᠨ ᠬᠦᠳᠡᠭᠡ ᠲᠤᠰᠬᠤᠨ ᠤ ᠰᠢᠨ᠎ᠡ ᠶᠢ ᠡᠭᠦᠳᠴᠦ ᠦᠢᠯᠡᠰ ᠪᠤᠰᠬᠠᠬᠤ ᠨᠡᠶᠢᠳᠡᠯᠢᠭ ᠰᠢᠶᠠᠨ︾ ︽ᠪᠦᠬᠦ | ᠤᠯᠤᠰ ᠤᠨ ᠠᠮᠤᠷ ᠲᠦᠪᠰᠢᠨ ᠲᠠᠷᠢᠶᠠᠯᠠᠩ ᠤᠨ ᠮᠠᠰᠢᠨ ᠤ ᠵᠢᠱᠢᠶ᠎ᠠ ᠦᠵᠡᠬᠦᠯᠬᠦ ᠰᠢᠶᠠᠨ︾ ᠢᠶᠠᠷ ᠨᠡᠷᠡᠶᠢᠳᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭ᠎ᠠ ᠪᠠ ᠴᠢᠨᠠᠷ ᠴᠢᠨᠰᠠᠭ᠎ᠠ ᠵᠡᠷᠭᠡᠪᠡᠷ ᠲᠡᠭᠡᠭᠰᠢᠯᠡᠪᠡ᠃ | ᠤᠯᠠᠭᠠᠨᠬᠠᠳᠠ ᠶᠢᠨ ᠶᠦᠨ ᠲᠦᠩ ᠤᠨ 40 ᠲᠦᠮᠡᠨ ᠲᠤᠨ ᠵᠡᠰ ᠬᠠᠶᠢᠯᠤᠭᠤᠯᠬᠤ ᠦᠢᠯᠡᠳᠪᠦᠷᠢ ᠶᠢᠨ ᠤᠷᠴᠢᠨ | ᠲᠤᠭᠤᠷᠢᠨ ᠢ ᠬᠠᠮᠠᠭᠠᠯᠠᠵᠤ ᠲᠡᠰ ᠲᠠᠪᠰᠢᠭᠤᠯᠤᠨ ᠨᠡᠭᠦᠯᠭᠡᠨ ᠦᠭᠡᠷᠡᠴᠢᠯᠡᠬᠦ ᠲᠦᠷᠦᠯ ᠵᠦᠢᠯ ᠤᠨ 2 | ᠦᠢᠯᠡᠳᠪᠦᠷᠢᠯᠡᠯ ᠤᠨ ᠱᠤᠭᠤᠮ ᠨᠢ ᠲᠤᠭᠳᠠᠭᠰᠠᠨ ᠬᠤᠭᠤᠴᠠᠭᠠᠨ ᠳᠤ ᠪᠠᠶᠢᠭᠤᠯᠤᠭᠳᠠᠨ ᠦᠢᠯᠡᠳᠪᠦᠷᠢᠯᠡᠯ ᠢᠶᠠᠨ | ᠡᠬᠢᠯᠡᠵᠦ᠂ ᠪᠦᠬᠦ ᠬᠤᠳᠠ ᠳᠤ ᠪᠠᠷᠢᠯᠭ᠎ᠠ ᠪᠠᠨ ᠲᠡᠭᠦᠰᠭᠡᠨ ᠦᠢᠯᠡᠳᠪᠦᠷᠢᠯᠡᠯ ᠢᠶᠠᠨ ᠡᠬᠢᠯᠡᠭᠦᠯᠦᠭᠰᠡᠨ ᠠᠩᠬᠠᠨ ᠤ ︽ | ᠤᠷᠤᠨ ᠠᠯᠤᠰᠯᠠᠭᠰᠠᠨ ᠲᠦᠷᠦᠯ ᠵᠦᠢᠯ︾ ᠪᠤᠯᠵᠤ᠂ ᠵᠢᠯ ᠳᠤ ᠪᠢᠯᠢᠭ ᠲᠤᠶᠢᠯᠳᠤ ᠵᠡᠰ ᠢ 19.6 ᠲᠦᠮᠡᠨ ᠲᠤᠨ | ᠦᠢᠯᠡᠳᠪᠦᠷᠢᠯᠡᠵᠦ᠂ 93.4 ᠳ᠋ᠦᠩᠰᠢᠭᠤᠷ ᠲᠦᠭᠦᠷᠢᠭ ᠤᠨ ᠦᠷᠳᠡᠭ ᠪᠡᠶᠡᠯᠡᠬᠦᠯᠬᠦ ᠪᠤᠯᠤᠨ᠎ᠠ᠃ ᠳ᠋ᠦᠩ ᠶᠤᠸᠠᠢ ᠶᠢᠨ | ᠹᠧᠩ ᠤᠨ 14 ᠲᠦᠮᠡᠨ ᠲᠤᠨ ᠹᠯᠤᠷ ᠤᠨ ᠬᠢᠮᠢ ᠶᠢᠨ ᠦᠢᠯᠡᠳᠪᠦᠷᠢ ᠶᠢ ᠨᠡᠭᠦᠯᠭᠡᠵᠦ ᠦᠷᠭᠡᠳᠭᠡᠨ ᠪᠠᠶᠢᠭᠤᠯᠬᠤ | ᠲᠦᠷᠦᠯ ᠵᠦᠢᠯ ᠵᠢᠩᠬᠢᠨᠢ ᠪᠠᠷ ᠠᠵᠢᠯ ᠡᠬᠢᠯᠡᠬᠦᠯᠵᠦ ᠪᠠᠶᠢᠭᠤᠯᠤᠭᠳᠠᠪᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠲᠤᠭᠤᠷᠢᠭ ᠤᠨ ᠶᠡᠷᠦᠩᠬᠡᠢ ᠲᠦᠯᠦᠪᠵᠢᠬᠦᠯᠭᠡ᠂ ᠠᠵᠤ ᠦᠢᠯᠡᠰᠵᠢᠯᠳᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ | ᠲᠡᠭᠦᠰᠭᠡᠪᠡ᠂ ᠪᠡᠭᠡᠵᠢᠩ ᠤᠨ ᠯᠢ ᠰᠢᠨ ᠤᠰᠤ ᠴᠠᠬᠢᠯᠭᠠᠨ᠂ ᠲᠢᠶᠠᠨᠵᠢᠨ ᠤ ᠪᠧᠢ ᠳ᠋ᠦᠨ ᠲᠡᠮᠦᠷᠯᠢᠭ ᠤᠨ | ᠪᠦᠳᠦᠭᠡᠭᠳᠡᠬᠦᠨ ᠦᠢᠯᠡᠳᠬᠦ ᠵᠡᠷᠭᠡ 8 ᠠᠵᠤ ᠠᠬᠤᠶᠢᠯᠠᠯ ᠨᠢ ᠠᠵᠤ ᠦᠢᠯᠡᠰ ᠤᠨ ᠲᠤᠭᠤᠷᠢᠭ ᠲᠤ ᠤᠷᠤᠬᠤ | ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃ ᠶᠤᠸᠠᠨ ᠬᠠᠩ ᠱᠦᠢᠨᠢ ᠶᠢᠨ ᠦᠢᠯᠡᠳᠪᠦᠷᠢ ᠨᠢ ᠬᠤᠳᠠ ᠠᠴᠠ | ᠤᠬᠤᠷᠢᠨ ᠭᠠᠷᠴᠤ ᠲᠤᠭᠤᠷᠢᠭ ᠲᠤ ᠤᠷᠤᠬᠤ ᠡᠮᠦᠨ᠎ᠡ ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ | ᠲᠠᠯ᠎ᠠ ᠨᠤᠳᠤᠭ ᠤᠨ ᠱᠦᠢᠨᠢ᠂ ᠬᠤᠢ ᠶᠤᠸᠠᠨ ᠪᠠᠷᠢᠯᠭ᠎ᠠ ᠶᠢᠨ ᠮᠠᠲ᠋ᠧᠷᠢᠶᠠᠯ᠂ ᠰᠢᠶᠠᠨ ᠹᠧᠩ ᠨᠡᠬᠡᠮᠡᠯ ᠵᠡᠷᠭᠡ ᠠᠵᠤ | ᠠᠬᠤᠶᠢᠯᠠᠯ ᠤᠳ ᠤᠨ ᠦᠢᠯᠡᠳᠪᠦᠷᠢᠯᠡᠯ ᠨᠢ ᠲᠤᠭᠳᠠᠭᠤᠨ ᠪᠠᠶᠢᠵᠤ᠂ ᠪᠦᠬᠦ ᠬᠤᠰᠢᠭᠤᠨ ᠤ ᠬᠡᠪᠴᠢᠶᠡᠨ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 116.6 ᠳ᠋ᠦᠩᠰᠢᠭᠤᠷ ᠲᠦᠭᠦᠷᠢᠭ ᠤᠨ | ᠦᠢᠯᠡᠳᠪᠦᠷᠢᠯᠡᠯ ᠤᠨ ᠦᠷᠳᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 70.9 % ᠪᠠᠷ ᠨᠡᠮᠡᠭᠳᠡᠵᠦ᠂ | ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠨᠢ 84.3% ᠳᠤ ᠬᠦᠷᠪᠡ᠃ ᠭᠤᠷᠪᠠᠳᠠᠭᠴᠢ ᠠᠵᠤ | ᠦᠢᠯᠡᠰ ᠤᠨ ᠬᠦᠭᠵᠢᠯᠳᠡ ᠲᠦᠷᠭᠡᠰᠪᠡ᠃ ᠲᠡᠭᠦᠯᠳᠡᠷ ᠵᠤᠭᠠᠴᠠᠯ ᠨᠢ ᠮᠠᠰᠢ ᠰᠠᠶᠢᠨ ᠬᠦᠭᠵᠢᠯᠳᠡ ᠶᠢᠨ ᠬᠠᠨᠳᠤᠰᠢ ᠪᠠᠨ | ᠪᠠᠳᠤᠯᠠᠵᠤ᠂ ᠱᠠᠨ ᠷᠦᠩ ᠤᠪᠤᠭ ᠠᠶᠢᠮᠠᠭ᠂ ᠸᠠᠩ ᠶᠧ ᠳ᠋ᠢᠶᠠᠨ ᠤ ᠤᠯᠠᠨ ᠴᠢᠳᠠᠪᠬᠢᠳᠤ ᠤᠢ ᠰᠢᠭᠤᠢ ᠶᠢᠨ | ᠪᠡᠶᠡᠴᠢᠯᠡᠨ ᠤᠷᠤᠯᠴᠠᠬᠤ ᠰᠠᠭᠤᠷᠢᠨ ᠭᠠᠵᠠᠷ ᠨᠢ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ᠂ ᠨᠠᠨᠵᠢᠩ ᠤᠨ | ᠤᠢ ᠰᠢᠭᠤᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠵᠢᠭᠠᠨ ᠰᠤᠷᠭᠠᠬᠤ ᠰᠢᠨᠵᠢᠯᠡᠭᠡ ᠰᠤᠳᠤᠯᠭᠠᠨ ᠤ ᠰᠠᠭᠤᠷᠢᠨ | ᠭᠠᠵᠠᠷ ᠪᠤᠯᠪᠠ᠂ ᠡᠮᠡᠭᠡᠯ ᠠᠭᠤᠯᠠ ᠤᠢ ᠰᠢᠭᠤᠢ ᠶᠢᠨ ᠲᠠᠯᠠᠪᠠᠢ ᠶᠢᠨ ᠭᠤᠤᠯ ᠰᠡᠳᠤᠪᠳᠤ ᠰᠤᠷᠭᠠᠨ ᠬᠦᠮᠦᠵᠢᠬᠦᠯᠬᠦ | ᠰᠠᠭᠤᠷᠢᠨ ᠭᠠᠵᠠᠷ ᠨᠢ 13 ᠲᠦᠮᠡᠨ ᠬᠦᠮᠦᠨ ᠤᠳᠠᠭ᠎ᠠ ᠶᠢᠨ ᠲᠤᠭᠤᠷᠢᠨ ᠰᠤᠷᠤᠯᠴᠠᠯᠭ᠎ᠠ ᠶᠢ ᠬᠦᠯᠢᠶᠡᠨ ᠠᠪᠤᠪᠠ᠃ | ᠦᠪᠦᠷ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠵᠢᠷᠭᠤᠳᠤᠭᠠᠷ ᠬᠤᠭᠤᠴᠠᠭᠠᠨ ᠤ ᠨᠠᠶᠢᠷ᠂ ᠪᠦᠬᠦ | ᠬᠤᠳᠠ ᠶᠢᠨ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠠᠩᠬᠠᠳᠠᠭᠴᠢ ᠤᠳᠠᠭᠠᠨ ᠤ ᠶᠡᠭᠡ ᠬᠤᠷᠠᠯ ᠢ ᠠᠮᠵᠢᠯᠳᠠᠳᠠᠢ | ᠡᠷᠬᠢᠯᠡᠪᠡ᠃ ᠯᠧᠢ ᠵᠢᠶᠠ ᠶᠢᠩᠽᠢ ᠲᠤᠰᠬᠤᠨ ᠨᠢ ᠰᠤᠶᠤᠯ ᠪᠠ ᠵᠢᠭᠤᠯᠴᠢᠯᠠᠯ ᠤᠨ ᠶᠠᠮᠤᠨ ᠤ ᠠᠩᠬᠠᠳᠠᠭᠴᠢ ᠪᠦᠯᠦᠭ | ︽ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭᠠᠳᠤ ᠲᠤᠰᠬᠤᠨ︾ ᠢᠶᠠᠷ ᠨᠡᠷᠡᠶᠢᠳᠤᠭ᠍ᠳᠡᠵᠦ | ᠂ ᠱᠢ ᠵᠢᠶᠠ ᠲᠤᠰᠬᠤᠨ ︽ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠲᠤᠰᠬᠤᠨ︾ | ᠢᠶᠠᠷ ᠰᠤᠩᠭᠤᠭᠳᠠᠪᠠ᠃ ᠪᠦᠬᠦ ᠵᠢᠯ ᠳᠤ ᠵᠤᠭᠠᠴᠠᠭᠴᠢᠳ ᠢ 122 ᠲᠦᠮᠡᠨ ᠬᠦᠮᠦᠨ ᠤᠳᠠᠭ᠎ᠠ ᠬᠦᠯᠢᠶᠡᠨ ᠵᠤᠴᠢᠯᠠᠵᠤ | ᠂ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠤᠯᠭ᠎ᠠ 16 ᠳ᠋ᠦᠩᠰᠢᠭᠤᠷ ᠲᠦᠭᠦᠷᠢᠭ ᠪᠤᠯᠵᠤ᠂ ᠲᠤᠰᠪᠦᠷᠢ 11.3% | ᠪᠠ 18 % ᠪᠠᠷ ᠨᠡᠮᠡᠭᠳᠡᠪᠡ᠃ ᠲᠡᠬᠦᠨ ᠤ ᠲᠤᠳᠤᠷ᠎ᠠ ᠬᠦᠳᠡᠭᠡ ᠲᠤᠰᠬᠤᠨ ᠨᠢ ᠵᠤᠭᠠᠴᠠᠭᠴᠢᠳ ᠢ 32.2 ᠲᠦᠮᠡᠨ | ᠬᠦᠮᠦᠨ ᠤᠳᠠᠭ᠎ᠠ ᠬᠦᠯᠢᠶᠡᠨ ᠵᠤᠴᠢᠯᠠᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠤᠯᠭ᠎ᠠ 1.13 ᠳ᠋ᠦᠩᠰᠢᠭᠤᠷ | ᠲᠦᠭᠦᠷᠢᠭ ᠪᠤᠯᠵᠤ᠂ ᠲᠤᠰᠪᠦᠷᠢ 104 % ᠪᠠ 101 % ᠪᠠᠷ ᠨᠡᠮᠡᠭᠳᠡᠪᠡ᠃ ᠡᠯᠧᠺᠲᠷᠤᠨ ᠬᠤᠳᠠᠯᠳᠤᠭᠠᠨ ᠤ | ᠦᠢᠯᠡᠰ ᠢ ᠬᠦᠳᠡᠭᠡ ᠲᠤᠰᠬᠤᠨ ᠳᠤ ᠤᠷᠤᠭᠤᠯᠵᠦ ᠶᠡᠷᠦᠩᠬᠡᠶᠢᠯᠡᠨ ᠵᠢᠱᠢᠶ᠎ᠡ ᠦᠵᠡᠬᠦᠯᠬᠦ ᠲᠦᠷᠦᠯ ᠵᠦᠢᠯ ᠤᠨ 47 | ᠠᠵᠤ ᠠᠬᠤᠶᠢᠯᠠᠯ ᠤᠨ ᠡᠯᠧᠺᠲᠷᠤᠨ ᠬᠤᠳᠠᠯᠳᠤᠭᠠᠨ ᠤ ᠦᠢᠯᠡᠰ ᠤᠨ ᠲᠦᠪ ᠨᠢ ᠬᠦᠳᠡᠭᠡ ᠲᠤᠰᠬᠤᠨ ᠳᠤ | ᠨᠤᠳᠤᠭᠰᠢᠵᠤ᠂ ᠪᠤᠳᠠᠰ ᠤᠨ ᠭᠦᠢᠯᠭᠡᠭᠡᠨ ᠤ 4 ᠠᠵᠤ ᠠᠬᠤᠶᠢᠯᠠᠯ ᠨᠢ ᠪᠤᠳᠠᠰ ᠤᠨ ᠭᠦᠢᠯᠭᠡᠭᠡᠨ ᠤ ᠢᠯᠭᠠᠨ ᠰᠠᠯᠭᠠᠬᠤ | ᠲᠦᠪ ᠲᠤ ᠤᠷᠤᠵᠤ᠂ 117 ᠪᠠᠯᠭᠠᠰᠤ ᠲᠤᠰᠬᠤᠨ ᠤ ᠦᠢᠯᠡᠴᠢᠯᠡᠭᠡᠨ ᠤ ᠲᠤᠤᠷ ᠴᠢᠭ᠋ ᠠᠰᠢᠭᠯᠠᠯᠳᠠ ᠳᠤ ᠤᠷᠤᠵᠤ᠂ | ᠪᠦᠬᠦ ᠬᠤᠰᠢᠭᠤᠨ ᠤ ᠡᠯᠧᠺᠲᠷᠤᠨ ᠬᠤᠳᠠᠯᠳᠤᠭᠠᠨ ᠤ ᠦᠢᠯᠡᠰ ᠤᠨ ᠰᠤᠯᠢᠯᠴᠠᠭᠠᠨ ᠤ ᠦᠷᠳᠡᠭ 3.74 | ᠳ᠋ᠦᠩᠰᠢᠭᠤᠷ ᠲᠦᠭᠦᠷᠢᠭ ᠲᠤ ᠬᠦᠷᠪᠡ᠃ ᠦᠨᠳᠦᠰᠦᠨ ᠱᠠᠳᠤᠨ ᠤ 16 ᠬᠠᠩᠭᠠᠨ ᠪᠤᠷᠤᠯᠠᠭᠤᠯᠬᠤ ᠬᠤᠷᠰᠢᠶ᠎ᠠ ᠨᠢ | ᠰᠢᠨ᠎ᠡ ᠮᠠᠶ᠋ᠢᠭ ᠤᠨ ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ ᠬᠤᠷᠰᠢᠶᠠᠨ ᠤ ᠰᠢᠰᠲ᠋ᠧᠮ ᠤᠨ | ᠦᠭᠡᠷᠡᠴᠢᠯᠡᠯᠳᠡ ᠶᠢ ᠡᠬᠢᠯᠡᠭᠦᠯᠪᠡ᠃ | ︵ᠭᠤᠷᠪᠠ︶ ᠨᠢᠭᠡᠳᠦᠯᠵᠢᠬᠦᠯᠦᠨ ᠵᠤᠬᠢᠴᠠᠩᠭᠤᠢ ᠬᠦᠭᠵᠢᠬᠦᠯᠬᠦ ᠶᠢ ᠪᠠᠷᠢᠮᠳᠠᠯᠠᠵᠤ᠂ ᠬᠤᠳᠠ ᠬᠦᠳᠡᠭᠡ ᠶᠢᠨ ᠲᠦᠷᠢ | ᠲᠦᠷᠬᠦ ᠶᠢ ᠰᠢᠨ᠎ᠡ ᠬᠤᠪᠢᠷᠠᠯᠳᠠ ᠲᠠᠢ ᠪᠤᠯᠭᠠᠪᠠ᠃ ᠵᠢᠨᠱᠠᠨ ᠬᠤᠳᠠ ᠲᠤᠭᠤᠷᠢᠭ ᠢ ᠪᠠᠶᠢᠭᠤᠯᠤᠨ ᠬᠠᠮᠢᠶᠠᠷᠬᠤ ᠬᠢᠷᠢ | ᠲᠦᠪᠰᠢᠨ ᠢ ᠦᠷᠭᠦᠯᠵᠢᠯᠡᠨ ᠲᠡᠰ ᠲᠠᠪᠰᠢᠭᠤᠯᠪᠠ᠃ ᠶᠢᠨ ᠨᠠᠨ ᠶᠡᠭᠡ ᠵᠡᠭᠡᠯᠢ ᠶᠢᠨ ᠵᠡᠭᠦᠨ ᠬᠡᠰᠡᠭ᠂ ᠾᠧ ᠪᠢᠨ | ᠬᠤᠶᠢᠳᠤ ᠵᠡᠭᠡᠯᠢ ᠶᠢᠨ ᠵᠡᠭᠦᠨ ᠬᠡᠰᠡᠭ᠂ ᠶᠢᠨ ᠴᠢᠶᠤᠤ ᠵᠠᠮ ᠤᠨ ᠡᠮᠦᠨ᠎ᠡ ᠬᠡᠰᠡᠭ᠂ ᠬᠤ᠋ ᠪᠢᠨ ᠶᠠᠪᠠᠭᠠᠨ ᠵᠡᠭᠡᠯᠢ ᠵᠡᠷᠭᠡ | 7 ᠵᠤᠷᠪᠤᠰ ᠵᠡᠭᠡᠯᠢ ᠶᠢᠨ ᠵᠠᠮ ᠤᠨ ᠦᠭᠡᠷᠡᠴᠢᠯᠡᠯᠳᠡ ᠶᠢ ᠲᠤᠭᠳᠠᠭᠰᠠᠨ ᠬᠤᠭᠤᠴᠠᠭᠠᠨ ᠳᠤ ᠬᠢᠵᠦ ᠲᠡᠭᠦᠰᠭᠡᠪᠡ᠃ | ᠲᠤᠯᠠᠭᠠᠯᠭ᠎ᠠ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡ ᠶᠢ ᠬᠢᠨᠠᠨ ᠬᠠᠮᠢᠶᠠᠷᠬᠤ ᠪᠠᠨ ᠴᠢᠩᠭᠠᠳᠬᠠᠨ᠂ | ᠢᠯᠴᠢ ᠶᠢᠨ ᠤᠰᠤᠨ ᠤ 3ᠦᠷᠳᠡᠭᠡ ᠶᠢ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ ᠱᠤᠭᠤᠮ ᠢ 3.5 | ᠺᠢᠯᠤᠮᠧᠲᠷ ᠦᠭᠡᠷᠡᠴᠢᠯᠡᠨ ᠵᠠᠰᠠᠵᠤ᠂ ᠬᠤᠳᠠ ᠲᠤᠭᠤᠷᠢᠭ ᠤᠨ ᠢᠯᠴᠢ ᠬᠠᠩᠭᠠᠬᠤ ᠴᠢᠨᠰᠠᠭ᠎ᠠ ᠶᠢ ᠲᠡᠰ ᠲᠠᠪᠰᠢᠭᠤᠯᠪᠠ | ᠃ 6 ᠬᠠᠭᠤᠴᠢᠨ ᠪᠠᠭ᠎ᠠ ᠲᠤᠭᠤᠷᠢᠭ ᠢ ᠦᠭᠡᠷᠡᠴᠢᠯᠡᠨ ᠵᠠᠰᠠᠵᠤ᠂ ᠬᠤᠭ ᠨᠤᠪᠰᠢ ᠶᠢ ᠲᠠᠮᠵᠢᠭᠤᠯᠤᠨ ᠬᠦᠷᠭᠡᠬᠦ | 1ᠦᠷᠳᠡᠭᠡ ᠶᠢ ᠦᠭᠡᠷᠡᠴᠢᠯᠡᠨ ᠪᠠᠶᠢᠭᠤᠯᠵᠤ᠂ ᠬᠤᠳᠠ ᠲᠤᠭᠤᠷᠢᠭ ᠤᠨ 32 ᠬᠠᠭᠤᠷᠠᠢ ᠵᠤᠷᠯᠤᠩ᠂ ᠤᠰᠤ ᠪᠠᠷ | ᠴᠡᠪᠡᠷᠯᠡᠬᠦ 11 ᠵᠤᠷᠯᠤᠩ ᠢ ᠦᠭᠡᠷᠡᠴᠢᠯᠡᠨ ᠲᠡᠰ ᠲᠠᠪᠰᠢᠭᠤᠯᠪᠠ᠃ ᠵᠢᠨᠱᠠᠨ ᠤ ᠲᠠᠷᠢᠶᠠᠯᠠᠩ ᠠᠷᠠᠯᠵᠢᠶᠠᠨ ᠤ ᠵᠠᠬ᠎ᠠ | ᠲᠡᠯᠭᠡᠭᠦᠷ ᠠᠰᠢᠭᠯᠠᠯᠳᠠ ᠳᠤ ᠤᠷᠤᠪᠠ᠃ ᠯᠢᠩ ᠶᠤᠸᠠᠢ ᠰᠧ ᠰᠦᠮ᠎ᠡ ᠶᠢᠨ ᠴᠡᠴᠡᠷᠯᠢᠭ ᠢ ᠪᠠᠶᠢᠭᠤᠯᠤᠨ ᠲᠡᠭᠦᠰᠭᠡᠵᠦ | ᠴᠢᠯᠦᠭᠡᠳᠡᠢ ᠨᠡᠬᠡᠭᠡᠨ᠂ ᠡᠮᠦᠨ᠎ᠡ ᠤᠮᠠᠷ᠎ᠠ ᠠᠭᠤᠯᠠᠨ ᠤ ᠴᠡᠴᠡᠷᠯᠢᠭ ᠤᠨ ᠠᠭᠤᠯᠠ ᠠᠪᠠᠷᠢᠬᠤ ᠶᠠᠪᠠᠭᠠᠨ ᠵᠠᠮ᠂ ᠬᠤ᠋ ᠪᠢᠨ | ᠲᠠᠮᠢᠷ ᠤᠨ ᠴᠡᠴᠡᠷᠯᠢᠭ ᠤᠨ ᠬᠦᠨᠳᠦ ᠬᠦᠩᠭᠡᠨ ᠰᠫᠤᠷᠲ ᠤᠨ ᠲᠠᠯᠠᠪᠠᠢ ᠶᠢ ᠪᠦᠬᠦᠨ ᠢ ᠦᠭᠡᠷᠡᠴᠢᠯᠡᠨ ᠵᠠᠰᠠᠪᠠ᠃ ᠯᠦᠩ | ᠴᠢᠤᠸᠠᠨ ᠰᠧ᠂ ᠶᠢᠨ ᠪᠧᠢ ᠵᠠᠮ᠂ ᠳ᠋ᠠ ᠭᠤᠸᠠᠩ ᠲᠦᠷᠭᠡᠨ ᠵᠠᠮ ᠤᠨ ᠵᠢᠨᠱᠠᠨ ᠠᠴᠠ ᠵᠡᠭᠦᠨᠰᠢ ᠪᠠᠷᠠᠭᠤᠨᠰᠢ ᠭᠠᠷᠬᠤ | ᠵᠠᠮ ᠤᠨ ᠠᠮᠠᠨ ᠤ 5.9 ᠲᠦᠮᠡᠨ ᠲᠡᠭᠰᠢ ᠲᠦᠷᠪᠡᠯᠵᠢᠨ ᠮᠧᠲᠷ ᠢ ᠤᠶᠢᠵᠢᠭᠤᠯᠪᠠ᠃ ᠮᠠᠰᠢᠨ ᠲᠡᠷᠭᠡᠨ ᠤ | ᠵᠤᠭᠰᠤᠭᠠᠯ ᠤᠨ ᠲᠠᠯᠠᠪᠠᠢ ᠶᠢᠨ ᠡᠮᠬᠢ ᠵᠢᠷᠤᠮ ᠢ ᠲᠠᠰᠤᠷᠠᠯᠳᠠ ᠦᠭᠡᠢ ᠲᠦᠷᠢᠮᠵᠢᠬᠦᠯᠪᠡ᠃ ᠤᠯᠤᠰ ᠤᠨ ᠡᠷᠡᠭᠦᠯ | ᠬᠠᠮᠠᠭᠠᠯᠠᠯ ᠤᠨ ᠬᠤᠳᠠ ᠶᠢᠨ ᠲᠡᠬᠢᠨ ᠬᠢᠨᠠᠯᠳᠠ ᠶᠢ ᠠᠮᠵᠢᠯᠳᠠᠳᠠᠢ ᠦᠩᠭᠡᠷᠡᠭᠦᠯᠵᠦ᠂ ︽ᠤᠯᠤᠰ ᠤᠨ ᠴᠡᠴᠡᠷᠯᠢᠭᠳᠦ | ᠰᠢᠶᠠᠨ ᠤ ᠬᠤᠳᠠ︾ ᠶᠢᠨ ᠠᠯᠳᠠᠷ ᠢ ᠤᠯᠪᠠ᠃ ᠾᠧ ᠮᠧᠢ ᠲᠤᠭᠤᠷᠢᠭ ᠢ ᠨᠡᠭᠡᠭᠡᠨ ᠪᠠᠶᠢᠭᠤᠯᠬᠤ ᠠᠯᠬᠤᠴᠠ ᠶᠢ | ᠦᠷᠭᠦᠯᠵᠢᠯᠡᠨ ᠲᠦᠷᠭᠡᠳᠭᠡᠪᠡ᠃ ᠷᠧᠨ ᠴᠤᠸᠠᠨ ᠡᠮ ᠤᠨ ᠦᠢᠯᠡᠰ᠂ ᠭᠦᠸᠧ ᠶᠤᠤ ᠬᠤᠪᠢᠴᠠᠭᠠᠨ ᠤ ᠡᠵᠡᠮᠰᠢᠯᠳᠡ᠂ | ᠬᠤᠸᠠ ᠶᠤᠸᠠᠨ ᠬᠤᠩ ᠯᠢ ᠵᠡᠷᠭᠡ ᠡᠮ ᠡᠮᠨᠡᠯᠭᠡ ᠪᠤᠳᠠᠰ ᠤᠨ ᠭᠦᠢᠯᠭᠡᠭᠡᠨ ᠤ 18 ᠠᠵᠤ ᠠᠬᠤᠶᠢᠯᠠᠯ ᠨᠢ ᠮᠧᠩ | ᠳ᠋ᠦᠩ ᠡᠮ ᠡᠮᠨᠡᠯᠭᠡ ᠶᠢᠨ ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠲᠤᠭᠤᠷᠢᠭ ᠲᠤ ᠤᠷᠤᠵᠤ᠂ ᠪᠦᠬᠦ ᠵᠢᠯ ᠳᠤ | 18.6 ᠳ᠋ᠦᠩᠰᠢᠭᠤᠷ ᠲᠦᠭᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠪᠡᠶᠡᠯᠡᠭᠦᠯᠵᠦ᠂ 4000 ᠲᠦᠮᠡᠨ | ᠲᠦᠭᠦᠷᠢᠭ ᠤᠨ ᠠᠰᠢᠭ ᠤᠷᠤᠯᠭ᠎ᠠ ᠡᠭᠦᠳᠪᠡ᠃ ᠾᠧ ᠮᠧᠢ ᠱᠦᠢ ᠴᠧᠩ ᠡᠭᠦᠳᠡ ᠪᠠᠨ ᠨᠡᠭᠡᠬᠡᠵᠦ ᠡᠵᠡᠩᠨᠡᠯᠳᠡ | ᠬᠢᠵᠦ᠂ ᠾᠧᠩ ᠮᠤᠤ ᠹᠧᠩ ᠬᠤᠢ ᠬᠤᠳᠠᠯᠳᠤᠭᠠᠨ ᠤ ᠦᠢᠯᠡᠰ ᠤᠨ ᠶᠡᠷᠦᠩᠬᠡᠢ ᠴᠤᠭᠴᠠ᠂ ᠵᠢᠶᠠ ᠾᠧ ᠵᠢᠶᠡ ᠮᠧᠢ | ᠠᠷᠠᠯᠵᠢᠶ᠎ᠠ ᠬᠤᠳᠠᠯᠳᠤᠭᠠᠨ ᠤ ᠬᠤᠳᠠ ᠡᠬᠢᠯᠡᠨ ᠪᠠᠶᠢᠭᠤᠯᠤᠯᠳᠠ ᠬᠢᠵᠦ᠂ ᠯᠢᠦᠢ ᠳ᠋ᠧᠦ ᠱᠦᠢ ᠠᠨ᠂ ᠳ᠋ᠠ ᠵᠧᠦ ᠲᠤᠤ | ᠷᠠᠨ ᠹᠦ᠋ ᠵᠡᠷᠭᠡ ᠤᠷᠤᠨ ᠰᠠᠭᠤᠴᠠ ᠶᠢᠨ ᠲᠦᠭᠦᠷᠵᠢᠬᠦᠯᠦᠭᠰᠡᠨ ᠲᠦᠷᠦᠯ ᠵᠦᠢᠯ ᠤᠨ ᠭᠤᠤᠯ ᠴᠤᠭᠴᠠ ᠪᠠᠷᠢᠯᠭ᠎ᠠ ᠪᠠᠨ | ᠲᠡᠭᠦᠰᠭᠡᠪᠡ᠃ ᠲᠤᠭᠤᠷᠢᠭ ᠨᠢ 26 ᠳ᠋ᠦᠩᠰᠢᠭᠤᠷ ᠲᠦᠭᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ ᠪᠡᠶᠡᠯᠡᠭᠦᠯᠵᠦ᠂ | 1.5 ᠳ᠋ᠦᠩᠰᠢᠭᠤᠷ ᠲᠦᠭᠦᠷᠢᠭ ᠤᠨ ᠠᠰᠢᠭ ᠤᠷᠤᠯᠭ᠎ᠠ ᠡᠭᠦᠳᠪᠡ᠃ ᠹᠦ᠋ ᠾᠧ ᠵᠡᠭᠡᠯᠢ ᠶᠢᠨ ᠵᠡᠭᠦᠨ ᠬᠡᠰᠡᠭ᠂ | ᠰᠠᠯᠪᠤᠷᠢ ᠨᠠᠢᠮᠠᠨ ᠵᠡᠭᠡᠯᠢ᠂ ᠪᠤᠷᠤᠭᠠᠨ ᠤ ᠪᠤᠬᠢᠷ ᠤᠰᠤ ᠶᠢ ᠰᠠᠯᠪᠤᠷᠢᠯᠠᠭᠤᠯᠬᠤ ᠨᠢᠭᠡᠳᠦᠭᠡᠷ ᠬᠤᠭᠤᠴᠠᠭᠠᠨ ᠤ | ᠢᠨᠵᠧᠨᠧᠷᠢᠩ᠂ ᠬᠤᠭ ᠨᠤᠪᠰᠢ ᠲᠠᠮᠵᠢᠭᠤᠯᠬᠤ 3 ᠦᠷᠳᠡᠭᠡ ᠶᠢ ᠡᠬᠢᠯᠡᠨ ᠪᠠᠶᠢᠭᠤᠯᠵᠤ᠂ ᠯᠢᠨ ᠬᠤᠸᠠᠩ ᠶᠡᠭᠡ | ᠵᠡᠭᠡᠯᠢ ᠶᠢᠨ ᠪᠠᠷᠠᠭᠤᠨ ᠬᠡᠰᠡᠭ᠂ ᠰᠢᠩ ᠶᠤᠸᠠᠨ ᠵᠠᠮ ᠨᠢ ᠪᠠᠷᠢᠯᠭ᠎ᠠ ᠲᠡᠭᠦᠰᠭᠡᠵᠦ ᠲᠡᠷᠭᠡ ᠨᠡᠪᠳᠡᠷᠡᠨ᠂ ᠤᠰᠤᠨ ᠤ ᠡᠬᠢ | ᠰᠤᠷᠪᠤᠯᠵᠢ ᠶᠢᠨ ᠤᠷᠤᠨ᠂ ᠢᠯᠴᠢ ᠬᠠᠩᠭᠠᠬᠤ ᠠᠩᠬᠠᠨ ᠤ ᠦᠷᠳᠡᠭᠡ ᠠᠰᠢᠭᠯᠠᠯᠳᠠ ᠳᠤ ᠤᠷᠤᠵᠤ᠂ ᠷᠧᠨ ᠳ᠋ᠧ ᠪᠠᠭ᠎ᠠ | ᠰᠤᠷᠭᠠᠭᠤᠯᠢ ᠨᠢ ᠰᠤᠷᠭᠠᠭᠤᠯᠢ ᠡᠷᠬᠢᠯᠡᠬᠦ ᠨᠦᠬᠦᠴᠡᠯ ᠪᠦᠷᠢᠯᠳᠤᠭᠦᠯᠪᠡ᠃ ᠬᠦᠳᠡᠭᠡ ᠲᠤᠰᠬᠤᠨ ᠤ ᠤᠷᠴᠢᠨ | ᠠᠬᠤᠢ ᠶᠢᠨ ᠨᠦᠬᠦᠴᠡᠯ ᠦᠷᠭᠦᠯᠵᠢᠯᠡᠨ ᠰᠠᠶᠢᠵᠢᠷᠠᠯᠳᠠ ᠲᠠᠢ ᠪᠤᠯᠪᠠ᠃ ᠬᠦᠳᠡᠭᠡ ᠲᠤᠰᠬᠤᠨ ᠤ ᠤᠷᠤᠰᠢᠨ ᠰᠠᠭᠤᠬᠤ | ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠭᠦᠯᠵᠦ᠂ | ᠰᠢᠶᠠᠩ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ 5 ᠦᠷᠳᠡᠭᠡ᠂ ᠬᠤᠭ ᠨᠤᠪᠰᠢ ᠪᠤᠯᠠᠬᠤ 2 ᠲᠠᠯᠠᠪᠠᠢ ᠶᠢ | ᠰᠢᠨ᠎ᠡ ᠪᠠᠷ ᠪᠠᠶᠢᠭᠤᠯᠵᠤ᠂ ᠮᠡᠶᠢᠷᠡᠨ ᠬᠠᠪᠴᠢᠯ ᠤᠨ ᠤᠷᠤᠨ ᠤ ᠠᠭᠤᠯᠠ ᠤᠰᠤ ᠤᠢ ᠲᠠᠷᠢᠶ᠎ᠠ ᠭᠤᠷᠤᠬ᠎ᠠ ᠶᠢ | ᠶᠡᠷᠦᠩᠬᠡᠶᠢᠯᠡᠨ ᠵᠠᠰᠠᠬᠤ ᠢᠨᠵᠧᠨᠧᠷᠢᠩ ᠢᠯᠡᠷᠬᠡᠢ ᠦᠷ᠎ᠡ ᠠᠰᠢᠭ ᠤᠯᠪᠠ᠃ ᠬᠦᠳᠡᠭᠡ ᠲᠤᠰᠬᠤᠨ ᠤ ᠵᠤᠷᠯᠤᠩ ᠤᠨ | ᠬᠤᠪᠢᠰᠬᠠᠯ ᠢ ᠯᠠᠪᠳᠠᠭᠤᠨ ᠢᠶᠠᠷ ᠠᠬᠢᠭᠤᠯᠵᠤ᠂ ᠬᠦᠳᠡᠭᠡ ᠲᠤᠰᠬᠤᠨ ᠤ ᠵᠤᠷᠯᠤᠩ ᠢ ᠦᠭᠡᠷᠡᠴᠢᠯᠡᠬᠦ ᠬᠡᠯᠪᠡᠷᠢ ᠮᠠᠶ᠋ᠢᠭ | ᠰᠦᠪᠡᠭᠴᠢᠯᠡᠯᠳᠡ ᠪᠠᠳᠤᠳᠠᠢ ᠠᠯᠬᠤᠴᠠ ᠶᠢ ᠠᠯᠬᠤᠪᠠ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ | ᠶᠢ ᠦᠷᠭᠦᠯᠵᠢᠯᠡᠨ ᠴᠢᠩᠭᠠᠳᠬᠠᠪᠠ᠃ 306 ᠤᠯᠤᠰ ᠤᠨ ᠵᠠᠮ ᠤᠨ ᠨᠢᠭᠡᠳᠦᠭᠡᠷ ᠲᠡᠰ ᠤᠨ ᠵᠠᠰᠠᠮᠠᠯ ᠵᠠᠮ᠂ ᠸᠠᠩ ᠠᠨ | ᠱᠤᠭᠤᠮ ᠤᠨ 13 ᠺᠢᠯᠣᠮᠧᠲᠷ ᠤᠨ ᠬᠤᠶᠠᠳᠤᠭᠠᠷ ᠲᠡᠰ ᠤᠨ ᠵᠠᠰᠠᠮᠠᠯ ᠵᠠᠮ ᠪᠠᠶᠢᠭᠤᠯᠤᠭᠳᠠᠨ ᠲᠡᠷᠭᠡ ᠨᠡᠪᠳᠡᠷᠡᠵᠦ᠂ ᠳ᠋ᠠ | ᠭᠤᠸᠠᠩ ᠲᠦᠷᠭᠡᠨ ᠵᠠᠮ ᠤᠨ ᠨᠢᠦ ᠵᠢᠶᠠ ᠶᠢᠩᠽᠢ ᠶᠢ ᠬᠠᠷᠢᠯᠴᠠᠨ ᠨᠡᠪᠳᠡᠷᠡᠭᠦᠯᠬᠦ᠂ ᠲᠠᠶᠢᠨ ᠤ ᠪᠡᠯᠡᠳᠭᠡᠯ ᠤᠨ ᠵᠠᠰᠠᠮᠠᠯ | ᠵᠠᠮ ᠢ ᠦᠷᠭᠡᠳᠭᠡᠨ ᠪᠠᠶᠢᠭᠤᠯᠬᠤ ᠢᠨᠵᠧᠨᠧᠷᠢᠩ ᠤᠨ ᠭᠤᠤᠯ ᠴᠤᠭᠴᠠ ᠶᠢᠨ ᠪᠠᠷᠢᠯᠭ᠎ᠠ ᠶᠢ ᠲᠡᠭᠦᠰᠭᠡᠪᠡ᠃ ᠫᠢᠩ ᠨᠢᠦ | ᠱᠤᠭᠤᠮ᠂ ᠫᠢᠩ ᠶᠢᠨ ᠱᠤᠭᠤᠮ᠂ ᡂᠢ ᠴᠤᠤ ᠱᠤᠭᠤᠮ᠂ ᡂᠢ ᠠᠨ ᠱᠤᠭᠤᠮ ᠵᠡᠷᠭᠡ 4 ᠵᠤᠷᠪᠤᠰ ᠵᠠᠰᠠᠮᠠᠯ ᠵᠠᠮ ᠤᠨ | 72 ᠺᠢᠯᠣᠮᠧᠲᠷ ᠤᠨ ᠵᠠᠮ ᠤᠨ ᠨᠢᠭᠤᠷ ᠢ ᠲᠠᠬᠢᠨᠳᠠ ᠵᠠᠰᠠᠵᠤ᠂ ᠬᠦᠳᠡᠭᠡ ᠲᠤᠰᠬᠤᠨ ᠤ ᠵᠠᠰᠠᠮᠠᠯ ᠵᠠᠮ ᠢ 102 | ᠺᠢᠯᠣᠮᠧᠲᠷ ᠦᠷᠭᠡᠳᠭᠡᠨ ᠵᠠᠰᠠᠵᠤ᠂ ᠠᠮᠢ ᠨᠠᠰᠤ ᠶᠢ ᠬᠠᠮᠠᠭᠠᠯᠠᠬᠤ ᠢᠨᠵᠧᠨᠧᠷᠢᠩ ᠤᠨ 210 ᠺᠢᠯᠣᠮᠧᠲᠷ ᠢ ᠪᠦᠳᠦᠭᠡᠨ | ᠪᠠᠶᠢᠭᠤᠯᠪᠠ᠃ 10KV ᠬᠦᠴᠦᠳᠡᠯ ᠦᠭᠡᠷᠡᠴᠢᠯᠡᠬᠦ ᠱᠤᠭᠤᠮ ᠢ 17 ᠺᠢᠯᠣᠮᠧᠲᠷ ᠰᠢᠨ᠎ᠡ ᠪᠠᠷ ᠪᠠᠶᠢᠭᠤᠯᠵᠤ᠂ | ᠬᠦᠳᠡᠭᠡ ᠲᠤᠰᠬᠤᠨ ᠤ ᠴᠠᠬᠢᠯᠭᠠᠨ ᠲᠤᠤᠷ ᠢ 32 ᠺᠢᠯᠤᠮᠧᠲᠷ ᠲᠡᠰ ᠲᠠᠪᠰᠢᠭᠤᠯᠤᠨ ᠦᠭᠡᠷᠡᠴᠢᠯᠡᠪᠡ᠃ ᠢᠦᠢ ᠯᠦᠩ | ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠬᠤ᠂ ᠵᠢᠩ ᠱᠧᠨ ᠦᠨᠳᠦᠷ ᠬᠤᠷᠳᠤᠴᠠᠳᠤ ᠲᠡᠮᠦᠷ ᠵᠠᠮ ᠵᠡᠷᠭᠡ ᠲᠤᠮᠤ | ᠲᠦᠷᠦᠯ ᠵᠦᠢᠯ ᠤᠨ ᠭᠠᠵᠠᠷ ᠰᠢᠷᠦᠢ ᠭᠡᠷ ᠪᠠᠶᠢᠰᠢᠩ ᠲᠠᠳᠠᠪᠤᠷᠢᠯᠠᠬᠤ ᠠᠵᠢᠯ ᠢ ᠲᠤᠭᠳᠠᠭᠰᠠᠨ ᠬᠤᠭᠤᠴᠠᠭᠠᠨ ᠳᠤ | ᠲᠡᠭᠦᠰᠭᠡᠵᠦ᠂ ᠪᠦᠬᠦ ᠬᠤᠳᠠ ᠶᠢᠨ ᠲᠤᠮᠤ ᠴᠢᠬᠤᠯᠠ ᠲᠦᠷᠦᠯ ᠵᠦᠢᠯ ᠢ ᠢᠯᠭᠤᠮ ᠬᠡᠷᠡᠭᠵᠢᠬᠦᠯᠬᠦ ᠶᠢ ᠪᠠᠳᠤᠯᠠᠪᠠ᠃ | ︵ᠲᠦᠷᠪᠡ︶ ᠲᠦᠮᠡᠨ ᠤᠯᠠᠨ ᠰᠡᠳᠬᠢᠯ ᠨᠢᠭᠡᠳᠦᠨ ᠲᠤᠮᠤ ᠤᠴᠢᠷ ᠪᠦᠳᠦᠭᠡᠬᠦ ᠶᠢ ᠪᠠᠷᠢᠮᠳᠠᠯᠠᠨ᠂ ᠲᠤᠮᠤ ᠴᠢᠬᠤᠯᠠ | ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡ ᠪᠠᠳᠤᠯᠠᠭᠠᠨ ᠤ ᠡᠭᠦᠷᠭᠡ ᠶᠢ ᠠᠮᠵᠢᠯᠳᠠᠳᠠᠢ ᠲᠡᠭᠦᠰᠭᠡᠪᠡ᠃ ︽ᠠᠷᠪᠠᠨ | ᠲᠦᠷᠪᠡᠳᠦᠭᠡᠷ ᠡᠪᠦᠯ︾ ᠤᠨ ᠤᠷᠤᠯᠳᠤᠭᠠᠨ ᠤ ᠶᠠᠪᠤᠳᠠᠯ ᠤᠨ ᠪᠡᠯᠡᠳᠭᠡᠯ ᠠᠵᠢᠯ ᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠸᠠᠩ ᠶᠧ ᠳ᠋ᠢᠶᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠲᠦᠯᠦᠪᠵᠢᠬᠦᠯᠭᠡ᠂ ᠠᠮᠢ | ᠠᠬᠤᠢ ᠶᠢᠨ ᠬᠠᠮᠠᠭᠠᠯᠠᠯᠳᠠ ᠶᠢᠨ ᠤᠷᠤᠨ ᠤ ᠲᠦᠯᠦᠪᠵᠢᠬᠦᠯᠭᠡ ᠶᠢ ᠬᠠᠤᠯᠢ ᠶᠤᠰᠤᠭᠠᠷ ᠡᠷᠡᠮᠡᠯᠵᠡᠯᠡᠨ ᠵᠤᠬᠢᠴᠠᠭᠤᠯᠵᠤ᠂ | ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠢᠨᠠᠨ ᠵᠦᠪᠰᠢᠶᠡᠷᠡᠯ ᠤᠨ ᠲᠡᠮᠵᠢᠯᠭᠡ ᠶᠢ ᠤᠯᠪᠠ᠃ ᠰᠢᠯᠢᠳᠡᠭ | ᠲᠡᠷᠢᠭᠦᠨ ᠡᠩᠨᠡᠭᠡᠨ ᠤ ᠪᠠ ᠠᠵᠢᠯᠴᠢ ᠠᠷᠪᠢᠴᠢ ᠪᠠᠷ ᠤᠷᠤᠯᠳᠤᠭᠠᠨ ᠡᠷᠬᠢᠯᠡᠬᠦ ᠤᠶᠢᠯᠠᠭᠠᠭᠳᠠᠬᠤᠨ ᠢ ᠪᠠᠳᠤ ᠪᠤᠢ | ᠪᠤᠯᠭᠠᠵᠤ᠂ ᠤᠯᠢᠮᠫᠢᠺ ᠤᠨ ᠡᠪᠦᠯ ᠤᠨ ᠤᠷᠤᠯᠳᠤᠭᠠᠨ ᠤ ᠪᠠᠷᠢᠮᠵᠢᠶ᠎ᠠ ᠲᠠᠢ ᠬᠠᠷᠢᠴᠠᠭᠤᠯᠤᠨ᠂ ᠦᠨᠳᠦᠷ ᠡᠬᠢᠯᠡᠯᠳᠡ | ᠴᠡᠭ᠂ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠪᠠ ᠪᠡᠯᠡᠳᠭᠡᠬᠦ ᠶᠢ ᠪᠠᠷᠢᠮᠳᠠᠯᠠᠨ᠂ ᠡᠷᠡᠯᠬᠡᠭ ᠵᠤᠷᠢᠭᠳᠠᠢ | ᠡᠷᠭᠦᠭᠡᠯᠡᠨ᠂ ᠠᠵᠢᠯ ᠤᠨ ᠬᠤᠭᠤᠴᠠᠭ᠎ᠠ ᠲᠤᠩᠭᠤᠷᠠᠭᠤᠯᠤᠨ ᠵᠢᠭᠰᠠᠭᠠᠵᠤ᠂ 5 ᠵᠤᠷᠪᠤᠰ 11 ᠺᠢᠯᠤᠮᠧᠲᠷ | ᠭᠤᠯᠭᠤᠯᠳᠠ ᠶᠢᠨ ᠵᠠᠮ᠂ ᠠᠭᠠᠷ ᠤᠨ ᠲᠡᠭᠦᠵᠢᠩ ᠵᠠᠮ᠂ ᠲᠠᠮᠢᠷᠴᠢᠳ ᠤᠨ16 ᠨᠡᠶᠢᠳᠡ ᠶᠢᠨ ᠪᠠᠶᠢᠷᠢ ᠵᠢᠴᠢ | ᠴᠠᠰᠤᠨ ᠳᠤ ᠭᠤᠯᠭᠤᠬᠤ ᠪᠠᠭᠠᠵᠢ ᠪᠠᠷ ᠮᠤᠷᠳᠠᠬᠤ ᠶᠡᠭᠡ ᠲᠠᠩᠬᠢᠮ ᠵᠡᠷᠭᠡ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢᠨ ᠡᠭᠦᠷᠭᠡ ᠶᠢ ᠲᠤᠭᠳᠠᠭᠰᠠᠨ ᠬᠤᠭᠤᠴᠠᠭᠠᠨ ᠳᠤ ᠲᠡᠭᠦᠰᠭᠡᠵᠦ᠂ ︽ᠭᠤᠷᠪᠠᠨ ᠵᠢᠯ ᠤᠨ | ᠢᠨᠵᠧᠨᠧᠷᠢᠩ ᠢ ᠨᠢᠭᠡ ᠵᠢᠯ ᠳᠤ ᠲᠡᠭᠦᠰᠭᠡᠬᠦ︾ ᠬᠠᠷᠠᠴᠢᠨ ᠤ ᠬᠤᠷᠳᠤᠴᠠ ᠶᠢ ᠡᠭᠦᠳᠴᠦ᠂ ᠤᠷᠤᠯᠳᠤᠭᠠᠨ ᠤ | ᠬᠤᠭᠤᠴᠠᠭᠠᠨ ᠳᠤ ᠰᠢᠯᠢᠳᠡᠭ ᠦᠢᠯᠡᠴᠢᠯᠡᠭᠡ ᠪᠠᠷ ᠪᠦᠬᠦ ᠶᠠᠪᠤᠴᠠ ᠶᠢ ᠪᠠᠳᠤᠯᠠᠨ᠂ ᠤᠷᠤᠯᠳᠤᠭᠠᠨ ᠳᠤ ᠤᠷᠤᠯᠴᠠᠭᠰᠠᠨ | ᠲᠠᠮᠢᠷᠴᠢᠳ᠂ ᠵᠢᠭᠠᠨ ᠰᠤᠷᠭᠠᠭᠴᠢᠳ᠂ ᠬᠢᠨᠠᠭᠴᠢᠳ ᠤᠨ ᠦᠨᠳᠦᠷ ᠦᠨᠡᠯᠡᠯᠳᠡ ᠪᠠ ᠨᠡᠶᠢᠭᠡᠮ ᠤᠨ ᠡᠯ᠎ᠡ ᠡᠳᠡᠭᠡᠳ ᠤᠨ | ᠮᠠᠭᠳᠠᠭᠠᠯ ᠰᠠᠶᠢᠰᠢᠶᠠᠯ ᠢ ᠤᠯᠪᠠ᠃ ︽ᠨᠢᠭᠡ ᠪᠦᠰᠡ ᠨᠢᠭᠡ ᠵᠠᠮ︾ ᠠᠽᠢᠶ᠎ᠠ ᠨᠤᠮᠤᠬᠠᠨ ᠲᠠᠯᠠᠢ ᠶᠢᠨ ᠤᠢ | ᠰᠢᠭᠤᠢ ᠶᠢᠨ ᠦᠢᠯᠡᠰ ᠤᠨ ᠤᠯᠠᠨ ᠤᠯᠤᠰ ᠤᠨ ᠬᠠᠮᠳᠤᠷᠠᠨ ᠠᠵᠢᠯᠯᠠᠬᠤ ᠰᠤᠳᠤᠯᠭᠠᠨ ᠤ ᠬᠤᠷᠠᠯ ᠢ ᠠᠮᠵᠢᠯᠳᠠᠳᠠᠢ | ᠲᠠᠭᠠᠭᠠᠴᠢᠯᠠᠨ ᠡᠷᠬᠢᠯᠡᠵᠦ᠂ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠤᠢ ᠰᠢᠭᠤᠢ ᠶᠢᠨ ᠵᠤᠬᠢᠶᠠᠨ | ᠪᠠᠶᠢᠭᠤᠯᠤᠯᠳᠠ ᠶᠢᠨ ᠬᠡᠰᠢᠭᠦᠨ ᠪᠤᠯᠬᠤ ᠠᠵᠤ ᠠᠬᠤᠢ ᠶᠢᠨ ᠴᠤᠭᠴᠠ ᠶᠢᠨ 200 ᠭᠠᠷᠤᠢ ᠦᠨᠳᠦᠷ ᠲᠤᠰᠢᠶᠠᠯᠳᠠᠨ᠂ | ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ ᠲᠦᠯᠦᠭᠡᠯᠡᠭᠴᠢ᠂ ᠲᠤᠰᠬᠠᠢ ᠮᠡᠷᠭᠡᠵᠢᠯᠳᠡᠳ ᠲᠤ ᠰᠢᠨ᠎ᠡ ᠴᠠᠭ | ᠦᠶ᠎ᠡ ᠶᠢᠨ ᠬᠠᠷᠠᠴᠢᠨ ᠤ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠤᠭ᠎ᠠ ᠶᠡᠭᠡ ᠠᠮᠵᠢᠯᠳᠠ | ᠶᠢ ᠲᠡᠯᠭᠡᠨ ᠦᠵᠡᠬᠦᠯᠵᠦ᠂ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠤᠢ ᠰᠢᠭᠤᠢ ᠶᠢᠨ ᠦᠢᠯᠡᠰ ᠦᠷᠭᠦᠯᠵᠢᠯᠡᠨ | ᠬᠦᠭᠵᠢᠬᠦ ᠳᠤ ᠢᠳᠡᠪᠬᠢᠳᠡᠢ ᠬᠤᠪᠢ ᠨᠡᠮᠡᠷᠢ ᠦᠵᠡᠭᠦᠯᠪᠡ᠃ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ | ᠲᠦᠮᠡᠨ ᠡᠵᠡᠨ ᠬᠦᠮᠦᠨ ᠤ ᠤᠪᠤᠷ ᠢᠶᠠᠷ ᠲᠤᠮᠤ ᠴᠢᠬᠤᠯᠠ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡ | ᠪᠠᠳᠤᠯᠠᠭᠠᠨ ᠳᠤ ᠤᠷᠤᠯᠴᠠᠵᠤ᠂ ᠬᠠᠷᠠᠴᠢᠨ ᠤ ᠰᠠᠶᠢᠨ ᠰᠠᠶᠢᠬᠠᠨ ᠲᠦᠷᠢ ᠲᠦᠷᠬᠦ ᠶᠢ ᠲᠡᠯᠭᠡᠨ ᠬᠠᠷᠠᠭᠤᠯᠵᠦ ᠴᠢᠳᠠᠪᠠ᠃ | | ︵ᠲᠠᠪᠤ︶ ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ ᠶᠢ ᠭᠦᠨᠵᠡᠭᠡᠶᠢᠷᠡᠬᠦᠯᠬᠦ ᠶᠢ ᠪᠠᠷᠢᠮᠳᠠᠯᠠᠨ᠂ | ᠬᠦᠭᠵᠢᠯᠳᠡ ᠶᠢᠨ ᠠᠮᠢᠳᠤᠯᠢᠭ ᠬᠦᠴᠦᠨ ᠢ ᠲᠠᠰᠤᠷᠠᠯᠳᠠ ᠦᠭᠡᠢ ᠴᠢᠩᠭᠠᠳᠬᠠᠪᠠ᠃ ᠬᠤᠳᠠᠯᠳᠤᠭ᠎ᠠ ᠡᠷᠬᠢᠯᠡᠬᠦ ᠤᠷᠴᠢᠨ | ᠲᠤᠭᠤᠷᠢᠨ ᠢᠯᠡᠳᠳᠡ ᠰᠠᠶᠢᠵᠢᠷᠠᠪᠠ᠃ ︽ᠴᠢᠯᠦᠭᠡᠳᠡᠢ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠡᠯᠡᠯᠳᠡ ᠶᠢ | ᠦᠷᠭᠦᠯᠵᠢᠯᠡᠨ ᠠᠬᠢᠭᠤᠯᠵᠤ᠂ ᠲᠦᠪᠯᠡᠷᠡᠬᠦᠯᠦᠨ ᠭᠦᠢᠴᠡᠳᠭᠡᠬᠦ ᠬᠢᠨᠠᠨ ᠵᠦᠪᠰᠢᠶᠡᠷᠡᠬᠦ ᠵᠦᠢᠯ ᠨᠢ 530 ᠪᠤᠯᠵᠤ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠭᠤᠭᠴᠤᠭᠠᠨ ᠳᠠᠬᠢ 233 ᠵᠦᠢᠯ ᠢ ᠴᠦᠬᠡᠳᠬᠡᠵᠦ᠂ ᠵᠠᠰᠠᠭ ᠵᠠᠬᠢᠷᠭᠠᠨ | ᠤ 225 ᠵᠦᠪᠰᠢᠶᠡᠷᠡᠯ ᠦᠭᠬᠦ ᠵᠦᠢᠯ ᠨᠢ ᠬᠠᠮᠤᠭ ᠤᠯᠠᠨ ᠳᠤ ᠪᠠᠨ ᠨᠢᠭᠡᠯᠡ ᠤᠳᠠᠭ᠎ᠠ ᠳᠤ ᠭᠦᠢᠴᠡᠳᠭᠡᠵᠦ ᠲᠡᠶᠢᠯᠬᠦ | ᠪᠤᠯᠭᠠᠵᠠᠢ᠃ ᠬᠠᠷᠠᠴᠢᠨ ᠤ ᠠᠵᠤ ᠠᠬᠤᠢ ᠶᠢᠨ ᠨᠡᠬᠡᠬᠡᠯᠳᠡ ᠶᠢᠨ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠲᠦᠪ ᠢ ᠪᠠᠶᠢᠭᠤᠯᠵᠤ᠂ 7 ᠰᠠᠯᠠᠭ᠎ᠠ ᠮᠦᠴᠢᠷ ᠤᠨ 177 ᠵᠦᠢᠯ ᠤᠨ ᠦᠢᠯᠡᠴᠢᠯᠡᠬᠡᠨ ᠤ ᠲᠦᠷᠦᠯ ᠵᠦᠢᠯ ᠢ ᠨᠢᠭᠡ | ᠦᠷᠳᠡᠭᠡ ᠪᠠᠷ ᠭᠦᠢᠴᠡᠳᠭᠡᠵᠦ ᠦᠭᠬᠦ ᠪᠤᠯᠭᠠᠵᠠᠢ᠃ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠶᠢ ᠡᠷᠴᠢᠮᠳᠡᠢ ᠲᠤᠤᠱᠯᠠᠭᠤᠯᠵᠤ᠂ ᠵᠠᠬ᠎ᠠ ᠲᠡᠯᠭᠡᠭᠦᠷ ᠤᠨ ᠡᠯ᠎ᠡ ᠵᠦᠢᠯ ᠤᠨ ᠭᠤᠤᠯ | ᠴᠤᠭᠴᠠ ᠳᠤ 1.17 ᠳ᠋ᠦᠩᠰᠢᠭᠤᠷ ᠲᠦᠭᠦᠷᠢᠭ ᠤᠨ ᠲᠠᠷᠤᠭᠠᠰᠤ ᠶᠢ ᠬᠦᠩᠭᠡᠯᠡᠨ ᠦᠭᠴᠦ᠂ ᠲᠤᠮᠳᠠ ᠵᠢᠵᠢᠭ ᠠᠵᠤ | ᠠᠬᠤᠶᠢᠯᠠᠯ ᠳᠤ 1745 ᠲᠦᠮᠡᠨ ᠲᠦᠭᠦᠷᠢᠭ ᠤᠨ ᠲᠠᠭᠠᠭᠠᠴᠢᠯᠠᠯᠳᠠ ᠲᠠᠢ ᠵᠢᠭᠡᠯᠡᠭᠡ ᠶᠢ ᠲᠠᠷᠬᠠᠭᠠᠨ ᠦᠭᠴᠦ᠂ | 1652 ᠡᠷᠦᠬᠡ ᠵᠠᠬ᠎ᠠ ᠲᠡᠯᠭᠡᠭᠦᠷ ᠤᠨ ᠭᠤᠤᠯ ᠴᠤᠭᠴᠠ ᠰᠢᠨ᠎ᠡ ᠪᠠᠷ ᠨᠡᠮᠡᠭᠳᠡᠨ᠂ ᠰᠢᠨ᠎ᠡ ᠪᠠᠷ ᠲᠠᠩᠰᠠᠯᠠᠭᠤᠯᠤᠭᠰᠠᠨ | ᠪᠠᠷᠠᠭᠠᠨ ᠤ ᠲᠡᠮᠳᠡᠭ 745 ᠵᠦᠢᠯ ᠨᠡᠮᠡᠭᠳᠡᠪᠡ᠃ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠦᠭᠡᠷᠡᠴᠢᠯᠡᠯᠳᠡ | ᠶᠢ ᠪᠠᠳᠤᠳᠠᠢ ᠠᠬᠢᠭᠤᠯᠪᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠦᠷᠭᠦᠯᠵᠢᠯᠡᠨ ᠭᠦᠨᠵᠡᠭᠡᠶᠢᠷᠡᠬᠦᠯᠦᠨ ᠠᠬᠢᠭᠤᠯᠪᠠ᠃ ᠪᠠᠶᠢᠭᠤᠯᠤᠮᠵᠢ ᠶᠢ ᠦᠭᠡᠷᠡᠴᠢᠯᠡᠨ ᠴᠢᠳᠠᠮᠵᠢ ᠶᠢ ᠰᠢᠯᠵᠢᠬᠦᠯᠬᠦ᠂ | ᠠᠵᠢᠯᠳᠠᠳ ᠤᠨ ᠬᠠᠷᠢᠶ᠎ᠠ ᠶᠢ ᠰᠢᠯᠵᠢᠬᠦᠯᠬᠦ ᠶᠢ ᠪᠦᠬᠦᠨ ᠢ ᠪᠡᠶᠡᠯᠡᠬᠦᠯᠪᠡ᠃ ᠬᠦᠳᠡᠭᠡ ᠲᠤᠰᠬᠤᠨ ᠤ ᠭᠠᠵᠠᠷ | ᠰᠢᠷᠦᠢ ᠶᠢᠨ ᠦᠮᠴᠢᠯᠡᠯ ᠤᠨ ᠡᠷᠬᠡ ᠶᠢ ᠨᠤᠳᠠᠯᠠᠨ ᠪᠦᠷᠢᠳᠭᠡᠵᠦ ᠦᠨᠡᠮᠯᠡᠯ ᠦᠭᠬᠦ ᠠᠵᠢᠯ ᠢ ᠦᠨᠳᠦᠰᠦᠨ ᠳᠤ ᠪᠠᠨ | ᠲᠡᠭᠦᠰᠭᠡᠵᠦ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠦᠢ ᠶᠢᠨ ᠪᠠᠶᠢᠴᠠᠭᠠᠯᠳᠠ ᠶᠢᠨ ᠦᠷ᠎ᠡ ᠪᠦᠳᠦᠭᠡᠯ ᠢ | ᠲᠡᠭᠡᠳᠦ ᠱᠠᠳᠤᠨ ᠳᠤ ᠲᠤᠰᠢᠶᠠᠵᠤ ᠵᠦᠪᠰᠢᠶᠡᠷᠡᠬᠦᠯᠬᠦ ᠪᠠᠷ ᠪᠤᠢ᠃ ᠬᠦᠳᠡᠭᠡ ᠲᠤᠰᠬᠤᠨ ᠤ ᠬᠠᠮᠳᠤ ᠨᠡᠶᠢᠳᠡ ᠶᠢᠨ | ᠦᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠵᠤ᠂ ᠵᠠᠰᠠᠭ ᠵᠠᠬᠢᠷᠭᠠᠨ ᠤ 160 | ᠲᠤᠰᠬᠤᠨ ᠤ ᠡᠳ᠋ ᠬᠦᠷᠦᠩᠭᠡ ᠶᠢ ᠲᠤᠭᠠᠵᠢᠭᠤᠯᠤᠯᠳᠠ ᠶᠢ ᠠᠮᠵᠢᠯᠳᠠᠳᠠᠢ ᠲᠡᠭᠦᠰᠭᠡᠪᠡ᠃ ᠬᠤᠳᠠᠯᠳᠤᠭᠠᠨ ᠤ | ᠶᠠᠪᠤᠳᠠᠯ ᠤᠨ ᠲᠦᠷᠢᠮ᠂ ᠪᠦᠷᠢᠳᠭᠡᠯ ᠤᠨ ᠲᠦᠷᠢᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ | ᠢᠳᠡᠪᠬᠢᠳᠡᠢ ᠠᠬᠢᠴᠡ ᠲᠠᠢ ᠪᠤᠯᠵᠤ᠂ ᠤᠯᠠᠨ ᠨᠡᠶᠢᠳᠡ ᠶᠢᠨ ᠡᠬᠢ ᠪᠠᠶᠠᠯᠢᠭ ᠢ ᠲᠤᠭᠠᠴᠢᠯᠠᠭᠰᠠᠨ ᠰᠤᠯᠢᠯᠴᠠᠭ᠎ᠠ ᠶᠢ | ᠡᠬᠢᠯᠡᠨ ᠬᠡᠷᠡᠭᠵᠢᠬᠦᠯᠪᠡ᠃ ᠭᠠᠳᠠᠭᠠᠳᠤ ᠲᠠᠢ ᠴᠢᠯᠦᠭᠡᠳᠡᠢ ᠶᠠᠪᠤᠯᠴᠠᠬᠤ ᠦᠷ᠎ᠡ ᠪᠦᠳᠦᠭᠡᠯ ᠢᠯᠡᠷᠬᠡᠢ ᠪᠤᠯᠪᠠ᠃ | ᠬᠤᠳᠠᠯᠳᠤᠭᠠᠴᠢᠨ ᠤᠷᠢᠵᠤ ᠪᠡᠯᠡ ᠲᠠᠳᠠᠬᠤ ︽ᠡᠪᠦᠯ ᠤᠨ ᠤᠯᠠᠷᠢᠯ ᠤᠨ ᠠᠵᠢᠯᠯᠠᠭ᠎ᠠ︾ ᠶᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ 15 ᠲᠦᠷᠦᠯ ᠵᠦᠢᠯ ᠢ ᠲᠠᠳᠠᠨ ᠠᠪᠴᠢᠷᠠᠵᠤ ᠲᠤᠤᠱᠯᠠᠭᠤᠯᠤᠨ᠂ 53 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠲᠠᠳᠠᠨ ᠤᠷᠤᠭᠤᠯᠪᠠ᠃ | ︵ᠵᠢᠷᠭᠤᠭ᠎ᠠ︶ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠶᠢ ᠪᠠᠷᠢᠮᠳᠠᠯᠠᠨ᠂ ᠠᠷᠠᠳ ᠤᠨ ᠠᠮᠢᠳᠤᠷᠠᠯ | ᠨᠡᠶᠢᠭᠡᠮ ᠤᠨ ᠠᠵᠢᠯ ᠦᠢᠯᠡᠰ ᠢ ᠰᠢᠨ᠎ᠡ ᠲᠠᠪᠰᠢᠯᠳᠠ ᠲᠠᠢ ᠪᠤᠯᠭᠠᠪᠠ᠃ ᠨᠡᠶᠢᠭᠡᠮ ᠤᠨ ᠪᠠᠳᠤᠯᠠᠭ᠎ᠠ ᠨᠡᠩ ᠬᠦᠴᠦᠳᠡᠢ | ᠪᠤᠯᠪᠠ᠃ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠬᠦᠷᠢᠶ᠎ᠠ ᠬᠡᠪᠴᠢᠶᠡᠨ ᠳᠠᠬᠢ ᠵᠠᠷᠤᠯᠭ᠎ᠠ ᠶᠢᠨ ᠪᠡᠯᠡ | ᠮᠦᠩᠭᠦ 23.1 ᠳ᠋ᠦᠩᠰᠢᠭᠤᠷ ᠲᠦᠭᠦᠷᠢᠭ ᠪᠤᠯᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠵᠠᠷᠤᠯᠭ᠎ᠠ ᠶᠢᠨ 81.5 % ᠶᠢ ᠡᠵᠡᠯᠡᠪᠡ᠃ ᠬᠤᠳᠠ ᠪᠠᠯᠭᠠᠰᠤᠨ ᠤ 1359 ᠬᠦᠮᠦᠨ ᠳᠤ ᠰᠢᠨ᠎ᠡ ᠪᠠᠷ ᠠᠵᠢᠯ | ᠤᠯᠭᠤᠪᠠ᠃ ᠬᠤᠳᠠ ᠪᠠᠯᠭᠠᠰᠤᠨ ᠤ ᠲᠤᠤᠷ᠎ᠠ ᠪᠠᠳᠤᠯᠠᠭ᠎ᠠ ᠶᠢ ᠰᠠᠷ᠎ᠠ ᠪᠦᠷᠢ 700 ᠲᠦᠭᠦᠷᠢᠭ ᠪᠤᠯᠭᠠᠨ ᠦᠰᠭᠡᠵᠦ᠂ | ᠬᠦᠳᠡᠭᠡ ᠲᠤᠰᠬᠤᠨ ᠤ ᠲᠤᠤᠷ᠎ᠠ ᠪᠠᠳᠤᠯᠠᠭ᠎ᠠ ᠶᠢ ᠵᠢᠯ ᠪᠦᠷᠢ 4860 ᠲᠦᠭᠦᠷᠢᠭ ᠪᠤᠯᠭᠠᠨ ᠨᠡᠮᠡᠭᠳᠡᠭᠦᠯᠪᠡ᠂ ᠪᠦᠬᠦ | ᠵᠢᠯ ᠳᠤ ᠡᠯ᠎ᠡ ᠵᠦᠢᠯ ᠤᠨ ᠨᠦᠬᠦᠪᠦᠷᠢ ᠲᠡᠳᠭᠦᠨ ᠲᠤᠰᠠᠯᠠᠬᠤ ᠪᠡᠯᠡ ᠮᠦᠩᠭᠦ ᠶᠢ 1.4 ᠳ᠋ᠦᠩᠰᠢᠭᠤᠷ ᠲᠦᠭᠦᠷᠢᠭ | ᠲᠠᠷᠬᠠᠭᠠᠪᠠ᠃ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ | ᠲᠠᠭᠠᠳᠬᠠᠯ᠂ ᠡᠮᠨᠡᠯᠭᠡ ᠶᠢᠨ ᠲᠠᠭᠠᠳᠬᠠᠯ ᠤᠨ ᠪᠦᠷᠭᠦᠴᠡ ᠦᠷᠭᠦᠯᠵᠢᠯᠡᠨ ᠶᠡᠭᠡᠰᠴᠦ᠂ ᠨᠠᠰᠤᠳᠠᠶᠢᠴᠤᠳ ᠤᠨ | ᠡᠷᠡᠭᠦᠯᠵᠢᠯ ᠤᠨ ᠬᠦᠷᠢᠶᠡᠯᠡᠩ ᠨᠢ ᠡᠵᠡᠩᠨᠡᠯᠳᠡ ᠬᠢᠬᠦ ᠨᠦᠬᠦᠴᠡᠯ ᠢᠶᠠᠨ ᠪᠦᠷᠢᠯᠳᠤᠭᠦᠯᠪᠡ᠃ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠪᠠᠳᠤᠯᠠᠭ᠎ᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ | ᠬᠠᠷᠠᠭᠠᠯᠵᠠᠯᠠᠯ ᠤᠨ ᠪᠡᠯᠡ ᠮᠦᠩᠭᠦ ᠶᠢ 422 ᠲᠦᠮᠡᠨ ᠲᠦᠭᠦᠷᠢᠭ ᠲᠠᠷᠬᠠᠭᠠᠪᠠ᠃ ᠤᠯᠤᠰ ᠤᠨ ᠦᠮᠴᠢᠯᠡᠯᠳᠦ ᠭᠠᠵᠠᠷ | ᠰᠢᠷᠦᠢ ᠭᠡᠷ ᠬᠦᠷᠦᠩᠭᠡ ᠶᠢᠨ ᠦᠮᠴᠢᠯᠡᠯ ᠤᠨ ᠬᠠᠷᠢᠶ᠎ᠠ ᠶᠢᠨ ᠪᠦᠷᠢᠳᠭᠡᠯ ᠲᠠᠬᠢ ᠦᠯᠡᠳᠡᠭᠳᠡᠵᠦ ᠢᠷᠡᠭᠰᠡᠨ | ᠠᠰᠠᠭᠤᠳᠠᠯ ᠢ ᠢᠳᠡᠪᠬᠢᠳᠡᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢ ᠦᠨᠳᠦᠰᠦᠯᠡᠵᠦ 875 ᠢᠵᠢ ᠤᠷᠤᠨ | ᠰᠠᠭᠤᠴᠠ ᠳᠤ ᠦᠯᠦ ᠬᠦᠳᠡᠯᠬᠦ ᠬᠦᠷᠦᠩᠭᠡ ᠶᠢᠨ ᠲᠠᠩᠰᠠᠯᠠᠨ ᠪᠦᠷᠢᠳᠭᠡᠬᠦ ᠭᠠᠷ ᠭᠦᠢᠴᠡᠳᠭᠡᠯ ᠬᠢᠵᠦ ᠦᠭᠪᠡ᠃ | ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠯᠳᠠ ᠲᠠᠢ ᠪᠤᠯᠪᠠ᠃ ᠵᠢᠨᠱᠠᠨ ᠲᠦᠷᠪᠡᠳᠦᠭᠡᠷ ᠲᠤᠮᠳᠠᠳᠤ | ᠰᠤᠷᠭᠠᠭᠤᠯᠢ᠂ ᠵᠢᠷᠭᠤᠳᠤᠭᠠᠷ ᠪᠠᠭ᠎ᠠ ᠰᠤᠷᠭᠠᠭᠤᠯᠢ ᠶᠢᠨ ᠪᠠᠶᠢᠷᠢᠯᠠᠯ ᠰᠤᠩᠭᠤᠬᠤ ᠠᠵᠢᠯ ᠢ ᠲᠡᠭᠦᠰᠭᠡᠵᠦ᠂ ᠵᠢᠨᠱᠠᠨ ᠤ | ᠬᠡᠦᠬᠡᠳ ᠤᠨ ᠭᠤᠷᠪᠠᠳᠤᠭᠠᠷ ᠴᠡᠴᠡᠷᠯᠢᠭ ᠨᠢ ᠰᠤᠷᠤᠭᠴᠢ ᠡᠯᠰᠡᠬᠦ ᠨᠦᠬᠦᠴᠡᠯ ᠢᠶᠠᠨ ᠪᠦᠷᠢᠯᠳᠤᠭᠦᠯᠪᠡ᠂ ᠰᠢ ᠴᠢᠶᠤᠤ | ᠰᠤᠷᠭᠠᠭᠤᠯᠢ ᠶᠢᠨ ᠭᠤᠤᠯ ᠪᠦᠳᠦᠴᠡ ᠶᠢᠨ ᠢᠨᠵᠧᠨᠧᠷᠢᠩ ᠢ ᠲᠡᠭᠦᠰᠭᠡᠵᠦ᠂ ᠨᠠᠷᠢᠨ ᠳᠠᠬᠢ ᠮᠤᠩᠭᠤᠯ ᠦᠨᠳᠦᠰᠦᠳᠡᠨ ᠤ | ᠲᠤᠷᠰᠢᠯᠳᠠ ᠶᠢᠨ ᠲᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠠᠰᠢᠭᠯᠠᠯᠳᠠ ᠳᠤ ᠤᠷᠤᠪᠠ᠃ ᠪᠦᠬᠦ | ᠬᠤᠰᠢᠭᠤᠨ ᠤ ᠲᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠤᠨ ᠬᠢᠷᠢ ᠪᠦᠳᠦᠮᠵᠢ ᠪᠦᠬᠦ ᠬᠤᠳᠠ ᠶᠢᠨ ᠡᠮᠦᠨ᠎ᠡ | ᠡᠩᠨᠡᠭᠡᠨ ᠳᠤ ᠪᠠᠶᠢᠭ᠎ᠠ ᠪᠠᠨ ᠪᠠᠷᠢᠮᠳᠠᠯᠠᠵᠤ ᠴᠢᠳᠠᠪᠠ᠃ ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ | ᠰᠤᠷᠭᠠᠭᠤᠯᠢ ᠶᠢ ᠦᠪᠡᠷᠳᠡᠭᠡᠨ ᠵᠠᠰᠠᠬᠤ ᠤᠷᠤᠨ ᠠᠴᠠ ᠪᠦᠬᠦ ᠤᠯᠤᠰ ᠤᠨ ᠲᠤᠮᠳᠠ ᠵᠡᠷᠭᠡ ᠶᠢᠨ ᠲᠤᠬᠠᠶᠢᠯᠠᠭᠰᠠᠨ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠰᠤᠶᠤᠯ ᠤᠨ ᠪᠠᠶᠢᠭᠤᠯᠤᠯᠳᠠ ᠶᠢᠨ 50 ᠬᠦᠴᠦᠷᠬᠡᠭ ᠰᠤᠷᠭᠠᠭᠤᠯᠢ ᠶᠢᠨ | ᠨᠢᠭᠡ ᠨᠢ ᠪᠤᠯᠭᠠᠵᠤ ᠡᠷᠡᠮᠡᠯᠵᠡᠯᠡᠨ ᠮᠡᠳᠡᠬᠦᠯᠬᠦ ᠪᠠᠷ ᠰᠤᠩᠭᠤᠨ ᠲᠤᠭᠳᠠᠭᠠᠪᠠ᠃ ᠡᠷᠡᠭᠦᠯ ᠴᠢᠬᠢᠷᠠᠭ ᠬᠠᠷᠠᠴᠢᠨ ᠤ | ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠪᠠ᠂ ᠬᠤᠰᠢᠭᠤᠨ ᠤ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶᠠᠨ ᠤ ᠭᠤᠤᠯ ᠴᠤᠭᠴᠠ ᠶᠢᠨ ᠢᠨᠵᠧᠨᠧᠷᠢᠩ ᠤᠨ ᠪᠠᠶᠢᠭᠤᠯᠤᠯᠳᠠ ᠶᠢ ᠲᠦᠷᠭᠡᠳᠭᠡᠪᠡ᠂ ᠮᠡᠶᠢᠷᠡᠨ ᠭᠤᠤᠯ | ᠬᠦᠢᠰᠦᠨ ᠡᠷᠡᠭᠦᠯ ᠬᠠᠮᠠᠭᠠᠯᠠᠯ ᠤᠨ ᠬᠤᠷᠢᠶ᠎ᠠ᠂ ᠡᠮᠡᠭᠡᠯ ᠠᠭᠤᠯᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ | ᠠᠰᠢᠭᠯᠠᠯᠳᠠ ᠳᠤ ᠤᠷᠤᠪᠠ᠂ ᠰᠢᠶᠠᠩ ᠪᠠᠯᠭᠠᠰᠤᠨ ᠤ 4 ᠭᠤᠤᠯ ᠬᠦᠢᠰᠦᠨ ᠡᠷᠡᠭᠦᠯ ᠬᠠᠮᠠᠭᠠᠯᠠᠯ ᠤᠨ ᠬᠤᠷᠢᠶ᠎ᠠ ᠨᠢ | ᠠᠯᠤᠰ ᠡᠵᠡᠮᠰᠢᠯᠳᠤ ᠬᠠᠮᠳᠤᠷᠠᠭᠰᠠᠨ ᠡᠮᠴᠢᠯᠡᠭᠡ ᠬᠢᠬᠦ ᠶᠢ ᠪᠡᠶᠡᠯᠡᠬᠦᠯᠵᠦ ᠴᠢᠳᠠᠪᠠ᠃ ᠬᠤᠰᠢᠭᠤᠨ ᠤ ᠬᠢᠳᠡᠳ | ᠮᠤᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠲᠡᠰ ᠤᠨ ᠬᠦᠬᠡᠭᠴᠢᠨ ᠵᠡᠷᠭᠡ ᠶᠢᠨ ᠡᠮᠨᠡᠯᠭᠡ ᠶᠢᠨ ᠬᠤᠷᠢᠶ᠎ᠠ | ᠪᠤᠯᠵᠤ ᠲᠠᠪᠰᠢᠪᠠ᠃ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠴᠢᠬᠢᠷᠠᠭ ᠤᠨ ᠡᠯᠧᠺᠲᠷᠤᠨ | ᠲᠠᠩᠰᠠ ᠶᠢᠨ ᠬᠦᠮᠦᠷᠭᠡ ᠪᠠ ᠬᠦᠮᠦᠨ ᠠᠮᠠ ᠶᠢᠨ ᠰᠤᠷᠠᠭ ᠵᠠᠩᠬᠢ ᠶᠢᠨ ᠲᠤᠭᠠᠴᠢᠯᠠᠭᠰᠠᠨ ᠬᠦᠮᠦᠷᠭᠡ ᠶᠢ ᠪᠠᠶᠢᠭᠤᠯᠵᠤ᠂ | ᠪᠠᠶᠢᠩᠭᠤ ᠰᠠᠭᠤᠭᠠᠯᠢ ᠭᠡᠷ ᠪᠦᠯᠢ ᠶᠢᠨ ᠬᠢᠨ ᠡᠮᠴᠢ ᠯᠤᠭ᠎ᠠ ᠭᠡᠷ᠎ᠡ ᠲᠤᠭᠳᠠᠬᠤ ᠨᠤᠷᠮ᠎ᠠ 63% ᠳᠤ ᠬᠦᠷᠪᠡ᠃ | ᠠᠩᠬᠠᠳᠠᠭᠴᠢ ᠬᠤᠭᠤᠴᠠᠭᠠᠨ ᠤ ᠪᠦᠬᠦ ᠤᠯᠤᠰ ᠤᠨ ᠬᠦᠳᠡᠭᠡ ᠲᠤᠰᠬᠤᠨ ᠤ ᠴᠠᠭᠠᠨ ᠰᠠᠷ᠎ᠠ ᠶᠢᠨ ᠦᠳᠡᠰᠢᠯᠡᠭᠡ ᠪᠠ | ᠪᠦᠬᠦ ᠤᠯᠤᠰ ᠤᠨ ᠰᠤᠶᠤᠯ ᠰᠢᠨᠵᠢᠯᠡᠬᠦ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠦᠳᠡᠭᠡ ᠬᠦᠷᠭᠡᠬᠦ︾ | ᠲᠦᠪᠯᠡᠷᠡᠬᠦᠯᠦᠨ ᠵᠢᠱᠢᠶ᠎ᠡ ᠦᠵᠡᠬᠦᠯᠬᠦ ᠬᠦᠳᠡᠯᠭᠡᠭᠡᠨ ᠤ ᠡᠬᠢᠯᠡᠯᠳᠡ ᠶᠢᠨ ᠶᠤᠰᠤᠯᠠᠯ ᠢ ᠲᠡᠭᠡᠳᠦ ᠴᠢᠨᠰᠠᠭ᠎ᠠ ᠲᠠᠢ | ᠲᠠᠭᠠᠭᠠᠴᠢᠯᠠᠨ ᠡᠷᠬᠢᠯᠡᠪᠡ᠃ ᠲᠦᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠪᠦᠬᠦ | ᠲᠠᠯ᠎ᠠ ᠪᠠᠷ ᠪᠡᠶᠡᠯᠡᠬᠦᠯᠦᠨ᠂ ᠬᠤᠰᠢᠭᠤᠨ ᠤ ᠲᠡᠦᠬᠡ ᠨᠠᠮᠳᠠᠷ ᠢ ᠦᠷᠭᠦᠯᠵᠢᠯᠡᠨ ᠨᠠᠶᠢᠷᠠᠭᠤᠯᠬᠤ ᠠᠵᠢᠯ ᠨᠢ ᠦᠪᠡᠷᠳᠡᠭᠡᠨ | ᠵᠠᠰᠠᠬᠤ ᠤᠷᠤᠨ ᠤ ᠬᠢᠨᠠᠨ ᠲᠤᠭᠳᠠᠭᠠᠯᠳᠠ ᠪᠠᠷ ᠪᠠᠳᠤᠯᠠᠭᠳᠠᠪᠠ᠃ ᠨᠡᠶᠢᠭᠡᠮ ᠢ ᠵᠠᠰᠠᠬᠤ ᠴᠢᠳᠠᠪᠬᠢ ᠲᠠᠰᠤᠷᠠᠯᠳᠠ ᠦᠭᠡᠢ | ᠲᠡᠰ ᠲᠠᠪᠰᠢᠪᠠ᠃ ᠠᠮᠤᠷ ᠲᠦᠪᠰᠢᠨ ᠦᠢᠯᠡᠳᠪᠦᠷᠢᠯᠡᠯ ᠢ ᠪᠦᠬᠦ ᠶᠠᠪᠤᠴᠠ ᠶᠢ ᠪᠠᠷᠢᠮᠵᠢᠶᠠᠵᠢᠭᠤᠯᠬᠤ ᠪᠦᠳᠦᠭᠡᠨ | ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠦᠢᠯᠡᠳᠪᠦᠷᠢᠯᠡᠯ ᠤᠨ ᠬᠡᠷᠡᠭ ᠠᠳᠡᠯ ᠤᠨ | ᠲᠤᠭ᠎ᠠ᠂ ᠦᠬᠦᠯ ᠠᠳᠡᠯ ᠤᠨ ᠲᠤᠭ᠎ᠠ ᠲᠤᠰᠪᠦᠷᠢ 24 % ᠪᠠ 75 % ᠪᠠᠷ ᠪᠠᠭᠤᠷᠠᠪᠠ᠂ ᠠᠮᠤᠷ ᠲᠦᠪᠰᠢᠨ | ᠦᠢᠯᠡᠳᠪᠦᠷᠢᠯᠡᠯ ᠤᠨ ᠪᠠᠶᠢᠳᠠᠯ ᠲᠤᠭᠳᠠᠭᠤᠨ ᠪᠦᠬᠡᠳ ᠡᠵᠡᠮᠰᠢᠵᠦ ᠪᠤᠯᠠᠬᠤᠶᠢᠴᠠ ᠪᠤᠯᠪᠠ᠃ ᠭᠦᠢᠯᠭᠡᠭᠡᠨ ᠤ ᠡᠯ᠎ᠡ | ᠵᠦᠢᠯ ᠤᠨ ᠲᠠᠸᠠᠷ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠲᠤᠰᠬᠠᠢ ᠴᠡᠭᠴᠡᠯᠡᠯᠳᠡ ᠶᠢ ᠭᠦᠨᠵᠡᠭᠡᠢ | ᠦᠷᠨᠢᠭᠦᠯᠪᠡ᠂ 35 ᠵᠢᠵᠢᠭ ᠠᠵᠤ ᠠᠬᠤᠶᠢᠯᠠᠯ ᠨᠢ ᠢᠳᠡᠭᠡᠨ ᠪᠤᠯᠪᠠᠰᠤᠷᠠᠭᠤᠯᠬᠤ ᠲᠤᠭᠤᠷᠢᠭ ᠲᠤ ᠵᠦᠪᠳᠡᠯᠴᠡᠨ | ᠤᠷᠤᠵᠤ᠂ ᠢᠳᠡᠭᠡᠨ ᠵᠦᠢᠯ ᠡᠮ ᠤᠨ ᠪᠤᠳᠠᠰ ᠤᠨ ᠠᠮᠤᠷ ᠲᠦᠪᠰᠢᠨ ᠤ ᠲᠤᠤᠷ᠎ᠠ ᠪᠠᠳᠤᠯᠠᠭ᠎ᠠ ᠶᠢᠨ ᠱᠤᠭᠤᠮ ᠢ | ᠰᠠᠬᠢᠵᠤ ᠴᠢᠳᠠᠪᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ | ᠦᠷᠨᠢᠭᠦᠯᠵᠦ᠂ 12 ᠬᠠᠷᠬᠢᠰ ᠬᠦᠴᠦᠨ ᠤ ᠶᠠᠯᠠᠳᠤ ᠡᠪᠰᠡᠯ ᠪᠦᠯᠦᠭ ᠢ ᠪᠤᠳᠠ ᠴᠤᠬᠢᠵᠦ᠂ ᠡᠯ᠎ᠡ ᠵᠦᠢᠯ ᠤᠨ | ᠬᠡᠷᠡᠭ ᠢ 135 ᠡᠪᠳᠡᠪᠠ᠃ ᠵᠠᠬᠢᠳᠠᠯ ᠰᠤᠷᠪᠤᠯᠵᠢᠯᠠᠯ ᠤᠨ ᠲᠠᠷᠤᠭᠳᠠᠮᠠᠯ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ | ᠭᠦᠨᠵᠡᠭᠡᠢ ᠦᠷᠨᠢᠬᠦᠯᠵᠦ᠂ ᠨᠢᠭᠡ ᠪᠦᠯᠦᠭ ᠵᠦᠷᠢᠴᠡᠯ ᠮᠠᠷᠭᠤᠭᠠᠨ ᠪᠠ ᠬᠦᠴᠢᠷ ᠲᠦᠪᠡᠭ ᠲᠠᠢ ᠠᠰᠠᠭᠤᠳᠠᠯ ᠢ | ᠡᠷᠴᠢᠮᠳᠡᠢ ᠰᠢᠢᠳᠪᠦᠷᠢᠯᠡᠨ᠂ ᠨᠡᠶᠢᠭᠡᠮ ᠤᠨ ᠪᠦᠬᠦᠶᠢᠯᠡ ᠪᠠᠶᠢᠳᠠᠯ ᠤᠨ ᠡᠶ᠎ᠡ ᠲᠤᠭᠳᠠᠭᠤᠨ ᠪᠠᠶᠢᠬᠤ ᠶᠢ ᠪᠠᠳᠤᠯᠠᠪᠠ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠠ ᠵᠠᠰᠠᠭ ᠤᠨ ᠤᠷᠳᠤᠨ ᠤ ᠪᠠᠶᠢᠭᠤᠯᠤᠯᠳᠠ ᠶᠢ ᠤᠯᠠᠮ | ᠨᠢᠭᠡ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠳᠠ ᠶᠢ ᠲᠡᠷᠢᠭᠦᠨ ᠴᠢᠬᠤᠯᠠ ᠪᠠᠶᠢᠷᠢᠨ ᠳᠤ ᠪᠠᠶᠢᠯᠭᠠᠬᠤ ᠶᠢ | ᠪᠠᠷᠢᠮᠳᠠᠯᠠᠨ᠂ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠨ᠂ | ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠬᠦᠯᠪᠡ᠂ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠳᠦ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠪᠡᠷᠳᠡᠭᠡᠨ ᠵᠠᠰᠠᠬᠤ ᠨᠠᠮ ᠤᠨ | ᠬᠤᠷᠢᠶᠠᠨ ᠤ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ | ᠢᠳᠡᠪᠬᠢᠳᠡᠢ ᠪᠡᠶᠡᠯᠡᠭᠦᠯᠪᠡ᠃ ︽ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠭᠦᠨᠵᠡᠭᠡᠢ ᠦᠷᠨᠢᠭᠦᠯᠵᠦ᠂ ᠤᠯᠠᠨ ᠲᠦᠮᠡᠨ ᠤ ᠬᠤᠪᠢ ᠪᠡᠶ᠎ᠡ ᠶᠢᠨ | ᠠᠰᠢᠭ ᠲᠤᠰᠠ ᠲᠠᠢ ᠬᠤᠯᠪᠤᠭᠳᠠᠬᠤ ᠨᠢᠭᠡ ᠪᠦᠯᠦᠭ ᠠᠰᠠᠭᠤᠳᠠᠯ ᠢ ᠡᠷᠴᠢᠮᠳᠠᠢ ᠰᠢᠢᠳᠪᠦᠷᠢᠯᠡᠪᠡ᠃ ᠬᠠᠤᠯᠢ ᠶᠤᠰᠤᠭᠠᠷ | ᠵᠠᠰᠠᠭ ᠶᠠᠪᠤᠭᠤᠯᠬᠤ ᠶᠢ ᠪᠠᠷᠢᠮᠳᠠᠯᠠᠵᠤ᠂ ︽ᠭᠤᠷᠪᠠᠨ ᠴᠢᠬᠤᠯᠠ ᠨᠢᠭᠡ ᠲᠤᠮᠤ︾ ᠲᠦᠷᠢᠮ ᠢ ᠴᠢᠩᠭ᠎ᠠ ᠬᠡᠷᠡᠭᠵᠢᠬᠦᠯᠵᠦ | ᠂ ᠠᠷᠠᠳ ᠤᠨ ᠲᠦᠯᠦᠭᠡᠯᠡᠭᠴᠢᠳ ᠤᠨ ᠬᠠᠤᠯᠢ ᠶᠤᠰᠤᠨ ᠤ ᠬᠢᠨᠠᠯᠳᠠ ᠲᠠᠯᠪᠢᠬᠤ ᠪᠠ ᠠᠵᠢᠯ ᠤᠨ ᠬᠢᠨᠠᠯᠳᠠ ᠲᠠᠯᠪᠢᠬᠤ | ᠶᠢ ᠤᠬᠠᠮᠰᠠᠷ ᠠᠴᠠ ᠪᠠᠨ ᠬᠦᠯᠢᠶᠡᠨ ᠠᠪᠴᠦ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠪᠠ | ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠲᠠᠯᠪᠢᠬᠤ ᠶᠢ ᠪᠦᠬᠦ ᠲᠠᠯ᠎ᠠ ᠪᠠᠷ ᠬᠦᠯᠢᠶᠡᠨ ᠠᠪᠤᠪᠠ᠂ ᠠᠷᠠᠳ ᠤᠨ ᠶᠡᠭᠡ | ᠬᠤᠷᠠᠯ ᠤᠨ ᠲᠦᠯᠦᠭᠡᠯᠡᠭᠴᠢᠳ ᠤᠨ 56 ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠭᠡᠨ ᠤ 48 | ᠲᠤᠷᠠᠳᠤᠯᠭ᠎ᠠ ᠶᠢ ᠭᠦᠢᠴᠡᠳᠭᠡᠪᠡ᠃ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ | ︽ᠲᠦᠷᠪᠡᠨ ᠰᠤᠷᠳᠠᠯ︾ ᠢ ᠴᠤᠴᠠᠯᠳᠠ ᠦᠭᠡᠢ ᠵᠠᠯᠠᠷᠠᠭᠤᠯᠤᠨ᠂ ᠵᠠᠰᠠᠭ ᠤᠨ ᠤᠷᠳᠤᠨ ᠤ ᠰᠢᠰᠲ᠋ᠧᠮ ᠤᠨ ᠰᠤᠷᠳᠠᠯ ᠢ | ᠲᠠᠰᠤᠷᠠᠯᠳᠠ ᠦᠭᠡᠢ ᠰᠠᠶᠢᠨ ᠡᠷᠬᠢᠯᠳᠡ ᠲᠠᠢ ᠪᠤᠯᠭᠠᠪᠠ᠃ ᠦᠨᠳᠦᠰᠦᠳᠡᠨ ᠱᠠᠰᠢᠨ ᠰᠤᠷᠳᠠᠬᠤᠨ᠂ ᠵᠡᠪᠰᠡᠭᠳᠦ | ᠬᠦᠴᠦᠨ ᠠᠭᠠᠷ ᠤᠨ ᠰᠡᠷᠭᠡᠶᠢᠯᠡᠯᠳᠡ᠂ ᠴᠠᠭ ᠠᠭᠤᠷ ᠤᠨ ᠰᠢᠨᠵᠢᠯᠡᠬᠦ ᠮᠡᠷᠭᠡᠵᠢᠯ᠂ ᠬᠢᠨᠠᠨ ᠪᠤᠳᠤᠯᠳᠠ ᠲᠤᠭ᠎ᠠ | ᠪᠦᠷᠢᠳᠭᠡᠯ᠂ ᠠᠯᠪᠠᠨ ᠪᠠᠶᠢᠭᠤᠯᠭ᠎ᠠ ᠶᠢᠨ ᠬᠡᠷᠡᠭ ᠶᠠᠪᠤᠳᠠᠯ᠂ ᠲᠡᠩᠰᠨ ᠡᠪᠬᠡᠮᠡᠯ ᠲᠡᠦᠬᠡ ᠤᠶᠢᠯᠠᠯᠭ᠎ᠠ ᠵᠡᠷᠭᠡ ᠠᠵᠢᠯ ᠤᠨ | ᠦᠷ᠎ᠡ ᠪᠦᠳᠦᠮᠵᠢ ᠢᠯᠡᠷᠬᠡᠢ ᠪᠤᠯᠵᠤ᠂ ᠡᠮᠡᠭᠳᠡᠶᠢᠴᠦᠳ ᠬᠡᠦᠭᠡᠳ ᠪᠠᠭᠠᠴᠤᠳ᠂ ᠨᠠᠰᠤᠳᠠᠶᠢᠴᠤᠳ᠂ ᠵᠡᠮᠳᠡᠭᠴᠦᠳ᠂ | ᠤᠯᠠᠭᠠᠨ ᠵᠠᠯᠠᠮᠠᠭᠠᠶᠢᠳᠠᠨ ᠵᠡᠷᠭᠡ ᠠᠵᠢᠯ ᠦᠢᠯᠡᠰ ᠰᠢᠨ᠎ᠡ ᠠᠬᠢᠯᠳᠠ ᠲᠠᠢ ᠪᠤᠯᠪᠠ᠃ | ᠲᠦᠯᠦᠭᠡᠯᠡᠭᠴᠢᠳ ᠡ᠂ ᠡᠳᠡᠭᠡᠷ ᠠᠮᠵᠢᠯᠳᠠ ᠶᠢ ᠤᠯᠤᠭᠰᠠᠨ ᠨᠢ ᠬᠢᠯᠪᠡᠷ ᠪᠤᠰᠤ ᠪᠢᠯᠡ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ | ᠤᠬᠠᠭᠠᠨᠴᠢ ᠵᠢᠯᠤᠭᠤᠳᠤᠯᠭ᠎ᠠ ᠬᠢᠯᠭᠡᠭᠰᠡᠨ ᠤ ᠦᠷ᠎ᠡ ᠪᠦᠳᠦᠭᠡᠯ ᠮᠦᠨ᠂ ᠰᠢ ᠶᠢᠨ ᠫᠢᠩ ᠶᠡᠷᠦᠩᠬᠡᠢ ᠱᠦᠵᠢ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠵᠤ ᠤᠨᠴᠠᠭᠠᠶᠢᠯᠠᠨ ᠮᠠᠨ ᠤ ᠬᠤᠰᠢᠭᠤᠨ ᠳᠤ ᠮᠤᠷᠢᠯᠠᠨ ᠰᠠᠭᠠᠳᠠᠵᠤ ᠪᠠᠶᠢᠴᠠᠭᠠᠨ | ᠦᠵᠡᠬᠦ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠭᠰᠠᠨ | ᠤ ᠦᠷ᠎ᠡ ᠪᠦᠳᠦᠭᠡᠯ ᠮᠦᠨ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ | ᠪᠦᠳᠦᠭᠡᠯ ᠮᠦᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ | ᠲᠦᠷᠦ ᠶᠢᠨ ᠵᠦᠪᠯᠡᠯᠭᠡᠨ ᠤ ᠬᠢᠨᠠᠯᠳᠠ ᠲᠠᠮᠵᠢᠯᠭᠡ ᠶᠢᠨ ᠦᠷ᠎ᠡ ᠪᠦᠳᠦᠭᠡᠯ ᠮᠦᠨ᠂ ᠪᠦᠬᠦ ᠬᠤᠰᠢᠭᠤ ᠪᠠᠷ ᠢᠶᠠᠨ | ᠪᠦᠯᠬᠦᠮᠳᠡᠨ ᠲᠡᠮᠡᠴᠡᠭᠰᠡᠨ ᠤ ᠦᠷ᠎ᠡ ᠪᠦᠳᠦᠭᠡᠯ ᠮᠦᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠢ ᠲᠦᠯᠦᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ᠂ ᠵᠠᠰᠠᠭ ᠤᠨ ᠤᠷᠳᠤᠨ | ᠤ ᠠᠵᠢᠯ ᠳᠤ ᠶᠡᠭᠡ ᠬᠦᠴᠦᠨ ᠢᠶᠠᠷ ᠲᠡᠮᠵᠢᠯᠭᠡ ᠦᠭᠭᠦᠭᠰᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠬᠠᠷᠠᠴᠢᠨ ᠤ ᠬᠦᠭᠵᠢᠯᠳᠡ ᠶᠢ ᠠᠩᠬᠠᠷᠤᠨ | ᠲᠡᠮᠵᠢᠳᠡᠭ ᠡᠯ᠎ᠡ ᠡᠳᠡᠭᠡᠳ ᠤᠨ ᠨᠠᠶᠢᠵᠠ ᠨᠠᠷ ᠲᠠᠭᠠᠨ ᠡᠷᠬᠢᠮ ᠲᠡᠭᠡᠳᠦ ᠬᠦᠨᠳᠦᠴᠢᠯᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠲᠡᠪᠰᠢᠭᠦᠯᠦᠶ᠎ᠡ︕ | ᠪᠢᠳᠠ ᠠᠮᠵᠢᠯᠳᠠ ᠪᠠᠨ ᠤᠯᠵᠤ ᠬᠠᠷᠠᠬᠤ ᠶᠢᠨ ᠬᠠᠮᠳᠤ ᠠᠵᠤ ᠠᠬᠤᠢ ᠨᠡᠶᠢᠭᠡᠮ ᠤᠨ ᠦᠨᠳᠦᠷ ᠴᠢᠨᠰᠠᠭ᠎ᠠ ᠲᠠᠢ | ᠬᠦᠭᠵᠢᠬᠦᠯᠬᠦ ᠳᠤ ᠲᠤᠯᠭᠠᠷᠠᠵᠤ ᠪᠠᠶᠢᠭ᠎ᠠ ᠮᠠᠰᠢ ᠤᠯᠠᠨ ᠠᠰᠠᠭᠤᠳᠠᠯ ᠪᠠ ᠦᠷᠢᠰᠦᠯᠳᠦᠭᠡᠨ ᠢ ᠴᠤ ᠰᠡᠷᠭᠡᠭ ᠢᠶᠠᠷ ᠤᠯᠵᠤ | ᠲᠠᠨᠢᠬᠤ ᠬᠡᠷᠡᠭᠳᠡᠢ᠃ ᠭᠤᠤᠯᠳᠠᠭᠤ᠄ ᠠᠵᠤ ᠦᠢᠯᠡᠰᠵᠢᠯᠳᠡ ᠶᠢᠨ ᠬᠦᠭᠵᠢᠯᠳᠡ ᠶᠢᠨ ᠲᠡᠰ ᠲᠠᠪᠬᠤᠷᠭ᠎ᠠ ᠦᠨᠳᠦᠷ ᠪᠢᠰᠢ | ᠂ ᠪᠦᠳᠦᠴᠡ ᠨᠢ ᠵᠦᠢ ᠵᠤᠬᠢᠰ ᠦᠭᠡᠢ᠂ ᠬᠦᠭᠵᠢᠯᠳᠡ ᠶᠢᠨ ᠰᠢᠨ᠎ᠡ ᠬᠦᠳᠡᠯᠭᠡᠬᠦ ᠬᠦᠴᠦᠨ ᠢ ᠪᠠᠰᠠ ᠶᠡᠭᠡ | ᠬᠦᠴᠦᠨ ᠢᠶᠠᠷ ᠪᠤᠶᠢᠵᠢᠭᠤᠯᠬᠤ ᠴᠢᠬᠤᠯᠠ ᠲᠠᠢ ᠪᠠᠶᠢᠨ᠎ᠠ᠃ ᠠᠵᠤ ᠠᠬᠤᠢ ᠶᠢᠨ ᠪᠠᠭᠤᠷᠠᠬᠤ ᠲᠠᠷᠤᠮᠳᠠ ᠶᠡᠬᠡᠰᠴᠦ᠂ | ᠠᠷᠭ᠎ᠠ ᠮᠠᠶ᠋ᠢᠭ ᠢᠶᠠᠨ ᠬᠤᠪᠢᠷᠠᠭᠠᠨ᠂ ᠪᠦᠳᠦᠴᠡ ᠶᠢ ᠲᠤᠬᠢᠷᠠᠭᠤᠯᠬᠤ᠂ ᠬᠡᠯᠪᠡᠷᠢ ᠶᠢ ᠬᠤᠪᠢᠷᠠᠭᠠᠬᠤ ᠬᠦᠴᠢᠷ ᠤᠨ | ᠬᠡᠮᠵᠢᠶ᠎ᠡ ᠨᠡᠮᠡᠭᠳᠡᠪᠡ᠃ ᠤᠯᠠᠨ ᠨᠡᠶᠢᠳᠡ ᠶᠢᠨ ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢ ᠲᠠᠢ ᠭᠦᠢᠴᠡᠳ ᠪᠤᠰᠤ | ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠮᠠᠰᠢ ᠤᠯᠠᠨ ᠲᠤᠳᠠᠭᠤᠳᠠᠯ ᠤᠷᠤᠰᠢᠵᠤ ᠪᠠᠶᠢᠨ᠎ᠠ᠃ | ᠬᠦᠳᠡᠭᠡ ᠲᠤᠰᠬᠤᠨ ᠢ ᠨᠡᠩ ᠡᠷᠴᠢᠮᠳᠡᠢ ᠴᠡᠭᠴᠡᠯᠡᠨ ᠵᠠᠰᠠᠬᠤ ᠰᠢᠰᠲ᠋ᠧᠮ ᠢ ᠪᠠᠶᠢᠭᠤᠯᠬᠤ ᠡᠭᠦᠷᠭᠡ ᠮᠠᠰᠢ ᠬᠦᠨᠳᠤ | ᠪᠠᠶᠢᠵᠤ᠂ ᠲᠦᠷᠢᠮ ᠤᠨ ᠪᠠᠶᠢᠭᠤᠯᠤᠯᠳᠠ ᠪᠠ ᠵᠠᠰᠠᠨ ᠴᠡᠭᠴᠡᠯᠡᠬᠦ ᠴᠢᠳᠠᠪᠬᠢ ᠶᠢᠨ ᠪᠠᠶᠢᠭᠤᠯᠤᠯᠳᠠ ᠳᠤ ᠨᠡᠩ ᠶᠡᠭᠡ | ᠬᠦᠴᠦ ᠤᠷᠤᠭᠤᠯᠬᠤ ᠬᠡᠷᠡᠭᠳᠡᠢ ᠪᠠᠶᠢᠨ᠎ᠠ᠂ ᠡᠭᠦᠨ ᠤ ᠬᠠᠮᠳᠤ᠂ ᠵᠠᠷᠢᠮ ᠺᠠᠳ᠋ᠷ ᠤᠨ ᠰᠤᠷᠳᠠᠯ ᠪᠠ ᠴᠢᠳᠠᠪᠤᠷᠢ ᠨᠢ | ᠦᠨᠳᠦᠷ ᠴᠢᠨᠰᠠᠭ᠎ᠠ ᠲᠠᠢ ᠬᠦᠭᠵᠢᠬᠦᠯᠬᠦ ᠱᠠᠭᠠᠷᠳᠠᠯᠭ᠎ᠠ ᠲᠠᠢ ᠲᠤᠬᠢᠷᠠᠯᠴᠠᠬᠤ ᠦᠭᠡᠢ ᠪᠠᠶᠢᠵᠤ᠂ ᠵᠠᠰᠠᠭ ᠤᠨ | ᠰᠢᠰᠲ᠋ᠧᠮ ᠤᠨ ᠰᠤᠷᠳᠠᠯ ᠤᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ ᠪᠠᠶᠢᠬᠤ | ᠵᠡᠷᠭᠡ ᠵᠡᠷᠭᠡ ᠠᠰᠠᠭᠤᠳᠠᠯ ᠤᠳ ᠪᠤᠢ᠃ ᠪᠢᠳᠠ ᠵᠠᠪᠠᠯ ᠡᠳᠡᠭᠡᠷ ᠠᠰᠠᠭᠤᠳᠠᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠡᠷᠴᠢᠮᠳᠡᠢ ᠠᠷᠭ᠎ᠠ ᠬᠡᠮᠵᠢᠶ᠎ᠡ ᠠᠪᠴᠤ ᠦᠨᠡᠨᠬᠦ ᠰᠢᠢᠳᠪᠦᠷᠢᠯᠡᠬᠦ ᠬᠡᠷᠡᠭᠳᠡᠢ᠃ | ᠬᠤᠶᠠᠷ᠂ 2020 ᠤᠨ ᠤ ᠠᠵᠢᠯ ᠤᠨ ᠪᠠᠶᠢᠷᠢᠯᠠᠭᠤᠯᠤᠯᠳᠠ | ᠦᠨᠦ ᠵᠢᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠬᠦᠯᠭᠡ ᠶᠢ ᠰᠡᠬᠦᠯ ᠬᠤᠷᠢᠶᠠᠬᠤ ᠵᠢᠯ ᠪᠤᠯᠤᠨ᠎ᠠ᠂ ᠨᠢᠭᠡᠳᠦᠭᠡᠷ ᠵᠠᠭᠤᠨ ᠵᠢᠯ ᠤᠨ | ᠲᠡᠮᠡᠴᠡᠬᠦ ᠬᠠᠷᠠᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠂ ᠦᠨᠦ ᠵᠢᠯ ᠤᠨ ᠡᠯ᠎ᠡ ᠵᠦᠢᠯ ᠤᠨ ᠠᠵᠢᠯ ᠢᠶᠠᠨ | ᠰᠠᠶᠢᠨ ᠬᠢᠬᠦ ᠶᠢᠨ ᠤᠳᠬ᠎ᠠ ᠠᠭᠤᠯᠭ᠎ᠠ ᠲᠤᠩ ᠴᠢᠬᠤᠯᠠ ᠶᠤᠮ᠃ | ᠦᠨᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠠ ᠠᠷᠪᠠᠨ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠵᠤ | ᠤᠨᠴᠠᠭᠠᠶᠢᠯᠠᠨ ᠮᠠᠨ ᠤ ᠬᠤᠰᠢᠭᠤᠨ ᠳᠤ ᠮᠤᠷᠢᠯᠠᠨ ᠰᠠᠭᠠᠳᠠᠵᠤ ᠪᠠᠶᠢᠴᠠᠭᠠᠨ ᠦᠵᠡᠬᠦ ᠦᠶ᠎ᠡ ᠶᠢᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ | ᠪᠠᠷ ᠲᠤᠤᠱᠯᠠᠭᠤᠯᠵᠤ᠂ ᠲᠤᠭᠳᠠᠭᠤᠨ ᠢᠶᠠᠷ ᠬᠦᠭᠵᠢᠬᠦ ᠠᠵᠢᠯ ᠤᠨ ᠶᠡᠷᠦᠩᠬᠡᠢ ᠦᠨᠳᠦᠰᠦᠨ ᠤᠬᠠᠭᠳᠠᠬᠤᠨ ᠢ | ᠪᠠᠷᠢᠮᠳᠠᠯᠠᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠵᠤ᠂ ︽ᠠᠮᠢ ᠠᠬᠤᠢ ᠶᠢ ᠡᠩ | ᠲᠡᠷᠢᠭᠦᠨ ᠳᠤ ᠪᠠᠶᠢᠯᠭᠠᠵᠤ᠂ ᠪᠤᠬᠢᠷᠳᠤᠯ ᠦᠭᠡᠢ ᠬᠦᠭᠵᠢᠬᠦᠯᠬᠦ︾ ᠦᠨᠳᠦᠷ ᠴᠢᠨᠰᠠᠭ᠎ᠠ ᠲᠠᠢ ᠬᠦᠭᠵᠢᠯᠳᠡ ᠶᠢᠨ | ᠱᠠᠭᠠᠷᠳᠠᠯᠭ᠎ᠠ ᠶᠢ ᠪᠠᠷᠢᠮᠳᠠᠯᠠᠨ᠂ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ | ᠲᠡᠮᠡᠴᠡᠨ ᠤᠯᠵᠤ᠂ ᠲᠤᠭᠳᠠᠭᠤᠨ ᠢᠶᠠᠷ ᠨᠡᠮᠡᠭᠳᠡᠬᠦᠯᠵᠤ᠂ ᠦᠭᠡᠷᠡᠴᠢᠯᠡᠯᠳᠡ ᠶᠢ ᠠᠬᠢᠭᠤᠯᠤᠨ᠂ ᠪᠦᠳᠦᠴᠡ ᠶᠢ | ᠲᠤᠬᠢᠷᠠᠭᠤᠯᠵᠤ᠂ ᠠᠷᠠᠳ ᠤᠨ ᠠᠮᠢᠳᠤᠷᠠᠯ ᠳᠤ ᠬᠠᠷᠠᠭᠠᠯᠵᠠᠯᠠᠯ ᠦᠵᠡᠬᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠨ᠂ | ᠲᠤᠭᠳᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠢᠭᠡᠳᠦᠯᠵᠢᠬᠦᠯᠦᠨ ᠠᠬᠢᠭᠤᠯᠵᠤ᠂ ᠪᠦᠬᠦ ᠲᠠᠯ᠎ᠠ ᠪᠠᠷ | ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ | ᠶᠢ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃ | ᠦᠨᠦ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠪᠤᠯᠬᠤ ᠠᠵᠤ | ᠠᠬᠤᠢ ᠶᠢᠨ ᠨᠤᠷᠮ᠎ᠠ ᠶᠢᠨ ᠨᠡᠮᠡᠭᠳᠡᠯ ᠢ ᠪᠦᠬᠦ ᠬᠤᠳᠠ ᠲᠡᠭᠰᠢᠳᠭᠡᠭᠰᠡᠨ ᠬᠢᠷᠢ ᠬᠡᠮᠵᠢᠶ᠎ᠡ ᠠᠴᠠ ᠲᠤᠤᠷ᠎ᠠ ᠪᠠᠶᠢᠯᠭᠠᠬᠤ | ᠦᠭᠡᠢ᠃ ᠲᠤᠤᠷᠠᠬᠢ ᠮᠡᠳᠦ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠨ ᠬᠢᠬᠦ ᠬᠡᠷᠡᠭᠳᠡᠢ᠄ | ︵ᠨᠢᠭᠡ︶ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠤᠨ᠎ᠠ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠨ ᠡᠷᠡᠰ ᠢᠯᠡᠨ᠎ᠡ᠃ ︽ᠬᠤᠶᠠᠷ ᠲᠤ ᠰᠠᠨᠠᠭ᠎ᠠ | ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠪᠠᠷᠢᠮᠵᠢᠶ᠎ᠠ ᠶᠢᠨ ᠱᠠᠭᠠᠷᠳᠠᠯᠭ᠎ᠠ ᠪᠠ ︽ᠲᠦᠷᠪᠡ ᠶᠢ ᠠᠪᠴᠦ ᠬᠠᠶᠠᠬᠤ | ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠵᠤ᠂ ︽ᠭᠤᠷᠪᠠ ᠨᠢ ᠨᠢᠭᠡ ᠶᠢ ᠬᠠᠪᠰᠤᠷᠬᠤ︾ | ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠤᠨᠤᠴᠢᠳᠠᠢ ᠲᠡᠳᠬᠦᠨ ᠲᠡᠮᠵᠢᠵᠦ᠂ 309 ᠶᠠᠳᠠᠭᠤ ᠬᠦᠴᠢᠷᠳᠡᠢ ᠬᠦᠮᠦᠨ | ᠠᠮᠠ ᠶᠢ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠨᠢ ᠲᠤᠭᠳᠠᠭᠤᠨ ᠢᠶᠠᠷ ᠠᠩᠬᠢᠵᠢᠷᠠᠭᠤᠯᠬᠤ ᠶᠢ ᠪᠠᠳᠤᠯᠠᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ 101 ᠲᠦᠷᠦᠯ ᠵᠦᠢᠯ᠂ ᠬᠦᠴᠦᠷᠬᠡᠭ ᠢ ᠲᠡᠮᠵᠢᠵᠦ ᠶᠠᠳᠠᠭᠤ ᠶᠢ | ᠲᠠᠶᠢᠴᠢᠯᠠᠬᠤ ᠠᠵᠤ ᠦᠢᠯᠡᠰ ᠤᠨ ᠱᠠᠩᠨᠠᠨ ᠨᠦᠬᠦᠪᠦᠷᠢᠯᠡᠬᠦ 39 ᠲᠦᠷᠦᠯ ᠵᠦᠢᠯ ᠢ ᠰᠠᠶᠢᠳᠦᠷ ᠬᠡᠷᠡᠭᠵᠢᠬᠦᠯᠵᠦ᠂ | ᠠᠵᠤ ᠦᠢᠯᠡᠰ ᠢᠶᠠᠷ ᠶᠠᠳᠠᠭᠤ ᠶᠢ ᠲᠡᠳᠭᠦᠭᠰᠡᠨ ᠦᠷ᠎ᠡ ᠪᠦᠳᠦᠮᠵᠢ ᠶᠢ ᠦᠷᠭᠦᠯᠵᠢᠯᠡᠨ ᠪᠠᠳᠤᠳᠬᠠᠵᠤ᠂ ᠶᠠᠳᠠᠭᠤ | ᠬᠦᠴᠢᠷᠳᠠᠢ ᠬᠦᠮᠦᠨ ᠠᠮᠠ ᠶᠢ ᠲᠠᠶᠢᠴᠢᠯᠠᠨ ᠤᠷᠤᠯᠭ᠎ᠠ ᠶᠢ ᠨᠢ ᠲᠤᠭᠳᠠᠭᠤᠨ ᠢᠶᠠᠷ ᠨᠡᠮᠡᠭᠳᠡᠭᠦᠯᠦᠨ᠎ᠡ᠃ ᠨᠤᠷᠠᠬᠤ | ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠵᠢᠯ ᠤᠨ ᠡᠭᠦᠷᠭᠡ ᠪᠠᠨ ᠪᠡᠶᠡᠯᠡᠭᠦᠯᠵᠦ᠂ ᠠᠮᠤᠷ ᠲᠦᠪᠰᠢᠨ ᠤᠰᠤ | ᠤᠤᠭᠤᠬᠤ ᠠᠰᠠᠭᠤᠳᠠᠯ ᠢ ᠰᠠᠶᠢᠳᠤᠷ ᠰᠢᠢᠳᠪᠦᠷᠢᠯᠡᠨ᠎ᠡ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭ᠎ᠠ᠂ ᠪᠠᠷᠠᠭᠤᠨ ᠬᠤᠳᠠ ᠲᠤᠭᠤᠷᠢᠭ ᠪᠠ ᠪᠤᠤ ᠯᠢ ᠪᠦᠯᠦᠭᠯᠡᠯ ᠤᠨ ᠴᠢᠭ᠋ ᠲᠤᠭᠳᠠᠭᠠᠨ ᠬᠠᠪᠰᠤᠷᠤᠨ | ᠲᠡᠳᠬᠦᠬᠦ ᠬᠠᠮᠵᠢᠯᠴᠠᠭ᠎ᠠ ᠪᠠᠨ ᠭᠦᠨᠵᠡᠭᠡᠶᠢᠷᠡᠬᠦᠯᠵᠦ᠂ ᠬᠠᠪᠰᠤᠷᠤᠨ ᠲᠡᠳᠬᠦᠬᠦ ᠬᠠᠮᠵᠢᠯᠴᠠᠭᠠᠨ ᠤ 22 ᠲᠦᠷᠦᠯ | ᠵᠦᠢᠯ ᠢ ᠪᠦᠳᠦᠭᠡᠨ ᠪᠠᠶᠢᠭᠤᠯᠵᠤ ᠠᠰᠢᠭᠯᠠᠯᠳᠠ ᠳᠤ ᠤᠷᠤᠭᠤᠯᠬᠤ ᠶᠢ ᠠᠬᠢᠭᠤᠯᠤᠨ᠂ ᠶᠠᠳᠠᠭᠤ ᠶᠢ ᠲᠡᠳᠬᠦᠵᠦ | ᠶᠠᠳᠠᠭᠤ ᠶᠢ ᠲᠠᠶᠢᠴᠢᠯᠠᠬᠤ ᠦᠷ᠎ᠡ ᠠᠰᠢᠭ ᠢ ᠪᠦᠷᠢᠨ ᠭᠦᠢᠴᠡᠳ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠵᠤᠷᠢᠭ ᠢ | ᠨᠢ ᠲᠡᠳᠬᠦᠬᠦ ᠠᠵᠢᠯᠯᠠᠭ᠎ᠠ ᠶᠢ ᠦᠷᠨᠢᠬᠦᠯᠵᠦ᠂ ᠶᠠᠳᠠᠭᠤ ᠬᠦᠴᠢᠷᠳᠡᠢ ᠤᠯᠠᠨ ᠲᠦᠮᠡᠨ ᠤ ᠲᠤᠳᠤᠭᠠᠳᠤ ᠶᠢᠨ ᠬᠦᠳᠡᠯᠭᠡᠬᠦ | ᠬᠦᠴᠦᠨ ᠢ ᠬᠦᠭᠵᠢᠭᠡᠨ᠎ᠡ᠃ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠢᠶᠠᠷᠤᠯᠳᠠ ᠪᠠᠨ ᠴᠢᠩᠭᠠᠳᠬᠠᠵᠤ᠂ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠤᠤᠱᠯᠠᠭᠤᠯᠵᠤ᠂ ᠶᠠᠳᠠᠭᠤ ᠶᠢ ᠲᠡᠳᠬᠦᠬᠦ | ᠡᠳ᠋ ᠬᠦᠷᠦᠩᠭᠡ ᠶᠢ ᠬᠡᠷᠡᠭᠯᠡᠬᠦ ᠦᠷ᠎ᠡ ᠠᠰᠢᠭ ᠢ ᠲᠡᠭᠡᠭᠰᠢᠯᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ | ᠤᠷᠳᠤᠮᠵᠢ ᠶᠢᠨ ᠲᠤᠭᠳᠠᠯᠴᠠᠭ᠎ᠠ ᠶᠢ ᠪᠦᠷᠢᠰᠢᠭᠦᠯᠦᠨ ᠲᠤᠭᠳᠠᠪᠤᠷᠢᠵᠢᠭᠤᠯᠵᠤ᠂ ᠤᠯᠤᠰ ᠤᠨ ᠶᠠᠳᠠᠭᠤ ᠠᠴᠠ | ᠠᠩᠬᠢᠵᠢᠷᠠᠭᠤᠯᠵᠦ ᠰᠢᠪᠳᠤᠯᠤᠯᠳᠠ ᠬᠢᠬᠦ ᠨᠡᠶᠢᠳᠡᠮ ᠪᠠᠶᠢᠴᠠᠭᠠᠯᠳᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ | ᠬᠢᠵᠦ᠂ ᠶᠠᠳᠠᠭᠤ ᠠᠴᠠ ᠠᠩᠬᠢᠵᠢᠷᠠᠭᠤᠯᠤᠭᠰᠠᠨ ᠴᠢᠨᠠᠷ ᠴᠢᠨᠰᠠᠭ᠎ᠠ ᠪᠠ ᠲᠠᠬᠢᠨᠳᠠ ᠶᠠᠳᠠᠭᠤᠷᠠᠬᠤ ᠲᠦᠭᠰᠢᠭᠦᠷᠢ ᠶᠢᠨ | ᠬᠢᠨᠠᠯᠳᠠ ᠪᠠᠨ ᠴᠢᠩᠭᠠᠳᠬᠠᠨ᠂ ᠤᠨᠤᠴᠢᠳᠠᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ | ᠨᠢ ᠲᠤᠭᠳᠠᠭᠠᠵᠤ᠂ ᠶᠠᠳᠠᠭᠤ ᠬᠦᠴᠢᠷᠳᠡᠯ ᠰᠢᠨ᠎ᠡ ᠪᠠᠷ ᠨᠡᠮᠡᠭᠳᠡᠬᠦ ᠶᠢ ᠰᠡᠷᠭᠡᠶᠢᠯᠡᠨ᠂ ᠶᠠᠳᠠᠭᠤ ᠠᠴᠠ | ᠠᠩᠬᠢᠵᠢᠷᠠᠭᠤᠯᠤᠭᠰᠠᠨ ᠦᠷ᠎ᠡ ᠪᠦᠳᠦᠭᠡᠯ ᠢ ᠦᠷᠭᠦᠯᠵᠢᠯᠡᠨ ᠪᠠᠳᠤᠳᠬᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠨ᠎ᠡ᠃ ᠲᠦᠪ ᠬᠤᠷᠢᠶᠠᠨ ᠤ | ᠤᠷᠴᠢᠨ ᠲᠤᠭᠤᠷᠢᠨ ᠤ ᠬᠢᠨᠠᠨ ᠪᠠᠶᠢᠴᠠᠭᠠᠯᠳᠠ ᠵᠢᠴᠢ ︽ᠡᠷᠬᠢᠵᠦ ᠬᠠᠷᠠᠬᠤ︾᠂ ᠦᠪᠡᠷᠳᠡᠭᠡᠨ ᠵᠠᠰᠠᠬᠤ ᠤᠷᠤᠨ ᠤ | ᠤᠷᠴᠢᠨ ᠲᠤᠭᠤᠷᠢᠨ ᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ | ᠨᠠᠷᠢᠨ ᠬᠢᠨᠠᠮᠠᠭᠠᠢ ᠰᠠᠶᠢᠳᠤᠷ ᠬᠢᠵᠦ᠂ ᠠᠰᠠᠭᠤᠳᠠᠯ ᠢ ᠴᠡᠭᠴᠡᠯᠡᠨ ᠵᠠᠰᠠᠵᠤ ᠪᠦᠬᠦᠨ ︽ᠴᠡᠪᠡᠷᠯᠡᠬᠦ︾ ᠶᠢ ᠪᠠᠳᠤᠯᠠᠬᠤ | ᠬᠡᠷᠡᠭᠳᠡᠢ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ 4+2 ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠬᠦᠯᠵᠦ᠂ | 6 ᠰᠠᠷ᠎ᠠ ᠶᠢᠨ ᠡᠴᠦᠰ ᠪᠤᠯᠬᠤ ᠳᠤ ᠰᠠᠨ ᠳ᠋ᠤᠤ ᠶᠢᠩᠽᠢ ᠶᠢᠨ ᠨᠡᠭᠦᠷᠡᠰᠦ ᠮᠠᠯᠳᠠᠵᠤ ᠴᠦᠮᠦᠷᠦᠨ ᠬᠤᠳᠦᠶᠢᠭ᠌ᠰᠠᠨ | ᠠᠭᠤᠯᠠ ᠠᠭᠤᠷᠬᠠᠢ ᠶᠢᠨ ᠭᠠᠵᠠᠷ ᠰᠢᠨᠵᠢᠯᠡᠭᠡ ᠶᠢᠨ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠡᠭᠦᠷᠭᠡ ᠶᠢ | ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠪᠠ ᠪᠢᠨ ᠯᠠᠩ ᠭᠧᠦ ᠴᠤᠬᠤᠢ ᠶᠢᠨ ᠴᠢᠯᠠᠭᠤᠯᠢᠭ ᠤᠨ ᠠᠭᠤᠷᠬᠠᠢ ᠶᠢ | ᠶᠡᠷᠦᠩᠭᠡᠶᠢᠯᠡᠨ ᠵᠠᠰᠠᠬᠤ ᠠᠵᠢᠯ ᠤᠨ ᠱᠠᠳᠤ ᠦᠶ᠎ᠡ ᠶᠢᠨ ᠴᠢᠨᠠᠷᠳᠠᠢ ᠠᠮᠵᠢᠯᠳᠠ ᠤᠯᠬᠤ ᠶᠢ ᠪᠠᠳᠤᠯᠠᠬᠤ ᠬᠡᠷᠡᠭᠳᠡᠢ᠃ | ᠠᠭᠠᠷ᠂ ᠤᠰᠤ᠂ ᠬᠦᠷᠦᠰᠦ ᠵᠡᠷᠭᠡ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ | ᠭᠦᠨᠵᠡᠭᠡᠢ ᠬᠡᠷᠡᠭᠵᠢᠬᠦᠯᠵᠦ᠂ ᠨᠡᠭᠦᠷᠡᠰᠦᠨ ᠤᠳᠤᠭᠠᠨ ᠤ ᠪᠤᠬᠢᠷᠳᠤᠯᠳᠤ ᠠᠭᠠᠷ᠂ ᠠᠵᠤ ᠦᠢᠯᠡᠳᠪᠦᠷᠢ ᠶᠢᠨ | ᠬᠠᠶᠠᠭᠳᠠᠮᠠᠯ ᠬᠡᠢ᠂ ᠲᠤᠭᠤᠰᠤ ᠲᠤᠷᠤᠮ ᠵᠡᠷᠭᠡ ᠪᠤᠬᠢᠷᠳᠤᠯ ᠢ ᠦᠷᠭᠦᠯᠵᠢ ᠶᠢᠨ ᠴᠢᠨᠠᠷᠳᠠᠢ ᠰᠡᠷᠭᠡᠶᠢᠯᠡᠬᠦ ᠠᠷᠭ᠎ᠠ | ᠬᠡᠮᠵᠢᠶ᠎ᠡ ᠶᠢ ᠪᠦᠷᠢᠨᠰᠢᠭᠦᠯᠦᠨ᠂ ᠠᠭᠠᠷ ᠠᠮᠢᠰᠬᠤᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ | ᠬᠡᠷᠡᠭᠳᠡᠢ᠃ ᠭᠤᠤᠯ ᠤᠨ ᠲᠠᠷᠤᠭ᠎ᠠ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠯᠤᠤᠬ᠎ᠠ ᠶᠢᠨ ᠭᠤᠤᠯ ᠤᠨ ᠲᠡᠭᠡᠳᠦ | ᠤᠷᠤᠰᠬᠠᠯ ᠤᠨ ᠠᠮᠢ ᠠᠬᠤᠢ ᠬᠠᠮᠠᠭᠠᠯᠠᠯᠳᠠ ᠪᠠ ᠤᠷᠴᠢᠨ ᠲᠤᠭᠤᠷᠢᠨ ᠢ ᠴᠡᠭᠴᠡᠯᠡᠨ ᠵᠠᠰᠠᠬᠤ ︽ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠭᠡ︾ ᠶᠢ ᠯᠠᠪᠳᠠᠭᠤᠨ ᠢᠶᠠᠷ ᠠᠬᠢᠭᠤᠯᠵᠤ᠂ ᠰᠢᠪᠡᠭᠡ ᠭᠤᠤᠯ ᠤᠨ ᠸᠠᠩ ᠶᠧ ᠳ᠋ᠢᠶᠠᠨ ᠤ | ᠬᠦᠬᠦᠷᠭᠡ ᠠᠴᠠ ᠵᠢᠨᠱᠠᠨ ᠬᠤᠳᠠ ᠲᠤᠭᠤᠷᠢᠭ ᠬᠦᠷᠬᠦ 43 ᠺᠢᠯᠤᠮᠧᠲᠷ᠂ ᠯᠦᠩᠱᠡᠨ ᠶᠡᠭᠡ ᠬᠦᠬᠦᠷᠭᠡ ᠠᠴᠠ ᠵᠢᠨᠱᠠᠨ | ᠬᠤᠳᠠ ᠲᠤᠭᠤᠷᠢᠭ ᠬᠦᠷᠬᠦ 3.2 ᠺᠢᠯᠤᠮᠧᠲᠷ᠂ ᠡᠮᠡᠭᠡᠯ ᠠᠭᠤᠯᠠ ᠭᠤᠤᠯ ᠤᠨ ᠬᠤᠶᠠᠳᠤᠭᠠᠷ ᠬᠤᠭᠤᠴᠠᠭᠠᠨ ᠤ 5 | ᠺᠢᠯᠤᠮᠧᠲᠷ ᠤᠨ ᠭᠤᠤᠯ ᠤᠨ ᠭᠤᠯᠳᠤᠷᠢᠯ ᠢ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ ᠵᠢᠵᠢᠭ ᠤᠷᠤᠰᠬᠠᠯ ᠤᠨ 3 | ᠲᠦᠮᠡᠨ ᠮᠤ᠋ ᠰᠠᠪᠠ ᠭᠠᠵᠠᠷ ᠢ ᠶᠡᠷᠦᠩᠬᠡᠶᠢᠯᠡᠨ ᠵᠠᠰᠠᠵᠤ᠂ ᠠᠮᠢ ᠠᠬᠤᠢ ᠶᠢᠨ ᠠᠷᠢᠭᠤᠨ ᠴᠡᠪᠡᠷ ᠤᠷᠤᠨ ᠪᠤᠯᠭᠠᠨ᠎ᠠ᠃ | ᠬᠦᠷᠦᠰᠦᠨ ᠤ ᠪᠤᠬᠢᠷᠳᠤᠯ ᠢ ᠦᠷᠭᠦᠯᠵᠢᠯᠡᠨ ᠰᠡᠷᠭᠡᠶᠢᠯᠡᠨ ᠵᠠᠰᠠᠵᠤ᠂ ᠤᠤᠯ ᠤᠨ ᠤᠯᠠᠭᠠᠨᠬᠠᠳᠠ ᠶᠢᠨ ᠶᠦᠨ ᠲᠦᠩ | ᠵᠡᠰ ᠤᠨ ᠦᠢᠯᠡᠳᠪᠦᠷᠢ ᠶᠢᠨ ᠬᠦᠷᠢᠶ᠎ᠡ ᠵᠢᠴᠢ ᠦᠯᠡᠳᠡᠭᠳᠡᠯ ᠬᠦᠳᠡᠷ ᠤᠨ ᠬᠦᠮᠦᠷᠭᠡ ᠶᠢᠨ ᠬᠦᠷᠦᠰᠦ ᠰᠢᠷᠦᠢ ᠶᠢ | ᠵᠠᠰᠠᠨ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠬᠦᠯᠦᠨ᠎ᠡ᠃ | ᠲᠤᠮᠤ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠰᠠᠶᠢᠳᠤᠷ | ᠬᠢᠨ᠎ᠡ᠃ ᠠᠷᠭ᠎ᠠ ᠪᠤᠳᠤᠯᠭ᠎ᠠ ᠶᠢ ᠶᠡᠷᠦᠩᠭᠡᠶᠢᠯᠡᠨ ᠬᠡᠷᠡᠭᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠬᠦ ᠶᠢ ᠪᠠᠷᠢᠮᠳᠠᠯᠠᠵᠤ᠂ ᠪᠦᠬᠦ ᠬᠦᠴᠦᠨ ᠢᠶᠠᠷ ᠢᠶᠠᠨ ᠴᠠᠯᠢᠩ ᠢ ᠪᠠᠳᠤᠯᠠᠵᠦ᠂ ᠡᠷᠭᠢᠯᠳᠡ ᠶᠢ ᠪᠠᠳᠤᠯᠠᠵᠦ᠂ | ᠠᠷᠠᠳ ᠤᠨ ᠠᠮᠢᠳᠤᠷᠠᠯ ᠢ ᠪᠠᠳᠤᠯᠠᠨ᠂ ᠵᠠᠰᠠᠭ ᠤᠨ ᠤᠷᠳᠤᠨ ᠤ ᠪᠦᠬᠦ ᠵᠢᠯ ᠤᠨ ᠦᠷᠢ ᠰᠢᠷᠢ ᠪᠠᠨ ᠨᠠᠮᠳᠠᠭᠤᠯᠬᠤ | ᠡᠭᠦᠷᠭᠡ ᠪᠠᠨ ᠪᠡᠶᠡᠯᠡᠬᠦᠯᠦᠨ᠎ᠡ᠃ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠲᠤᠮᠳᠠ ᠵᠢᠵᠢᠭ ᠠᠵᠤ | ᠠᠬᠤᠶᠢᠯᠠᠯ ᠳᠤ ᠦᠷᠢᠳᠡᠵᠦ ᠪᠠᠶᠢᠭ᠎ᠠ ᠲᠠᠩᠰᠡᠨ ᠤ ᠵᠤᠭᠤᠰ ᠪᠦᠬᠦᠨ ᠢ ᠴᠡᠪᠡᠷᠯᠡᠵᠦ᠂ ᠦᠷᠢ ᠶᠢᠨ ᠠᠶᠤᠯ | ᠲᠦᠭᠰᠢᠭᠦᠷᠢ ᠶᠢᠨ ᠲᠡᠰ ᠢ ᠡᠷᠴᠢᠮᠳᠡᠢ ᠪᠠᠭᠤᠷᠠᠭᠤᠯᠤᠨ᠎ᠠ᠃ ᠮᠦᠩᠭᠦᠨ ᠭᠦᠢᠯᠭᠡᠭᠡᠨ ᠤ ᠵᠠᠬ᠎ᠠ ᠲᠡᠯᠭᠡᠭᠦᠷ ᠤᠨ | ᠰᠤᠯᠢᠯᠴᠠᠭᠠᠨ ᠤ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ᠂ ᠦᠨᠳᠦᠷ ᠬᠦᠦ | ᠲᠠᠢ ᠵᠢᠭᠡᠯᠡᠯᠭᠡ᠂ ᠪᠠᠰᠢᠷᠳᠤ ᠵᠢᠭᠡᠯᠡᠯᠭᠡ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ | ᠴᠤᠬᠢᠯᠳᠠ ᠦᠭᠭᠦᠨ᠎ᠡ᠃ ᠮᠦᠩᠭᠦᠨ ᠭᠦᠢᠯᠭᠡᠭᠡᠨ ᠤ ᠲᠦᠭᠰᠢᠭᠦᠷᠢ ᠶᠢᠨ ᠬᠢᠨᠠᠯᠳᠠ᠂ ᠤᠷᠢᠳᠴᠢᠯᠠᠨ ᠰᠡᠷᠡᠮᠵᠢᠯᠡᠬᠦᠯᠬᠦ | ᠪᠠ ᠰᠢᠢᠳᠪᠦᠷᠢᠯᠡᠬᠦ ᠲᠤᠭᠳᠠᠯᠴᠠᠭ᠎ᠠ ᠶᠢ ᠪᠠᠶᠢᠭᠤᠯᠵᠤ᠂ ᠨᠧᠲ ᠰᠦᠯᠵᠢᠶᠡᠨ ᠤ ᠮᠦᠩᠭᠦᠨ ᠭᠦᠢᠯᠭᠡᠭᠡ ᠵᠡᠷᠭᠡ ᠪᠠᠭᠤᠷᠠᠢ | ᠭᠤᠭᠴᠤᠭᠠᠨ ᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨ᠂ ᠮᠦᠩᠭᠦᠨ ᠭᠦᠢᠯᠭᠡᠭᠡᠨ ᠤ ᠬᠦᠳᠡᠯᠭᠡᠭᠡᠨ ᠢ ᠬᠢᠨᠠᠨ | ᠬᠠᠮᠢᠶᠠᠷᠬᠤ ᠪᠦᠬᠦ ᠪᠦᠷᠬᠦᠴᠡ ᠶᠢ ᠪᠡᠶᠡᠯᠡᠬᠦᠯᠦᠨ᠎ᠡ᠃ | ︵ᠬᠤᠶᠠᠷ︶ ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠬᠦᠯᠦᠨ᠎ᠡ | ᠲᠠᠷᠢᠶᠠᠯᠠᠩ ᠠᠵᠤ ᠠᠬᠤᠢ ᠶᠢᠨ ᠦᠨᠳᠦᠷ ᠴᠢᠨᠰᠠᠭ᠎ᠠ ᠲᠠᠢ ᠬᠦᠭᠵᠢᠯᠳᠡ ᠶᠢ ᠠᠬᠢᠭᠤᠯᠤᠨ᠎ᠠ᠃ ᠵᠢᠯ ᠳᠤ | ᠲᠦᠬᠦᠭᠡᠷᠦᠮᠵᠢᠳᠦ ᠲᠠᠷᠢᠶᠠᠯᠠᠩ ᠢ 1 ᠲᠦᠮᠡᠨ ᠮᠤ᠋ ᠰᠢᠨ᠎ᠡ ᠪᠠᠷ ᠨᠡᠮᠡᠵᠦ᠂ 5000 ᠮᠤ᠋ ᠠᠵᠤ ᠠᠬᠤᠢ ᠶᠢᠨ ᠤᠢ ᠶᠢ | ᠰᠢᠨ᠎ᠡ ᠪᠠᠷ ᠪᠠᠶᠢᠭᠤᠯᠤᠨ᠎ᠠ᠂ 2 ᠲᠦᠮᠡᠨ ᠮᠤ᠋ ᠤᠰᠤ ᠠᠷᠪᠢᠯᠠᠬᠤ ᠦᠨᠳᠦᠷ ᠪᠦᠳᠦᠮᠵᠢᠳᠦ ᠲᠠᠷᠢᠶᠠᠯᠠᠩ ᠢ | ᠬᠡᠷᠡᠭᠵᠢᠬᠦᠯᠵᠦ᠂ ᠬᠢᠳᠡᠳ ᠡᠮ ᠤᠨ ᠮᠠᠲ᠋ᠧᠷᠢᠶᠡᠯ᠂ ᠬᠠᠳᠠᠭᠤ ᠵᠢᠮᠢᠰᠳᠤ ᠲᠦᠪᠡᠳ ᠬᠠᠰᠢ᠂ ᠠᠭᠤᠯᠠᠨ ᠦᠵᠦᠮ ᠵᠡᠷᠭᠡ | ᠤᠨᠴᠠᠯᠢᠭᠳᠤ ᠲᠠᠷᠢᠮᠠᠯ ᠤᠨ ᠲᠠᠷᠢᠬᠤ ᠲᠠᠯᠠᠪᠠᠢ ᠶᠢ 33 ᠲᠦᠮᠡᠨ ᠮᠤ᠋ ᠠᠴᠠ ᠲᠡᠭᠡᠭᠰᠢ ᠪᠠᠶᠢᠯᠭᠠᠬᠤ ᠶᠢ ᠪᠠᠷᠢᠮᠳᠠᠯᠠᠨ᠂ | ᠰᠢᠪᠡᠭᠡ ᠭᠤᠤᠯ ᠲᠠᠭᠠᠤ ᠤᠨᠴᠠᠯᠢᠭᠳᠤ ᠲᠠᠷᠢᠮᠠᠯ ᠲᠠᠷᠢᠬᠤ 40 ᠺᠢᠯᠤᠮᠧᠲᠷ ᠤᠨ ᠪᠦᠰᠡ ᠶᠢ ᠪᠦᠷᠢᠯᠳᠤᠭᠦᠯᠦᠨ᠎ᠡ᠃ 2 | ᠲᠦᠮᠡᠨ ᠮᠢᠬᠠᠨ ᠤ ᠦᠬᠡᠷ᠂ 1000 ᠲᠦᠮᠡᠨ ᠵᠢᠭᠦᠷᠳᠡᠨ ᠲᠡᠵᠢᠭᠡᠬᠦ ᠶᠢ ᠰᠢᠨ᠎ᠡ ᠪᠠᠷ ᠨᠡᠮᠡᠭᠳᠡᠭᠦᠯᠦᠨ᠂ | ᠬᠡᠪᠴᠢᠶᠡᠵᠢᠬᠦᠯᠦᠨ ᠲᠡᠵᠢᠭᠡᠬᠦ 20 ᠪᠠᠭ᠎ᠠ ᠲᠤᠭᠤᠷᠢᠭ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠵᠤ᠂ | ᠬᠡᠪᠴᠢᠶᠡᠵᠢᠬᠦᠯᠦᠨ ᠲᠡᠵᠢᠭᠡᠵᠦ ᠦᠷᠡᠵᠢᠬᠦᠯᠬᠦ ᠬᠠᠷᠢᠴᠠᠯ 53 % ᠠᠴᠠ ᠲᠡᠭᠡᠭᠰᠢ ᠪᠤᠯᠭᠠᠨ᠎ᠠ᠃ ᠲᠠᠷᠢᠶᠠᠯᠠᠩ | ᠮᠠᠯᠵᠢᠯ ᠤᠨ ᠪᠦᠳᠦᠭᠡᠭᠳᠡᠭᠦᠨ ᠤ ᠴᠢᠨᠠᠷ ᠴᠢᠨᠰᠠᠭᠠᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠤᠨ ᠪᠦᠳᠦᠭᠡᠭᠳᠡᠭᠦᠨ ᠤ ᠪᠠᠷᠢᠮᠵᠢᠶ᠎ᠠ ᠶᠢᠨ ᠰᠢᠰᠲ᠋ᠧᠮ ᠪᠠ ᠪᠦᠬᠦᠶᠢᠯᠡ | ᠶᠠᠪᠤᠴᠠ ᠶᠢ ᠮᠦᠷᠳᠡᠬᠦ ᠰᠢᠰᠲ᠋ᠧᠮ ᠤᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯᠵᠢᠯ ᠤᠨ | ᠰᠢᠯᠢᠳᠡᠭ ᠪᠦᠳᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠤᠨ ᠪᠦᠳᠦᠭᠡᠭᠳᠡᠭᠦᠨ ᠤ ᠤᠷᠤᠨ | ᠪᠦᠰᠡ ᠶᠢᠨ ᠤᠯᠠᠨ ᠨᠡᠶᠢᠳᠡ ᠶᠢᠨ ᠨᠡᠷᠡᠳᠦ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠵᠤ᠂ ︽ᠭᠤᠷᠪᠠᠨ | ᠪᠦᠳᠦᠭᠡᠭᠳᠡᠭᠦᠨ ᠨᠢᠭᠡ ᠪᠠᠷᠢᠮᠵᠢᠶ᠎ᠠ︾ ᠪᠠᠷ ᠦᠨᠡᠯᠡᠨ ᠲᠤᠭᠳᠠᠭᠠᠭᠰᠠᠨ ᠲᠠᠷᠢᠶᠠᠯᠠᠩ ᠤᠨ 6 ᠪᠦᠳᠦᠭᠡᠭᠳᠡᠭᠦᠨ ᠢ ᠰᠢᠨ᠎ᠡ | ᠪᠠᠷ ᠨᠡᠮᠡᠭᠳᠡᠭᠦᠯᠦᠨ᠎ᠡ᠃ ᠵᠧᠩ ᠪᠠᠩ ᠭᠠᠭ᠋ᠠᠢ ᠲᠡᠵᠢᠭᠡᠵᠦ ᠦᠷᠡᠵᠢᠬᠦᠯᠬᠦ ᠲᠦᠷᠦᠯ ᠵᠦᠢᠯ ᠢ ᠡᠬᠢᠯᠡᠨ ᠬᠡᠷᠡᠭᠵᠢᠬᠦᠯᠵᠦ᠂ | ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ ᠤᠨ | ᠲᠤᠷᠰᠢᠯᠳᠠ ᠶᠢᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠂ ᠱᠧᠦ ᠨᠦᠩ ᠪᠦᠯᠦᠭᠯᠡᠯ ᠤᠨ ᠱᠤᠸᠠᠩ ᠴᠢᠶᠤᠤ | ᠲᠠᠷᠢᠶᠠᠯᠠᠩ ᠤᠨ ᠲᠠᠯᠠᠪᠠᠢ ᠶᠢᠨ ᠪᠠᠷᠢᠮᠵᠢᠶᠠᠵᠢᠭᠰᠠᠨ ᠲᠠᠷᠢᠶᠠᠨ ᠴᠢᠬᠢ ᠪᠤᠶᠢᠵᠢᠭᠤᠯᠬᠤ ᠦᠢᠯᠡᠳᠪᠦᠷᠢ ᠶᠢ ᠪᠠᠶᠢᠭᠤᠯᠤᠨ | ᠡᠵᠡᠩᠨᠡᠯᠳᠡ ᠬᠢᠬᠦ ᠪᠠᠳᠤᠯᠠᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠪᠠ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰᠵᠢᠯᠳᠡ ᠶᠢᠨ ᠬᠤᠯᠪᠤᠭᠠᠳᠤ ᠴᠤᠭᠴᠠ ᠶᠢ ᠶᠡᠬᠡᠪᠡᠷ ᠪᠤᠶᠢᠵᠢᠭᠤᠯᠵᠤ᠂ | ᠬᠦᠳᠡᠭᠡ ᠲᠤᠰᠬᠤᠨ ᠤ ︽ᠡᠯᠧᠺᠲᠷᠤᠨ ᠬᠤᠳᠠᠯᠳᠤᠭ᠎ᠠ+ ᠪᠤᠳᠠᠰ ᠤᠨ ᠭᠦᠢᠯᠭᠡᠭᠡ︾ ᠶᠢᠨ ᠰᠢᠰᠲ᠋ᠧᠮ ᠤᠨ | ᠪᠠᠶᠢᠭᠤᠯᠤᠯᠳᠠ ᠶᠢ ᠵᠤᠷᠢᠭᠵᠢᠭᠤᠯᠤᠨ ᠲᠡᠮᠵᠢᠵᠦ᠂ ᠲᠠᠷᠢᠶᠠᠯᠠᠩ ᠤᠨ ᠪᠦᠳᠦᠭᠡᠭᠳᠡᠭᠦᠨ ᠢ ᠪᠤᠷᠤᠯᠠᠭᠤᠯᠬᠤ ᠠᠷᠭ᠎ᠠ ᠵᠠᠮ ᠢ | ᠰᠠᠭᠠᠳ ᠦᠭᠡᠢ ᠪᠤᠯᠭᠠᠨ᠎ᠠ᠃ | ᠬᠦᠳᠡᠭᠡ ᠲᠤᠰᠬᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠬᠦᠴᠦ ᠲᠠᠯᠪᠢᠨ ᠰᠠᠶᠢᠵᠢᠷᠠᠭᠤᠯᠤᠨ᠎ᠠ᠃ | ᠬᠦᠳᠡᠭᠡ ᠲᠤᠰᠬᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠬᠠᠷᠠᠯᠳᠠ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠤᠨ᠎ᠠ᠂ ᠰᠢᠶᠠᠩ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ 2 | ᠦᠷᠳᠡᠭᠡ᠂ ᠬᠤᠭ ᠨᠤᠪᠰᠢ ᠪᠤᠯᠬᠠᠤ 2 ᠲᠠᠯᠠᠪᠠᠢ᠂ ᠬᠤᠭ ᠨᠤᠪᠰᠢ ᠲᠠᠮᠵᠢᠭᠤᠯᠬᠤ 50 ᠦᠷᠳᠡᠭᠡ ᠶᠢ ᠪᠠᠶᠢᠭᠤᠯᠤᠨ᠎ᠠ | ᠂ ᠮᠠᠯ ᠵᠢᠭᠦᠷᠳᠡᠨ ᠤ ᠢᠯᠭᠠᠳᠠᠰᠤ ᠶᠢ ᠰᠢᠢᠳᠪᠦᠷᠢᠯᠡᠬᠦ ᠲᠦᠪ ᠢ 9 ᠭᠠᠵᠠᠷ᠂ ᠲᠤᠰᠬᠤᠨ ᠤ ᠲᠡᠰ ᠤᠨ ᠢᠯᠭᠠᠳᠠᠰᠤ ᠶᠢ | ᠡᠬᠢ ᠰᠤᠷᠪᠤᠯᠵᠢ ᠪᠤᠯᠭᠠᠨ ᠠᠰᠢᠭᠯᠠᠬᠤ ᠵᠢᠱᠢᠶ᠎ᠡ ᠦᠵᠡᠬᠦᠯᠬᠦ ᠴᠢᠭ᠋ ᠢ 24 ᠪᠠᠶᠢᠭᠤᠯᠤᠨ᠎ᠠ᠃ ᠬᠦᠳᠡᠭᠡ ᠲᠤᠰᠬᠤᠨ ᠤ | ᠤᠷᠴᠢᠨ ᠲᠤᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠦᠷ᠎ᠡ ᠠᠰᠢᠭᠳᠤ ᠬᠠᠮᠢᠶᠠᠷᠤᠨ ᠬᠠᠮᠠᠭᠠᠯᠠᠬᠤ | ᠲᠤᠭᠳᠠᠯᠴᠠᠭ᠎ᠠ ᠶᠢ ᠲᠡᠭᠦᠯᠳᠡᠷᠵᠢᠬᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ᠂ | ᠪᠤᠯᠪᠠᠰᠤᠨ ᠲᠤᠰᠬᠤᠨ᠂ ᠪᠤᠯᠪᠠᠰᠤᠨ ᠭᠡᠷ ᠪᠦᠯᠢ ᠵᠡᠷᠭᠡ ᠤᠶᠤᠨ ᠤ ᠪᠤᠯᠪᠠᠰᠤᠨ ᠤ ᠡᠭᠦᠳᠦᠨ ᠪᠠᠶᠢᠭᠤᠯᠤᠯᠳᠠ ᠶᠢᠨ | ᠬᠦᠳᠡᠯᠭᠡᠭᠡᠨ ᠢ ᠭᠦᠨᠵᠡᠭᠡᠢ ᠦᠷᠨᠢᠬᠦᠯᠵᠦ᠂ ᠠᠶᠢᠯ ᠲᠤᠰᠬᠤᠨ ᠤ ᠲᠦᠷᠢ ᠲᠦᠷᠬᠦ ᠶᠢ ᠲᠠᠰᠤᠷᠠᠯᠳᠠ ᠦᠭᠡᠢ | ᠰᠠᠶᠢᠵᠢᠷᠠᠭᠤᠯᠵᠤ᠂ ᠬᠦᠳᠡᠭᠡ ᠶᠢᠨ ᠵᠠᠩ ᠵᠠᠩᠰᠢᠯ ᠤᠨ ᠪᠤᠯᠪᠠᠰᠤᠨ ᠢ ᠲᠡᠰ ᠲᠠᠪᠰᠢᠭᠤᠯᠤᠨ᠎ᠠ᠃ | ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠬᠦᠯᠦᠨ᠎ᠡ᠃ 206 ᠮᠤᠵᠢ ᠶᠢᠨ | ᠵᠠᠮ ᠤᠨ ᠤᠯᠠᠭᠠᠨᠬᠠᠳᠠ ᠠᠴᠠ ᠵᠢᠨᠱᠠᠨ ᠬᠦᠷᠬᠦ 35 ᠺᠢᠯᠤᠮᠧᠲᠷ ᠤᠨ ᠵᠠᠰᠠᠮᠠᠯ ᠵᠠᠮ᠂ ᠵᠢᠨᠱᠠᠨ ᠠᠴᠠ ᠨᠠᠨ ᠲᠠᠢ ᠽᠢ | ᠬᠦᠷᠬᠦ 35 ᠺᠢᠯᠤᠮᠧᠲᠷ ᠤᠨ ᠬᠤᠶᠠᠳᠤᠭᠠᠷ ᠲᠡᠰ ᠤᠨ ᠵᠠᠰᠠᠮᠠᠯ ᠵᠠᠮ᠂ ᠯᠧᠦ ᠽᠢ ᠳ᠋ᠢᠶᠠᠨ ᠠᠴᠠ ᠫᠢᠩᠵᠤᠸᠠᠩ ᠬᠦᠷᠬᠦ | 10 ᠺᠢᠯᠤᠮᠧᠲᠷ ᠤᠨ ᠨᠢᠭᠡᠳᠦᠭᠡᠷ ᠲᠡᠰ ᠤᠨ ᠵᠠᠰᠠᠮᠠᠯ ᠵᠠᠮ ᠢ ᠦᠭᠡᠷᠡᠴᠢᠯᠡᠬᠦ ᠢᠨᠵᠧᠨᠧᠷᠢᠩ ᠢ ᠢᠳᠡᠪᠬᠢᠳᠡᠢ ᠲᠦᠰᠦᠪᠯᠡᠨ | ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠳᠤ ᠤᠷᠤᠭᠤᠯᠤᠨ ᠡᠷᠳᠡᠭᠡᠨ ᠦᠭᠡᠷᠡᠴᠢᠯᠡᠨ | ᠬᠡᠷᠡᠭᠵᠢᠬᠦᠯᠦᠨ᠎ᠡ᠃ 306 ᠤᠯᠤᠰ ᠤᠨ ᠵᠠᠮ ᠤᠨ ᠳᠠᠭᠠᠯᠳᠠ ᠲᠦᠬᠦᠭᠡᠷᠦᠮᠵᠢ ᠶᠢ ᠲᠡᠭᠦᠯᠳᠡᠷᠵᠢᠬᠦᠯᠵᠦ᠂ ᠭᠤᠸᠠᠩ | ᠳ᠋ᠠ ᠲᠦᠷᠭᠡᠨ ᠵᠠᠮ ᠪᠠ ᠨᠢᠦ ᠵᠢᠶᠠ ᠶᠢᠩᠽᠢ ᠶᠢ ᠬᠠᠷᠢᠯᠴᠠᠨ ᠨᠡᠪᠳᠡᠷᠡᠭᠦᠯᠦᠨ᠎ᠡ᠃ ᠵᠠᠮ ᠤᠨ ᠲᠠᠷᠤᠭ᠎ᠠ ᠶᠢᠨ ᠲᠦᠷᠢᠮ ᠢ | ᠴᠢᠩᠭ᠎ᠠ ᠬᠡᠷᠡᠭᠵᠢᠬᠦᠯᠵᠦ᠂ 71.6 ᠺᠢᠯᠤᠮᠧᠲᠷ ᠤᠨ ᠵᠠᠮ ᠠᠷᠠᠴᠢᠯᠠᠬᠤ ᠢᠨᠵᠧᠨᠧᠷᠢᠩ ᠢ ᠬᠡᠷᠡᠭᠵᠢᠬᠦᠯᠦᠨ᠂ 6 | ᠬᠦᠭᠦᠷᠭᠡ ᠶᠢ ᠰᠢᠨ᠎ᠡ ᠪᠠᠷ ᠪᠠᠶᠢᠭᠤᠯᠤᠨ᠂ ︽ᠬᠦᠳᠡᠭᠡ ᠲᠤᠰᠬᠤᠨ ᠤ ᠲᠦᠷᠪᠡᠨ ᠰᠠᠶᠢᠨ ᠵᠠᠮ︾ ᠤᠨ ᠰᠠᠴᠤᠷᠠᠭ | ᠬᠡᠯᠪᠡᠷᠢ ᠶᠢᠨ ᠲᠠᠶᠢᠴᠢᠯᠠᠨ ᠲᠠᠭᠠᠭᠤᠯᠬᠤ ᠴᠢᠳᠠᠪᠬᠢ ᠶᠢ ᠨᠡᠮᠡᠭᠳᠡᠭᠦᠯᠦᠨ᠎ᠡ᠃ 508 ᠤᠯᠤᠰ ᠤᠨ ᠵᠠᠮ ᠤᠨ ᠰᠢ ᠴᠢᠶᠤᠤ | ᠠᠴᠠ ᠫᠢᠩᠴᠢᠤᠸᠠᠨ ᠬᠦᠷᠬᠦ ᠬᠡᠰᠡᠭ ᠤᠨ ᠨᠢᠭᠡᠳᠦᠭᠡᠷ ᠲᠡᠰ ᠤᠨ ᠵᠠᠰᠠᠮᠠᠯ ᠵᠠᠮ᠂ 111 ᠤᠯᠤᠰ ᠤᠨ ᠵᠠᠮ ᠤᠨ | ᠤᠯᠠᠭᠠᠨᠬᠠᠳᠠ ᠠᠴᠠ ᠰᠢᠶᠤᠤ ᠺᠠ ᠯᠠ ᠬᠦᠷᠬᠦ ᠬᠡᠰᠡᠭ ᠤᠨ ᠬᠤᠶᠠᠳᠤᠭᠠᠷ ᠲᠡᠰ ᠤᠨ ᠵᠠᠰᠠᠮᠠᠯ ᠵᠠᠮ᠂ ᠤᠯᠠᠭᠠᠨᠬᠠᠳᠠ | ᠠᠴᠠ ᠯᠢᠩᠶᠤᠸᠠᠨ ᠬᠦᠷᠬᠦ ᠨᠢᠭᠡᠳᠦᠭᠡᠷ ᠲᠡᠰ ᠤᠨ ᠵᠠᠮ ᠢ ᠦᠨᠳᠦᠷ ᠬᠤᠷᠳᠤᠴᠠᠳᠤ ᠵᠠᠰᠠᠮᠠᠯ ᠵᠠᠮ ᠪᠤᠯᠭᠠᠬᠤ ᠡᠮᠦᠨ᠎ᠡ | ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠢᠶᠠᠨ ᠲᠠᠮᠵᠢᠨ ᠰᠠᠶᠢᠳᠤᠷ ᠬᠢᠨ᠎ᠡ᠃ ᠬᠦᠳᠡᠭᠡ ᠲᠤᠰᠬᠤᠨ ᠤ | ᠤᠤᠭᠤᠬᠤ ᠤᠰᠤᠨ ᠤ ᠠᠮᠤᠷ ᠲᠦᠪᠰᠢᠨ ᠢ ᠪᠠᠳᠤᠳᠬᠠᠨ ᠲᠡᠰ ᠲᠠᠪᠰᠢᠭᠤᠯᠬᠤ 45 ᠢᠨᠵᠧᠨᠧᠷᠢᠩ ᠢ | ᠬᠡᠷᠡᠭᠵᠢᠬᠦᠯᠦᠨ᠎ᠡ᠃ ᠬᠦᠳᠡᠭᠡ ᠲᠤᠰᠬᠤᠨ ᠤ 41.4 ᠺᠢᠯᠤᠮᠧᠲᠷ ᠤᠨ10 ᠺᠢᠯᠤᠸᠠᠲ ᠶᠢᠨ ᠴᠠᠬᠢᠯᠭᠠᠨ ᠬᠠᠩᠭᠠᠬᠤ | ᠲᠤᠤᠷ ᠢ ᠲᠡᠰ ᠲᠠᠪᠰᠢᠭᠤᠯᠤᠨ ᠦᠭᠡᠷᠡᠴᠢᠯᠡᠨ᠎ᠡ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠭᠤᠯᠠ ᠤᠰᠤ ᠤᠢ | ᠰᠢᠭᠤᠢ ᠲᠠᠷᠢᠶ᠎ᠠ ᠭᠤᠷᠤᠬ᠎ᠠ ᠡᠪᠡᠰᠦ ᠶᠢ ᠰᠢᠰᠲ᠋ᠧᠮᠵᠢᠭᠤᠯᠤᠨ ᠵᠠᠰᠠᠬᠤ ᠶᠢ ᠨᠢᠭᠡᠳᠦᠯᠵᠢᠬᠦᠯᠦᠨ᠂ 4000 ᠮᠤ᠋ | ᠬᠠᠯᠬᠠᠪᠴᠢ ᠤᠢ ᠶᠢ ᠪᠠᠶᠢᠭᠤᠯᠤᠨ᠂ ᠲᠤᠤᠷ᠎ᠠ ᠭᠠᠷᠤᠯᠳᠠ ᠲᠤᠤᠷ᠎ᠠ ᠦᠷ᠎ᠡ ᠠᠰᠢᠭ ᠲᠠᠢ 8000 ᠮᠤ᠋ ᠤᠢ ᠮᠤᠳᠤ ᠶᠢ | ᠰᠡᠷᠭᠦᠭᠡᠨ ᠦᠭᠡᠷᠡᠴᠢᠯᠡᠨ᠎ᠡ᠂ 1.2 ᠲᠦᠮᠡᠨ ᠮᠤ᠋ ᠲᠤᠷᠤᠶᠢᠳᠠᠭᠰᠠᠨ ᠤᠢ ᠶᠢ ᠰᠡᠷᠭᠦᠭᠡᠨ᠎ᠡ᠂ ᠪᠠᠶᠢᠭᠠᠯᠢᠯᠢᠭ ᠤᠢ ᠶᠢ | ᠬᠤᠳᠠᠯᠳᠤᠭᠠᠨ ᠤ ᠴᠢᠨᠠᠷᠳᠠᠢ ᠤᠭᠳᠤᠯᠬᠤ ᠶᠢ ᠪᠦᠬᠦ ᠲᠠᠯ᠎ᠠ ᠪᠠᠷ ᠬᠤᠷᠢᠭᠯᠠᠵᠤ᠂ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢᠨ ᠦᠷ᠎ᠡ ᠪᠦᠳᠦᠭᠡᠯ ᠢ ᠰᠠᠶᠢᠳᠤᠷ ᠬᠠᠮᠠᠭᠠᠯᠠᠨ᠎ᠠ᠃ ︽ᠭᠤᠷᠪᠠᠨ ᠤᠷᠤᠨ ᠭᠤᠷᠪᠠᠨ ᠱᠤᠭᠤᠮ︾ ᠢ | ᠰᠢᠨᠵᠢᠯᠡᠬᠦ ᠤᠬᠠᠭᠠᠨᠴᠢ ᠪᠠᠷ ᠵᠢᠷᠤᠭᠯᠠᠬᠤ ᠪᠤᠶᠤ ᠴᠢᠩᠭ᠎ᠠ ᠰᠠᠬᠢᠵᠤ᠂ ᠠᠮᠢ ᠠᠬᠤᠢ ᠶᠢᠨ ᠬᠤᠷᠢᠭᠯᠠᠯᠳᠠ ᠶᠢᠨ | ᠱᠤᠭᠤᠮ ᠢ ᠦᠨᠡᠯᠡᠨ ᠲᠤᠭᠳᠠᠭᠠᠵᠤ ᠰᠢᠯᠢᠳᠡᠭᠵᠢᠬᠦᠯᠬᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠴᠡᠭᠴᠡᠯᠡᠨ ᠨᠦᠬᠦᠪᠦᠷᠢᠯᠡᠬᠦ᠂ ᠬᠤᠳᠠ ᠪᠠᠯᠭᠠᠰᠤᠨ ᠤ ᠵᠠᠬ᠎ᠠ ᠬᠦᠪᠡᠭᠡ ᠶᠢ ᠨᠡᠭᠡᠭᠡᠨ ᠠᠰᠢᠭᠯᠠᠬᠤ ᠶᠢ ᠵᠢᠷᠤᠭᠯᠠᠬᠤ | ᠠᠵᠢᠯ ᠢ ᠰᠠᠶᠢᠳᠤᠷ ᠬᠢᠨ᠎ᠡ᠃ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠰᠤᠷᠪᠤᠯᠵᠢ ᠶᠢᠨ ᠬᠠᠷᠢᠭᠤᠴᠯᠠᠭ᠎ᠠ ᠶᠢ | ᠬᠢᠨᠠᠨ ᠪᠤᠳᠤᠬᠤ᠂ ᠠᠮᠢ ᠠᠬᠤᠢ ᠶᠢᠨ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠨᠠᠰᠤᠨ ᠲᠤᠷᠰᠢ ᠨᠡᠬᠡᠮᠵᠢᠯᠡᠬᠦ | ᠲᠦᠷᠢᠮ ᠢ ᠴᠢᠩᠭ᠎ᠠ ᠲᠤᠤᠱᠯᠠᠭᠤᠯᠵᠤ᠂ ᠲᠦᠷᠢᠮ ᠤᠨ ᠬᠢᠵᠠᠭᠠᠷᠯᠠᠯ ᠢ ᠦᠨᠡᠨᠬᠦ ᠴᠢᠩᠭᠠᠳᠬᠠᠨ᠎ᠠ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠶᠢ ᠡᠷᠴᠢᠮᠵᠢᠬᠦᠯᠦᠨ ᠪᠤᠬᠢᠷᠳᠤᠯ ᠦᠭᠡᠢ ᠬᠦᠭᠵᠢᠯᠳᠡ ᠶᠢ | ᠠᠬᠢᠭᠤᠯᠤᠨ᠎ᠠ | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠷᠭᠡᠳᠭᠡᠨ᠎ᠡ᠃ | ᠤᠯᠠᠭᠠᠨᠬᠠᠳᠠ ᠶᠢᠨ ᠶᠦᠨ ᠲᠦᠩ ᠺᠤᠮᠫᠠᠨᠢ ᠶᠢᠨ ᠠᠵᠤ ᠦᠢᠯᠡᠰᠵᠢᠯ ᠤᠨ ᠤᠷᠳᠤᠰᠬᠠᠯ ᠤᠨ ᠬᠠᠮᠵᠢᠯᠴᠠᠭ᠎ᠠ ᠶᠢ | ᠲᠠᠮᠵᠢᠨ᠂ ᠳ᠋ᠦᠩ ᠶᠤᠸᠠᠢ ᠶᠢᠨ ᠹᠧᠩ ᠤᠨ 14 ᠲᠦᠮᠡᠨ ᠲᠤᠨ ᠹᠯᠤᠷ ᠬᠢᠮᠢ ᠶᠢᠨ 3 ᠦᠢᠯᠡᠳᠪᠦᠷᠢᠯᠡᠯ ᠤᠨ ᠱᠤᠭᠤᠮ | ᠪᠦᠬᠦᠨ ᠢᠶᠠᠷ ᠢᠶᠠᠨ ᠦᠢᠯᠡᠳᠪᠦᠷᠢᠯᠡᠯ ᠬᠢᠬᠦ ᠶᠢ ᠠᠬᠢᠭᠤᠯᠤᠨ᠎ᠠ᠃ ᠶᠤᠸᠠᠨ ᠬᠠᠩ ᠱᠦᠢᠨᠢ ᠶᠢᠨ ᠦᠢᠯᠡᠳᠪᠦᠷᠢ ᠶᠢᠨ | ᠬᠤᠳᠠ ᠠᠴᠠ ᠤᠬᠤᠷᠢᠨ ᠲᠤᠭᠤᠷᠢᠭ ᠲᠤ ᠤᠷᠤᠬᠤ ᠶᠢ ᠢᠳᠡᠪᠬᠢᠳᠡᠢ ᠲᠦᠯᠬᠢᠨ ᠠᠬᠢᠭᠤᠯᠵᠤ᠂ ᠶᠤᠸᠠᠨ ᠬᠠᠩ | ᠱᠦᠢᠨᠢ ᠶᠢᠨ ᠵᠢᠯ ᠳᠤ 200 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠭᠤᠤᠯ ᠮᠠᠲ᠋ᠧᠷᠢᠶᠠᠯ ᠦᠢᠯᠡᠳᠬᠦ᠂ ᠵᠦᠩ | ᠰᠢᠩ ᠱᠧᠦ ᠴᠤᠸᠠᠩ ᠤᠨ ᠵᠢᠯ ᠳᠤ 200 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠪᠤᠬᠢᠷᠳᠤᠯ ᠦᠭᠡᠢ | ᠪᠠᠷᠢᠯᠭ᠎ᠠ ᠶᠢᠨ ᠪᠦᠳᠦᠴᠡ ᠮᠠᠲ᠋ᠧᠷᠢᠶᠠᠯ ᠵᠡᠷᠭᠡ ᠲᠦᠷᠦᠯ ᠵᠦᠢᠯ ᠢ ᠡᠬᠢᠯᠡᠨ ᠪᠠᠶᠢᠭᠤᠯᠵᠤ᠂ ᠵᠦᠩ ᠵᠢᠶᠠᠨ ᠽᠠᠢ ᠰᠢᠨ᠎ᠡ | ᠮᠠᠲ᠋ᠧᠷᠢᠶᠠᠯ ᠤᠨ ᠺᠤᠮᠫᠠᠨᠢ ᠶᠢᠨ ᠵᠠᠭᠤᠨ ᠲᠦᠮᠡᠨ ᠲᠤᠨ ᠨᠡᠭᠦᠷᠡᠰᠦ ᠬᠦᠴᠢᠯ ᠤᠨ ᠺᠠᠯᠼ ᠢ ᠨᠠᠷᠢᠯᠢᠭ ᠪᠤᠯᠪᠠᠰᠤᠷᠠᠭᠤᠯᠬᠤ | ᠲᠦᠷᠦᠯ ᠵᠦᠢᠯ ᠢ ᠠᠪᠴᠢᠷᠠᠨ ᠬᠡᠷᠡᠭᠵᠢᠬᠦᠯᠬᠦ ᠶᠢ ᠠᠬᠢᠭᠤᠯᠵᠤ᠂ ᠤᠯᠠᠮᠵᠢᠯᠠᠯᠳᠤ ᠪᠠᠷᠢᠯᠭ᠎ᠠ ᠶᠢᠨ ᠮᠠᠲ᠋ᠧᠷᠢᠶᠠᠯ ᠤᠨ | ᠦᠢᠯᠡᠰ ᠤᠨ ᠬᠡᠯᠪᠡᠷᠢ ᠶᠢ ᠬᠤᠪᠢᠷᠠᠭᠠᠨ ᠲᠡᠰ ᠲᠠᠪᠰᠢᠭᠤᠯᠬᠤ ᠶᠢ ᠠᠬᠢᠭᠤᠯᠤᠨ᠎ᠠ᠃ ᠵᠢᠦ ᠮᠤ᠋ ᠾᠧ ᠨᠤᠭᠤᠰᠤᠨ ᠤ | ᠦᠢᠯᠡᠰ ᠤᠨ 2600 ᠲᠦᠮᠡᠨ ᠮᠢᠬᠠᠨ ᠤ ᠨᠤᠭᠤᠰᠤ ᠶᠢ ᠨᠢᠳᠤᠯᠬᠤ᠂ ᠾᠧᠪᠧᠢ ᠶᠢᠨ ᡁᠢ ᠶᠧ ᠬᠢᠳᠡᠳ ᠮᠤᠩᠭᠤᠯ | ᠡᠮ ᠤᠨ ᠮᠠᠲ᠋ᠧᠷᠢᠶᠠᠯ ᠤᠨ ᠲᠤᠬᠠᠶᠢᠯᠠᠭᠰᠠᠨ ᠠᠵᠢᠯ ᠤᠨ ᠵᠠᠬ᠎ᠠ ᠲᠡᠯᠭᠡᠭᠦᠷ᠂ ᠠᠯᠳᠠᠨ ᠡᠮᠡᠭᠡᠯ ᠠᠷᠢᠬᠢᠨ ᠤ ᠦᠢᠯᠡᠰ ᠤᠨ | ᠵᠢᠯ ᠳᠤ 3 ᠲᠦᠮᠡᠨ ᠲᠤᠨ ᠦᠵᠦᠮ ᠤᠨ ᠼᠤᠤ ᠤᠮᠳᠠᠭᠠᠨ ᠦᠢᠯᠡᠳᠬᠦ ᠵᠡᠷᠭᠡ ᠲᠦᠷᠦᠯ ᠵᠦᠢᠯ ᠢ ᠡᠬᠢᠯᠡᠨ | ᠪᠠᠶᠢᠭᠤᠯᠬᠤ ᠶᠢ ᠠᠬᠢᠭᠤᠯᠤᠨ᠎ᠠ᠂ ᠮᠧᠩ ᠶᠤᠸᠠᠨ ᠲᠠᠩ ᠬᠢᠳᠡᠳ ᠡᠮ ᠤᠨ ᠮᠠᠲ᠋ᠧᠷᠢᠶᠠᠯ ᠤᠨ ᠤᠳᠤ ᠦᠶ᠎ᠡ ᠶᠢᠨ | ᠪᠤᠳᠠᠰ ᠤᠨ ᠭᠦᠢᠯᠭᠡᠭᠡᠨ ᠤ ᠬᠦᠮᠦᠷᠭᠡ ᠶᠢᠨ ᠦᠢᠯᠡᠴᠢᠯᠡᠭᠡᠨ ᠤ ᠲᠠᠪᠴᠠᠩ ᠢ ᠦᠨᠦ ᠵᠢᠯ ᠳᠤ ᠠᠰᠢᠭᠯᠠᠯᠳᠠ ᠳᠤ | ᠤᠷᠤᠭᠤᠯᠬᠤ ᠶᠢ ᠪᠠᠳᠤᠯᠠᠨ᠂ ᠪᠦᠬᠦ ᠬᠤᠰᠢᠭᠤᠨ ᠤ ᠲᠠᠷᠢᠶᠠᠯᠠᠩ ᠮᠠᠯᠵᠢᠯ ᠤᠨ ᠪᠦᠳᠦᠭᠡᠭᠳᠡᠭᠦᠨ ᠢ ᠨᠠᠷᠢᠯᠢᠭ | ᠪᠤᠯᠪᠠᠰᠤᠷᠠᠭᠤᠯᠬᠤ ᠴᠢᠳᠠᠪᠬᠢ ᠶᠢ ᠲᠡᠰ ᠲᠠᠪᠰᠢᠭᠤᠯᠤᠨ᠎ᠠ᠃ | ᠲᠤᠭᠤᠷᠢᠭ ᠤᠨ ᠲᠠᠪᠴᠠᠩ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠲᠤᠭᠤᠷᠢᠭ ᠤᠨ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ ᠶᠢ | ᠨᠠᠶᠢᠷᠠᠭᠤᠯᠤᠨ ᠲᠠᠭᠤᠰᠬᠠᠵᠤ᠂ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠪᠡᠯᠡ ᠲᠠᠳᠠᠨ ᠪᠠᠶᠢᠭᠤᠯᠵᠤ᠂ ᠯᠢ ᠰᠢᠨ | ᠤᠰᠤ ᠴᠠᠬᠢᠯᠭᠠᠨ᠂ ᠬᠤᠢ ᠠᠩ ᠴᠠᠬᠢᠯᠭᠠᠨ ᠲᠠᠳᠠᠯᠭ᠎ᠠ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠦᠷᠦᠯ | ᠵᠦᠢᠯ ᠢ ᠪᠠᠶᠢᠭᠤᠯᠬᠤ ᠶᠢ ᠠᠬᠢᠭᠤᠯᠤᠨ᠎ᠠ᠃ ᠲᠤᠭᠤᠷᠢᠭ ᠤᠨ ᠠᠷᠠᠯᠵᠢᠶᠠᠴᠢᠨ ᠤᠷᠢᠬᠤ ᠬᠦᠴᠦᠯᠡᠴᠡ ᠪᠠᠨ ᠶᠡᠬᠡᠰᠬᠡᠵᠦ᠂ | ᠪᠠᠯ ᠴᠢᠯᠠᠭᠤᠨ ᠠᠯᠺᠧᠨ᠂ ᠪᠠᠯ ᠴᠢᠯᠠᠭᠤᠨ ᠴᠠᠬᠢᠯᠭᠠᠨ ᠲᠤᠶᠢᠯ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠲᠦᠷᠦᠯ ᠵᠦᠢᠯ ᠢ ᠲᠠᠳᠠᠨ ᠠᠪᠴᠢᠷᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠶᠢᠨ ᠰᠢᠨ᠎ᠡ | ᠬᠦᠳᠡᠯᠭᠡᠬᠦ ᠬᠦᠴᠦᠨ ᠢ ᠬᠤᠷᠠᠮᠳᠤᠭᠤᠯᠤᠨ᠎ᠠ᠃ | ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠲᠠᠮᠵᠢᠨ᠎ᠡ᠃ ᠲᠦᠪ | ᠬᠤᠷᠢᠶᠠᠨ ᠤ ᠠᠷᠠᠳ ᠤᠨ ᠡᠷᠬᠢᠯᠡᠭᠰᠡᠨ ᠠᠵᠤ ᠠᠬᠤᠶᠢᠯᠠᠯ ᠤᠨ ᠦᠭᠡᠷᠡᠴᠢᠯᠠᠯᠳᠠ ᠬᠦᠭᠵᠢᠯᠳᠡ ᠶᠢ ᠲᠠᠮᠵᠢᠬᠦ 28 | ᠵᠤᠷᠪᠤᠰ ᠲᠦᠷᠦ ᠶᠢᠨ ᠪᠤᠳᠤᠯᠭ᠎ᠠ ᠶᠢᠨ ᠰᠠᠨᠠᠯ ᠪᠠ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠤᠤᠱᠯᠠᠭᠤᠯᠵᠤ᠂ ᠠᠵᠤ ᠠᠬᠤᠶᠢᠯᠠᠯ ᠤᠨ ᠡᠭᠦᠷᠭᠡᠯᠡᠯ ᠢ | ᠤᠯᠠᠮ ᠨᠢᠭᠡ ᠠᠯᠬᠤᠮ ᠬᠦᠩᠬᠡᠯᠡᠨ᠂ ᠠᠵᠤ ᠠᠬᠤᠶᠢᠯᠠᠯ ᠤᠨ ᠡᠷᠬᠢᠯᠳᠡ ᠶᠢᠨ ᠦᠪᠡᠷ ᠤᠨ ᠦᠷᠳᠡᠭ ᠶᠢᠨ ᠲᠠᠷᠤᠭᠠᠰᠤ | ᠶᠢ ᠨᠠᠮᠳᠠᠭᠤᠯᠤᠨ᠎ᠠ᠃ ᠨᠢᠭᠡ ᠠᠵᠤ ᠠᠬᠤᠶᠢᠯᠠᠯ ᠳᠤ ᠨᠢᠭᠡ ᠪᠤᠳᠤᠯᠭ᠎ᠠ ᠠᠪᠬᠤ ᠲᠤᠰᠬᠠᠢ ᠲᠤᠭᠤᠶᠢᠯᠠᠩ ᠤᠨ | ᠬᠠᠪᠰᠤᠷᠤᠨ ᠲᠡᠮᠵᠢᠬᠦ ᠠᠷᠭ᠎ᠠ ᠠᠪᠴᠠᠯ ᠢ ᠲᠤᠭᠳᠠᠭᠠᠵᠤ᠂ ᠬᠢᠵᠢᠭ ᠤᠨ ᠨᠦᠯᠦᠭᠡ ᠶᠢ ᠬᠠᠮᠤᠭ ᠶᠡᠭᠡ ᠬᠡᠮᠵᠢᠶ᠎ᠡ ᠪᠠᠷ | ᠦᠭᠡᠶᠢᠰᠭᠡᠨ᠂ ᠲᠤᠮᠳᠠ ᠪᠠᠭ᠎ᠠ ᠠᠵᠤ ᠠᠬᠤᠶᠢᠯᠠᠯ ᠤᠨ ᠲᠤᠭᠳᠠᠭᠤᠨ ᠪᠦᠭᠡᠳ ᠡᠷᠡᠭᠦᠯ ᠢᠶᠠᠷ ᠬᠦᠭᠵᠢᠬᠦ ᠶᠢ ᠲᠡᠮᠵᠢᠨ᠎ᠡ᠃ | ᠵᠠᠰᠠᠭ ᠵᠠᠬᠢᠷᠭ᠎ᠠ ᠪᠠᠩᠬᠢ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠵᠤᠯᠭᠠᠯᠴᠠᠭ᠎ᠠ ᠶᠢ ᠴᠢᠩᠭᠠᠳᠬᠠᠵᠤ᠂ | ᠬᠠᠮᠵᠢᠯᠴᠠᠭ᠎ᠠ ᠵᠤᠬᠢᠴᠠᠭᠤᠯᠭ᠎ᠠ ᠶᠢᠨ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠬᠦᠯᠵᠦ᠂ ᠵᠢᠯ ᠳᠤ ᠠᠵᠤ | ᠠᠬᠤᠶᠢᠯᠠᠯ ᠢ ᠲᠡᠮᠵᠢᠬᠦ ᠵᠢᠭᠡᠯᠡᠯᠭᠡ ᠶᠢ 3000 ᠲᠦᠮᠡᠨ ᠲᠦᠭᠦᠷᠢᠭ ᠠᠴᠠ ᠲᠡᠭᠡᠭᠰᠢ ᠪᠠᠶᠢᠯᠭᠠᠵᠦ᠂ ᠲᠤᠮᠳᠠ ᠵᠢᠵᠢᠭ | ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠰᠢᠨ᠎ᠡ ᠶᠢ | ᠡᠭᠦᠳᠬᠦ ᠬᠦᠳᠡᠯᠭᠡᠬᠦ ᠬᠦᠴᠦᠨ ᠢ ᠬᠦᠳᠦᠯᠦᠮᠵᠢ ᠪᠤᠯᠭᠠᠬᠤ ᠶᠢ ᠴᠢᠩᠭᠠᠳᠬᠠᠨ᠂ ᠠᠵᠤ ᠠᠬᠤᠶᠢᠠᠯᠯ ᠤᠨ ᠮᠡᠷᠭᠡᠵᠢᠯ ᠤᠨ | ᠰᠢᠨᠡᠴᠢᠯᠠᠯᠳᠠ ᠶᠢ ᠲᠠᠶᠢᠴᠢᠯᠠᠨ ᠲᠡᠮᠵᠢᠵᠦ᠂ ᠦᠨᠦ ᠵᠢᠯ ᠦᠪᠡᠷᠳᠡᠭᠡᠨ ᠵᠠᠰᠠᠬᠤ ᠤᠷᠤᠨ ᠤ ᠲᠡᠰ ᠤᠨ ᠰᠢᠨ᠎ᠡ | ᠮᠡᠷᠭᠡᠵᠢᠯ ᠤᠨ 2 ᠠᠵᠤ ᠠᠬᠤᠶᠢᠯᠠᠯ ᠢ ᠡᠷᠡᠮᠡᠯᠵᠡᠯᠡᠨ ᠮᠡᠳᠡᠬᠦᠯᠦᠨ᠎ᠡ᠃ ᠠᠵᠤ ᠠᠬᠤᠶᠢᠯᠠᠯᠳᠠᠨ ᠤ ᠡᠩᠨᠡᠭᠡ ᠶᠢᠨ | ᠪᠠᠶᠢᠭᠤᠯᠤᠯᠳᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠵᠤ ᠠᠬᠤᠶᠢᠯᠠᠯᠳᠠᠨ ᠤ ᠠᠩᠬᠠᠷᠤᠯ ᠪᠤᠯᠬᠤ | ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠦᠭᠴᠦ᠂ ᠠᠵᠤ ᠠᠬᠤᠶᠢᠯᠠᠯᠳᠠᠳ ᠤᠨ ᠦᠢᠯᠡᠰ ᠪᠤᠰᠬᠠᠬᠤ ᠶᠢ | ᠵᠤᠷᠢᠭᠵᠢᠭᠤᠯᠬᠤ ᠦᠨᠢᠷ ᠦᠳᠭᠡᠨ ᠠᠭᠤᠷ ᠠᠮᠢᠰᠬᠤᠯ ᠢ ᠪᠤᠢ ᠪᠤᠯᠭᠠᠨ᠎ᠠ᠃ | ︵ᠲᠦᠷᠪᠡ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠬᠢᠷᠢ ᠬᠡᠮᠵᠢᠶ᠎ᠡ ᠶᠢ ᠪᠦᠬᠦ | ᠬᠦᠴᠦᠨ ᠢᠶᠠᠷ ᠢᠶᠠᠨ ᠲᠡᠰ ᠲᠠᠪᠰᠢᠭᠤᠯᠤᠨ᠎ᠠ | ᠲᠡᠭᠦᠯᠳᠡᠷ ᠵᠢᠭᠤᠯᠴᠢᠯᠠᠯ ᠤᠨ ᠪᠠᠳᠠᠷᠠᠨ ᠬᠦᠭᠵᠢᠬᠦ ᠶᠢ ᠠᠬᠢᠭᠤᠯᠤᠨ᠎ᠠ᠃ ᠦᠨᠳᠦᠷ ᠬᠤᠷᠳᠤᠴᠠᠳᠤ ᠲᠡᠮᠦᠷ ᠵᠠᠮ ᠤᠨ | ᠴᠠᠭ ᠦᠶ᠎ᠡ ᠶᠢᠨ ᠬᠦᠷᠴᠦ ᠢᠷᠡᠬᠦ ᠶᠢ ᠢᠳᠡᠪᠬᠢᠳᠡᠢ ᠬᠦᠯᠢᠶᠡᠨ ᠠᠪᠴᠤ᠂ ᠪᠦᠬᠦ ᠬᠤᠰᠢᠭᠤᠨ ᠤ ᠬᠤᠪᠢᠰᠬᠠᠯᠳᠤ | ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠮᠦᠰᠦ ᠴᠠᠰᠤᠨ ᠵᠢᠭᠤᠯᠴᠢᠯᠠᠯ᠂ ᠬᠦᠳᠡᠭᠡ ᠲᠤᠰᠬᠤᠨ ᠤ | ᠵᠢᠭᠤᠯᠴᠢᠯᠠᠯ᠂ ᠰᠤᠶᠤᠯ ᠤᠨ ᠵᠢᠭᠤᠯᠴᠢᠯᠠᠯ ᠤᠨ ᠬᠦᠭᠵᠢᠯᠳᠡ ᠶᠢᠨ ᠬᠢᠷᠢ ᠬᠡᠮᠵᠢᠶ᠎ᠡ ᠶᠢ ᠲᠠᠰ ᠲᠠᠪᠰᠢᠭᠤᠯᠤᠨ᠂ | ᠲᠡᠭᠦᠯᠳᠡᠷ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠢ ᠡᠭᠦᠳᠦᠨ ᠪᠠᠶᠢᠭᠤᠯᠤᠨ᠎ᠠ᠃ ᠭᠤᠤᠯ ᠪᠤᠯᠬᠤ | ᠦᠵᠡᠮᠵᠢ ᠶᠢᠨ ᠤᠷᠤᠨ ᠤ ᠨᠡᠭᠡᠭᠡᠨ ᠪᠠᠶᠢᠭᠤᠯᠬᠤ ᠶᠢ ᠲᠦᠷᠭᠡᠳᠭᠡᠨ᠎ᠡ᠃ ᠸᠠᠩ ᠶᠧ ᠳ᠋ᠢᠶᠠᠨ ᠤ ᠤᠯᠠᠨ ᠴᠢᠳᠠᠪᠬᠢᠳᠤ | ᠤᠢ ᠰᠢᠭᠤᠢ ᠶᠢᠨ ᠪᠠᠶᠡᠴᠢᠯᠠᠨ ᠤᠷᠤᠯᠴᠠᠬᠤ ᠰᠠᠭᠤᠷᠢᠨ ᠭᠠᠵᠠᠷ ᠤᠨ ᠠᠮᠢ ᠠᠬᠤᠢ ᠶᠢᠨ ᠮᠦᠽᠠᠢ ᠪᠠ ᠮᠤᠩᠭᠤᠯ | ᠭᠡᠷ ᠤᠨ ᠬᠤᠸᠠᠷᠠᠨ ᠤ ᠢᠨᠵᠧᠨᠧᠷᠢᠩ ᠢ ᠡᠬᠢᠯᠡᠭᠦᠯᠦᠨ᠎ᠡ᠂ ᠱᠠᠨ ᠷᠦᠩ ᠠᠶᠢᠮᠠᠭ ᠤᠨ ᠪᠢᠩ ᠱᠢ ᠾᠧ᠂ ᠨᠢᠷᠤᠭᠤ | ᠴᠠᠶᠢᠵᠠ᠂ ᠱᠢ ᠪᠠ ᠫᠠᠨ ᠦᠵᠡᠮᠵᠢ ᠶᠢᠨ ᠤᠷᠤᠨ ᠢ ᠨᠡᠭᠡᠬᠡᠨ ᠪᠠᠶᠢᠭᠤᠯᠵᠤ᠂ ᠮᠡᠶᠢᠷᠡᠨ ᠤ ᠤᠯᠠᠨ ᠤᠯᠤᠰ ᠮᠤᠷᠢ | ᠤᠷᠤᠯᠳᠤᠭᠤᠯᠬᠤ ᠲᠠᠯᠠᠪᠠᠢ ᠶᠢᠨ ᠬᠦᠯᠢᠶᠡᠨ ᠵᠤᠴᠢᠯᠠᠬᠤ ᠲᠦᠪ ᠵᠢᠴᠢ ᠲᠦᠬᠦᠷᠵᠢᠬᠦᠯᠦᠭᠰᠡᠨ ᠲᠦᠬᠦᠭᠡᠷᠦᠮᠵᠢ ᠶᠢᠨ | ᠪᠠᠶᠢᠭᠤᠯᠤᠯᠳᠠ ᠶᠢ ᠲᠡᠭᠦᠰᠭᠡᠨ᠎ᠡ᠃ ᠡᠮᠡᠭᠡᠯ ᠠᠭᠤᠯᠠ ᠶᠢᠨ ᠤᠯᠤᠰ ᠤᠨ ᠤᠢ ᠰᠢᠭᠤᠢ ᠶᠢᠨ ᠴᠡᠴᠡᠷᠯᠢᠭ ᠢ | ᠦᠭᠡᠷᠡᠴᠢᠯᠡᠨ ᠲᠡᠰ ᠲᠠᠪᠰᠢᠭᠤᠯᠵᠤ᠂ ᠮᠠᠰᠢᠨ ᠲᠡᠷᠭᠡᠨ ᠤ ᠰᠠᠭᠤᠷᠢᠨ ᠭᠠᠵᠠᠷ ᠢ ᠠᠷᠠᠯᠵᠢᠶᠠᠴᠢᠨ ᠤᠷᠢᠵᠤ ᠪᠠᠶᠢᠭᠤᠯᠤᠨ | ᠂ ᠯᠦᠩᠴᠢᠤᠸᠠᠨ ᠬᠠᠯᠠᠭᠤᠨ ᠷᠠᠰᠢᠶᠠᠨ ᠤ ᠵᠢᠵᠢᠭ ᠪᠠᠯᠭᠠᠰᠤ ᠶᠢ ᠡᠬᠢᠯᠡᠭᠦᠯᠦᠨ ᠪᠠᠶᠢᠭᠤᠯᠤᠨ᠎ᠠ᠃ ᠡᠮᠡᠭᠡᠯ ᠠᠭᠤᠯᠠ ᠶᠢᠨ | ᠬᠤᠪᠢᠰᠬᠠᠯᠳᠤ ᠵᠢᠭᠤᠯᠴᠢᠯᠠᠯ ᠤᠨ ᠡᠯᠧᠮᠧᠨ᠋ᠲ ᠶᠢᠨ ᠠᠭᠤᠯᠭ᠎ᠠ ᠶᠢ ᠪᠠᠶᠠᠯᠢᠭᠵᠢᠭᠤᠯᠵᠤ᠂ ︽ᠤᠭ ᠵᠤᠷᠢᠯᠳᠠ ᠪᠠᠨ | ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠤᠪᠢᠰᠬᠠᠯᠳᠤ | ᠵᠢᠭᠤᠯᠴᠢᠯᠠᠯ ᠤᠨ ᠰᠠᠭᠤᠷᠢᠨ ᠭᠠᠵᠠᠷ ᠪᠠ ᠰᠤᠳᠤᠯᠤᠨ ᠰᠤᠷᠤᠯᠴᠠᠬᠤ ᠵᠢᠭᠤᠯᠴᠢᠯᠠᠯ ᠬᠢᠬᠦ ᠵᠤᠷᠢᠯᠳᠠᠳᠤ ᠤᠷᠤᠨ | ᠪᠤᠯᠭᠠᠨ᠎ᠠ᠃ ᠴᠢᠨ ᠸᠠᠩ ᠤᠨ ᠤᠷᠳᠤᠨ᠂ ᠵᠢᠶᠠᠵᠠ ᠶᠢᠨ ᠠᠭᠤᠯᠠᠨ ᠤ ᠬᠠᠭᠤᠴᠢ ᠰᠦᠷᠦᠭᠵᠢᠯ ᠢ ᠬᠠᠮᠠᠭᠠᠯᠠᠬᠤ | ᠲᠦᠯᠦᠪᠵᠢᠭᠦᠯᠭᠡ ᠶᠢ ᠨᠠᠶᠢᠷᠠᠭᠤᠯᠤᠨ᠂ ᠰᠢᠶᠠᠨ ᠶᠢᠩ ᠰᠧ᠂ ᠯᠢᠩ ᠶᠤᠸᠠᠢ ᠰᠧ ᠰᠦᠮ᠎ᠡ ᠶᠢᠨ ᠭᠤᠷᠪᠠᠳᠤᠭᠠᠷ | ᠬᠤᠭᠤᠴᠠᠭᠠᠨ ᠤ ᠪᠠᠷᠢᠯᠭ᠎ᠠ ᠪᠠ ᠢᠷᠦᠭᠡᠯ ᠬᠤᠷᠠᠭᠴᠢ ᠰᠦᠮ᠎ᠡ ᠶᠢᠨ ᠬᠤᠶᠠᠳᠠᠭᠴᠢ ᠬᠤᠭᠤᠴᠠᠭᠠᠨ ᠤ ᠵᠠᠰᠠᠨ ᠰᠡᠯᠪᠢᠬᠦ | ᠢᠨᠵᠧᠨᠧᠷᠢᠩ ᠢ ᠬᠡᠷᠡᠭᠵᠢᠬᠦᠯᠦᠨ᠎ᠡ᠃ ᠯᠧᠢ ᠵᠢᠶᠠ ᠶᠢᠩᠽᠢ᠂ ᠡᠮᠡᠭᠡᠯ ᠠᠭᠤᠯᠠ᠂ ᠰᠠᠨ ᠵᠢᠶᠠ ᠵᠡᠷᠭᠡ ᠬᠦᠳᠡᠭᠡ | ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠭᠦᠯᠬᠦ ᠲᠤᠰᠬᠤᠨ ᠤ ᠪᠠᠶᠢᠭᠤᠯᠤᠯᠳᠠ ᠶᠢ ᠦᠷᠭᠦᠯᠵᠢᠯᠡᠨ | ᠴᠢᠩᠭᠠᠳᠬᠠᠵᠤ᠂ ᠶᠡᠷᠦᠩᠬᠡᠢ ᠦᠢᠯᠡᠴᠢᠯᠡᠬᠡᠨ ᠤ ᠲᠦᠪ ᠵᠡᠷᠭᠡ ᠲᠦᠬᠦᠷᠵᠢᠬᠦᠯᠦᠭᠰᠡᠨ ᠲᠦᠬᠦᠭᠡᠷᠦᠮᠵᠢ ᠶᠢ | ᠲᠡᠭᠦᠯᠳᠡᠷᠵᠢᠬᠦᠯᠦᠨ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠳᠡ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ | ︽ᠠᠷᠪᠠᠨ ᠲᠦᠷᠪᠡᠳᠦᠭᠡᠷ ᠡᠪᠦᠯ︾ ᠤᠨ ᠲᠤᠮᠤ ᠴᠢᠬᠤᠯᠠ ᠤᠷᠤᠯᠳᠤᠭᠠᠨ ᠢ ᠦᠨᠳᠦᠷ ᠬᠢᠷᠢ ᠲᠦᠪᠰᠢᠨ ᠢᠶᠠᠷ | ᠦᠷᠭᠦᠯᠵᠢᠯᠡᠨ ᠲᠠᠭᠠᠭᠠᠴᠢᠯᠠᠨ ᠡᠷᠬᠢᠯᠡᠨ᠎ᠡ᠃ ᠤᠷᠤᠯᠳᠤᠭᠠᠨ ᠡᠷᠬᠢᠯᠡᠬᠦ ᠲᠤᠷᠰᠢᠯᠭ᠎ᠠ ᠪᠠᠨ ᠨᠠᠷᠢᠨ ᠬᠢᠨᠠᠮᠠᠭᠠᠢ | ᠳ᠋ᠦᠩᠨᠡᠵᠦ ᠤᠷᠤᠯᠳᠤᠭᠠᠨ ᠤ ᠲᠠᠯᠠᠪᠠᠢ ᠶᠢ ᠠᠷᠠᠴᠢᠯᠠᠬᠤ᠂ ᠤᠷᠤᠯᠳᠤᠭᠠᠨ ᠤ ᠶᠠᠪᠤᠳᠠᠯ ᠢ ᠵᠤᠬᠢᠶᠠᠨ ᠪᠠᠶᠢᠭᠤᠯᠵᠤ | ᠲᠦᠰᠦᠪᠯᠡᠬᠦ᠂ ᠠᠷᠤ ᠲᠠᠯ᠎ᠠ ᠶᠢᠨ ᠪᠠᠳᠤᠯᠠᠭᠠᠨ ᠤ ᠦᠢᠯᠡᠴᠢᠯᠡᠭᠡ ᠵᠡᠷᠭᠡ ᠠᠵᠢᠯ ᠢ ᠨᠡᠩ ᠨᠠᠷᠢᠯᠢᠭ ᠪᠦᠬᠦ ᠲᠠᠯ᠎ᠠ ᠪᠠᠷ | ᠰᠠᠶᠢᠨ ᠬᠢᠵᠦ᠂ ︽ᠠᠷᠪᠠᠨ ᠲᠦᠷᠪᠡᠳᠦᠭᠡᠷ ᠡᠪᠦᠯ︾ ᠤᠨ ᠲᠠᠩ ᠴᠠᠨᠠᠯᠠᠯᠳᠠ ᠶᠢᠨ ᠴᠠᠰᠤᠨ ᠳᠤ ᠭᠤᠯᠭᠤᠬᠤ | ᠤᠷᠤᠯᠳᠤᠭᠠᠨ ᠢ ᠰᠠᠶᠢᠳᠤᠷ ᠲᠠᠭᠠᠭᠠᠴᠢᠯᠠᠨ ᠡᠷᠬᠢᠯᠡᠵᠦ᠂ ︽ᠠᠷᠪᠠᠨ ᠲᠦᠷᠪᠡᠳᠦᠭᠡᠷ ᠡᠪᠦᠯ︾ ᠤᠨ ᠬᠤᠶᠠᠷ ᠶᠡᠭᠡ | ᠤᠷᠤᠯᠳᠤᠭᠠᠨ ᠤ ᠶᠠᠪᠤᠳᠠᠯ ᠢ ᠠᠮᠵᠢᠯᠳᠠᠳᠠᠢ ᠲᠡᠭᠦᠰᠭᠡᠨ᠎ᠡ᠃ ︽ᠠᠷᠪᠠᠨ ᠲᠦᠷᠪᠡᠳᠦᠭᠡᠷ ᠡᠪᠦᠯ︾ ᠤᠨ ᠤᠷᠤᠯᠳᠤᠭᠠᠨ | ᠠᠴᠠ ᠬᠤᠶᠢᠨᠠᠬᠢ ᠡᠵᠡᠩᠨᠡᠯᠳᠡ ᠪᠠ ᠤᠬᠠᠭᠤᠯᠤᠨ ᠰᠤᠷᠳᠠᠯᠴᠢᠯᠠᠬᠤ ᠶᠢ ᠨᠠᠷᠢᠯᠢᠭ ᠲᠦᠰᠦᠪᠯᠡᠨ ᠬᠢᠵᠦ᠂ 2022 ᠤᠨ | ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠬᠠᠮᠢᠶ᠎ᠠ ᠪᠦᠬᠦᠢ ᠤᠷᠤᠯᠳᠤᠭᠠᠨ ᠤ ᠦᠢᠯᠡᠴᠢᠯᠡᠭᠡᠨ ᠢ | ᠪᠠᠳᠤᠯᠠᠬᠤ ᠠᠵᠢᠯ ᠳᠤ ᠢᠳᠡᠪᠬᠢᠳᠡᠢ ᠤᠷᠤᠯᠴᠠᠨ᠎ᠠ᠃ ᠮᠡᠶᠢᠷᠡᠨ ᠬᠠᠪᠴᠢᠯ ᠤᠨ ᠴᠠᠰᠤᠨ ᠳᠤ ᠭᠤᠯᠭᠤᠬᠤ ᠲᠠᠯᠠᠪᠠᠢ ᠶᠢᠨ | ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠵᠦᠩ ᠹᠠᠩ ᠪᠦᠯᠦᠭᠯᠡᠯ ᠤᠨ ᠮᠡᠶᠢᠷᠡᠨ ᠬᠠᠪᠴᠢᠯ ᠤᠨ ᠡᠷᠡᠭᠦᠯᠵᠢᠯ | ᠰᠤᠪᠢᠯᠠᠯᠳᠠ ᠶᠢᠨ ᠵᠢᠵᠢᠭ ᠲᠤᠰᠬᠤᠨ ᠢ ᠡᠬᠢᠯᠡᠬᠦᠯᠦᠨ ᠪᠠᠶᠢᠭᠤᠯᠵᠤ᠂ ᠮᠡᠶᠢᠷᠡᠨ ᠦᠵᠡᠮᠵᠢ ᠶᠢᠨ ᠤᠷᠤᠨ ᠢ ᠤᠯᠤᠰ ᠤᠨ | 5A ᠲᠡᠰ ᠤᠨ ᠦᠵᠡᠮᠵᠢ ᠶᠢᠨ ᠤᠷᠤᠨ ᠪᠤᠯᠭᠠᠨ ᠪᠠᠶᠢᠭᠤᠯᠬᠤ ᠪᠠᠷ ᠴᠢᠷᠮᠠᠶᠢᠵᠤ᠂ ᠤᠯᠤᠰ ᠤᠨ ᠲᠡᠰ ᠤᠨ ᠠᠮᠢ | ᠠᠬᠤᠢ ᠶᠢᠨ ᠰᠡᠯᠡᠭᠦᠴᠡᠯ ᠤᠨ ᠤᠷᠤᠨ ᠪᠤᠯᠭᠠᠬᠤ ᠬᠠᠷᠠᠯᠳᠠ ᠲᠡᠰᠢ ᠴᠢᠷᠮᠡᠶᠢᠨ᠎ᠠ᠃ | ᠵᠢᠭᠤᠯᠴᠢᠯᠠᠯ ᠤᠨ ᠤᠬᠠᠭᠤᠯᠭ᠎ᠠ ᠰᠤᠷᠳᠠᠯᠴᠢᠯᠠᠭ᠎ᠠ ᠶᠢᠨ ᠬᠦᠴᠦᠯᠡᠴᠡ ᠪᠠᠨ ᠶᠡᠬᠡᠰᠬᠡᠨ᠎ᠡ᠃ ᠠᠪᠠ ᠶᠢᠨ ᠲᠠᠯᠠᠪᠠᠢ᠂ | ᠨᠢᠩᠴᠧᠩ ᠵᠡᠷᠭᠡ ᠤᠶᠢᠷ᠎ᠠ ᠬᠠᠪᠢ ᠶᠢᠨ ᠭᠠᠵᠠᠷ ᠤᠷᠤᠨ ᠲᠠᠢ ᠬᠠᠮᠵᠢᠯᠴᠠᠬᠤ ᠪᠠᠨ ᠴᠢᠩᠭᠠᠳᠬᠠᠵᠤ᠂ ᠮᠤᠵᠢ | ᠬᠤᠭᠤᠷᠤᠨᠳᠤᠬᠢ᠂ ᠰᠢᠶᠠᠨ ᠬᠤᠭᠤᠷᠤᠨᠳᠤᠬᠢ ᠭᠤᠤᠯ ᠪᠤᠯᠬᠤ ᠦᠵᠡᠮᠵᠢ ᠶᠢᠨ ᠤᠷᠤᠨ ᠤ ᠵᠠᠮ ᠨᠡᠪᠳᠡᠷᠡᠯᠭᠡ ᠶᠢ | ᠬᠤᠯᠪᠤᠨ ᠨᠡᠪᠳᠡᠷᠡᠬᠦᠯᠵᠦ᠂ ᠭᠠᠵᠠᠷ ᠤᠷᠤᠨ ᠤ ᠴᠢᠨᠠᠷᠳᠠᠢ ᠦᠵᠡᠮᠵᠢ ᠶᠢᠨ ᠤᠷᠤᠨ ᠤ ᠬᠠᠷᠢᠯᠴᠠᠨ ᠬᠤᠯᠪᠤᠯᠳᠤᠨ | ᠨᠡᠪᠳᠡᠷᠡᠬᠦ ᠶᠢ ᠠᠬᠢᠭᠤᠯᠵᠤ᠂ ᠵᠢᠭᠤᠯᠴᠢᠯᠠᠯ ᠤᠨ ᠡᠬᠢ ᠰᠤᠷᠪᠤᠯᠵᠢ ᠶᠢ ᠬᠠᠮᠳᠤᠪᠠᠷ ᠡᠳ᠋ᠯᠡᠵᠦ᠂ ᠵᠢᠭᠤᠯᠴᠢᠯᠠᠯ ᠤᠨ ᠠᠵᠤ | ᠠᠬᠤᠢ ᠶᠢ ᠬᠠᠮᠳᠤᠪᠠᠷ ᠡᠳ᠋ᠯᠡᠭᠦᠯᠦᠨ᠎ᠡ᠃ ᠵᠢᠭᠤᠯᠴᠢᠯᠠᠯ ᠤᠨ ᠦᠢᠯᠡᠴᠢᠯᠡᠭᠡᠨ ᠤ ᠲᠦᠬᠦᠭᠡᠷᠦᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠬᠦᠯᠤᠨ᠎ᠠ᠂ ᠵᠢᠭᠤᠯᠴᠢᠯᠠᠯ ᠤᠨ ᠦᠢᠯᠡᠴᠢᠯᠡᠭᠡᠨ ᠤ 10 ᠴᠢᠭ᠋ ᠪᠠᠶᠢᠭᠤᠯᠵᠤ᠂ ᠬᠠᠷᠠᠴᠢᠨ ᠤ | ᠤᠶᠤᠨᠳᠤ ᠵᠢᠭᠤᠯᠴᠢᠯᠠᠯ ᠤᠨ APP ᠶᠢ ᠨᠡᠶᠢᠳᠡᠯᠡᠨ᠎ᠡ᠃ ᠦᠪᠦᠷ ᠮᠤᠩᠭᠤᠯ ᠾᠧᠪᠧᠢ ᠯᠢᠶᠤᠤᠨᠢᠩ ᠭᠤᠷᠪᠠᠨ ᠮᠤᠵᠢ | ᠲᠠᠪᠤᠨ ᠬᠤᠳᠠ ᠶᠢᠰᠦᠨ ᠰᠢᠶᠠᠨ ᠤ ᠵᠢᠭᠤᠯᠴᠢᠯᠠᠯ ᠤᠨ ᠬᠤᠯᠪᠤᠭ᠎ᠠ ᠵᠡᠷᠭᠡ ᠲᠠᠪᠴᠠᠩ ᠳᠤ ᠲᠦᠰᠢᠭᠯᠡᠵᠦ᠂ | ᠵᠢᠭᠤᠯᠴᠢᠯᠠᠯ ᠤᠨ ᠤᠬᠠᠭᠤᠯᠭ᠎ᠠ ᠰᠤᠷᠳᠠᠯᠴᠢᠯᠠᠭ᠎ᠠ ᠪᠠᠨ ᠦᠨᠳᠦᠷ ᠲᠦᠪᠰᠢᠨ ᠢᠶᠠᠷ ᠤᠬᠠᠭᠠᠯᠠᠨ ᠲᠦᠰᠦᠪᠯᠡᠵᠦ᠂ | ᠬᠠᠷᠠᠴᠢᠨ ᠤ ᠵᠢᠭᠤᠯᠴᠢᠯᠠᠯ ᠤᠨ ᠮᠡᠳᠡᠬᠦᠶᠢᠴᠡ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ | ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠭᠦᠢᠯᠭᠡᠭᠡᠨ ᠤ ᠦᠢᠯᠡᠰ ᠢ ᠲᠦᠷᠭᠡᠳᠭᠡᠨ | ᠬᠦᠭᠵᠢᠬᠦᠯᠦᠨ᠎ᠡ᠃ ᠠᠵᠤ ᠦᠢᠯᠡᠰ ᠤᠨ ᠬᠦᠭᠵᠢᠯᠳᠡ ᠪᠠᠷ ᠤᠳᠤᠷᠢᠳᠤᠮᠵᠢ ᠪᠤᠯᠭᠠᠬᠤ᠂ ᠲᠤᠰᠬᠠᠶᠢᠵᠢᠭᠤᠯᠬᠤ ᠪᠠᠷ | ᠴᠢᠭᠯᠡᠯ ᠪᠤᠯᠭᠠᠬᠤ ᠶᠢ ᠪᠠᠷᠢᠮᠳᠠᠯᠠᠵᠦ᠂ ᠾᠧ ᠮᠧᠢ ᠲᠤᠭᠤᠷᠢᠭ ᠤᠨ ᠭᠤᠤᠯ ᠬᠦᠢᠰᠦᠨ ᠤᠷᠤᠨ ᠢ ᠠᠷᠠᠯᠵᠢᠶᠠᠴᠢᠨ | ᠤᠷᠢᠵᠤ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠴᠤᠭᠴᠠ ᠪᠠ ᠲᠤᠮᠤ ᠬᠡᠯᠪᠡᠷᠢ ᠶᠢᠨ | ᠲᠤᠰᠬᠠᠶᠢᠵᠢᠭᠰᠠᠨ ᠵᠠᠬ᠎ᠠ ᠲᠡᠯᠭᠡᠭᠦᠷ ᠪᠤᠯᠭᠠᠨ ᠪᠠᠶᠢᠭᠤᠯᠵᠤ᠂ ᠾᠧ ᠮᠧᠢ ᠲᠤᠭᠤᠷᠢᠭ ᠤᠨ ᠠᠵᠤ ᠦᠢᠯᠡᠰ ᠬᠤᠳᠠ ᠶᠢᠨ | ᠬᠠᠮ ᠬᠦᠭᠵᠢᠯ ᠢ ᠠᠬᠢᠭᠤᠯᠤᠨ᠎ᠠ᠃ ᠲᠤᠰᠬᠠᠶᠢᠵᠢᠭᠰᠠᠨ ᠵᠠᠬ᠎ᠠ ᠲᠡᠯᠭᠡᠭᠦᠷ ᠤᠨ ᠲᠠᠷᠬᠠᠴᠠ ᠶᠢᠨ ᠲᠦᠯᠦᠪᠵᠢᠭᠦᠯᠭᠡ ᠪᠠ | ᠨᠡᠭᠡᠭᠡᠨ ᠠᠰᠢᠭᠯᠠᠬᠤ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠡᠮ ᠡᠮᠨᠡᠯᠭᠡ ᠶᠢᠨ ᠦᠢᠯᠡᠰ᠂ | ᠡᠯᠧᠺᠲᠷᠤᠨ ᠰᠢᠨᠵᠢᠯᠡᠬᠦ ᠮᠡᠷᠭᠡᠵᠢᠯ ᠢᠶᠠᠷ ᠦᠢᠯᠡᠳᠦᠨ ᠪᠤᠯᠪᠠᠰᠤᠷᠠᠭᠤᠯᠬᠤ᠂ ᠬᠤᠳᠠ ᠶᠢᠨ ᠠᠵᠤ ᠦᠢᠯᠡᠳᠪᠦᠷᠢ ᠵᠡᠷᠭᠡ | ᠦᠢᠯᠡᠰ ᠤᠨ ᠬᠠᠨᠳᠤᠰᠢ ᠶᠢ ᠢᠳᠡᠪᠬᠢᠳᠡᠢ ᠲᠠᠳᠠᠨ ᠠᠪᠴᠢᠷᠠᠵᠤ᠂ ᠲᠤᠭᠤᠷᠢᠭ ᠤᠨ ᠬᠦᠭᠵᠢᠯᠳᠡ ᠶᠢᠨ ᠲᠠᠳᠠᠬᠤ | ᠬᠦᠴᠦᠨ ᠪᠠ ᠦᠷᠢᠰᠦᠯᠳᠦᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠨ᠎ᠠ᠃ ᠮᠧᠩ ᠳ᠋ᠦᠩ ᠡᠮ ᠡᠮᠨᠡᠯᠬᠡ ᠶᠢᠨ | ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠲᠤᠭᠤᠷᠢᠭ ᠤᠨ ᠬᠤᠶᠠᠳᠤᠭᠠᠷ ᠬᠤᠭᠤᠴᠠᠭ᠎ᠠ᠂ ᠾᠧ ᠮᠧᠢ | ᠡᠮᠡᠭᠳᠡᠶᠢᠴᠦᠳ ᠤᠨ ᠬᠦᠩᠭᠡᠵᠢᠯ ᠤᠨ ᠡᠮᠨᠡᠯᠭᠡ ᠶᠢᠨ ᠬᠤᠷᠢᠶ᠎ᠠ᠂ ᠾᠧᠩ ᠮᠤᠤ ᠹᠧᠩ ᠬᠤᠢ ᠠᠷᠠᠯᠵᠢᠶᠠᠨ ᠤ | ᠶᠠᠪᠤᠳᠠᠯ ᠤᠨ ᠶᠡᠷᠦᠩᠬᠡᠢ ᠴᠤᠭᠴᠠ᠂ ᠳ᠋ᠠ ᠵᠧᠦ ᠴᠤᠸᠠᠩ ᠺᠧ ᠵᠢᠵᠢᠭ ᠪᠠᠯᠭᠠᠰᠤ᠂ ᠲᠠᠷᠢᠶᠠᠯᠠᠩ ᠵᠢᠭᠤᠯᠴᠢᠯᠠᠯ ᠤᠨ | ᠬᠤᠤᠰ ᠡᠭᠦᠳᠦᠯᠳᠡ ᠶᠢᠨ ᠡᠯᠧᠺᠲᠷᠤᠨ ᠬᠤᠳᠠᠯᠳᠤᠭ᠎ᠠ ᠶᠢ ᠪᠤᠶᠢᠵᠢᠭᠤᠯᠤᠨ ᠡᠵᠡᠩᠨᠡᠬᠦ ᠦᠢᠯᠡᠴᠢᠯᠡᠭᠡᠨ ᠤ ᠲᠠᠪᠴᠠᠩ | ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠤᠨ ᠬᠤᠳᠠ᠂ ᠠᠷᠠᠯᠵᠢᠶ᠎ᠠ ᠬᠤᠳᠠᠯᠳᠤᠭᠠᠨ ᠤ ᠬᠤᠳᠠ ᠶᠢᠨ | ᠡᠵᠡᠩᠨᠡᠯᠳᠡ ᠶᠢᠨ ᠬᠢᠷᠢ ᠲᠦᠪᠰᠢᠨ ᠢ ᠴᠢᠷᠮᠠᠶᠢᠨ ᠲᠡᠰ ᠲᠠᠪᠰᠢᠭᠤᠯᠤᠨ᠎ᠠ᠃ ᠢᠦᠢ ᠯᠦᠩ ᠨᠢᠰᠭᠡᠯ ᠤᠨ ᠪᠠᠭᠤᠳᠠᠯ ᠢ | ᠦᠷᠭᠡᠳᠭᠡᠨ ᠪᠠᠶᠢᠭᠤᠯᠬᠤ ᠳᠤ ᠲᠦᠰᠢᠭᠯᠡᠵᠦ᠂ ᠠᠷᠠᠯᠵᠢᠶᠠᠴᠢᠨ ᠤᠷᠢᠵᠤ ᠠᠭᠠᠷ ᠤᠨ ᠲᠡᠭᠡᠭᠡᠪᠦᠷᠢ ᠶᠢᠨ ᠪᠤᠳᠠᠰ ᠤᠨ | ᠭᠦᠢᠯᠭᠡᠭᠡᠨ ᠤ ᠬᠦᠮᠦᠷᠭᠡ ᠶᠢᠨ ᠠᠵᠤ ᠦᠢᠯᠡᠰ ᠢ ᠲᠠᠳᠠᠨ ᠠᠪᠴᠢᠷᠠᠵᠤ᠂ ᠭᠠᠵᠠᠷ ᠤᠷᠤᠨ ᠤ ᠴᠢᠨᠠᠷᠳᠠᠢ ᠡᠳ᠋ ᠪᠤᠳᠠᠰ ᠢ | ᠬᠤᠳᠠᠯᠳᠤᠨ ᠠᠪᠬᠤ ᠪᠠ ᠲᠦᠭᠡᠭᠡᠨ ᠲᠠᠷᠬᠠᠭᠠᠬᠤ ᠲᠦᠪ ᠢ ᠪᠦᠳᠦᠭᠡᠨ ᠪᠠᠶᠢᠭᠤᠯᠤᠨ᠎ᠠ᠃ | ︵ᠲᠠᠪᠤ︶ ᠦᠷ᠎ᠡ ᠠᠰᠢᠭᠳᠠᠢ ᠪᠡᠯᠡ ᠤᠷᠤᠭᠤᠯᠬᠤ ᠬᠦᠴᠦᠯᠡᠴᠡ ᠪᠠᠨ ᠦᠷᠭᠦᠯᠵᠢᠯᠡᠨ ᠶᠡᠬᠡᠰᠭᠡᠨ᠎ᠡ | ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠦᠴᠦᠳᠡᠢ ᠠᠬᠢᠭᠤᠯᠤᠨ᠎ᠠ᠃ ᠭᠤᠤᠯᠳᠠᠯᠭ᠎ᠠ ᠲᠠᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠳᠠ ᠳᠤ ᠰᠢᠪᠳᠤᠯᠤᠯᠳᠠ ᠬᠢᠬᠦ ᠠᠵᠢᠯᠯᠠᠭ᠎ᠠ ᠶᠢ ᠯᠠᠪᠳᠠᠭᠤᠨ ᠪᠠᠳᠤᠳᠠᠢ | ᠦᠷᠨᠢᠬᠦᠯᠤᠨ᠎ᠠ᠂ ᠪᠦᠬᠦ ᠵᠢᠯ ᠳᠤ ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠭᠤᠤᠯᠳᠠᠯᠭ᠎ᠠ ᠲᠠᠢ 14 ᠲᠦᠷᠦᠯ | ᠵᠦᠢᠯ ᠬᠡᠷᠡᠭᠵᠢᠬᠦᠯᠬᠦ ᠪᠠᠷ ᠲᠦᠯᠦᠪᠯᠡᠵᠦ᠂ 35 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠭᠦᠯᠦᠨ᠎ᠡ᠃ ︽ᠲᠦᠷᠦᠯ ᠵᠦᠢᠯ ᠢᠶᠠᠷ ᠬᠠᠮᠢᠶᠠᠷᠤᠯᠳᠠ ᠬᠢᠬᠦ︾ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠵᠤ᠂ | ᠲᠦᠷᠦᠯ ᠵᠦᠢᠯ ᠤᠨ ᠡᠯᠧᠮᠧᠨ᠋ᠲ ᠤᠨ ᠪᠠᠳᠤᠯᠠᠭ᠎ᠠ ᠶᠢ ᠴᠢᠩᠭᠠᠷᠠᠭᠤᠯᠤᠨ᠂ ᠲᠤᠪᠤᠶᠢᠮ᠎ᠠ ᠠᠰᠠᠭᠤᠳᠠᠯ ᠢ ᠵᠦᠪᠳᠡᠯᠴᠡᠨ | ᠲᠦᠷᠭᠡᠨ ᠰᠢᠢᠳᠪᠦᠷᠢᠯᠡᠵᠦ᠂ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠡᠷᠳᠡᠬᠡᠨ ᠪᠠᠶᠢᠭᠤᠯᠵᠤ ᠦᠷ᠎ᠡ | ᠠᠰᠢᠭ ᠭᠠᠷᠭᠠᠬᠤ ᠶᠢ ᠠᠬᠢᠭᠤᠯᠬᠤ ᠬᠡᠷᠡᠭᠳᠡᠢ᠃ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠠ ᠪᠡᠯᠡ | ᠤᠷᠤᠭᠤᠯᠬᠤ ᠵᠢᠯᠤᠭᠤᠳᠤᠮᠵᠢ ᠳᠤ ᠴᠢᠭᠯᠡᠬᠦᠯᠦᠨ᠂ ᠨᠢᠭᠡ ᠪᠦᠯᠦᠭ ᠲᠤᠮᠤ ᠴᠢᠬᠤᠯᠠ ᠲᠦᠷᠦᠯ ᠵᠦᠢᠯ ᠢ ᠨᠠᠷᠢᠯᠢᠭ | ᠲᠦᠰᠦᠪᠯᠡᠨ ᠨᠦᠭᠡᠴᠡᠯᠡᠨ ᠮᠡᠳᠡᠬᠦᠯᠵᠦ᠂ ᠨᠡᠩ ᠤᠯᠠᠨ ᠲᠦᠷᠦᠯ ᠵᠦᠢᠯ ᠢ ᠲᠡᠭᠡᠳᠦ ᠱᠠᠳᠤᠨ ᠤ ᠪᠡᠯᠡ ᠤᠷᠤᠭᠤᠯᠬᠤ | ᠲᠦᠯᠦᠪᠯᠡᠭᠡᠨ ᠳᠤ ᠤᠷᠤᠭᠤᠯᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠦᠨᠳᠦᠷ | ᠲᠦᠪᠰᠢᠨ ᠢᠶᠠᠷ ᠨᠠᠶᠢᠷᠠᠭᠤᠯᠤᠨ ᠵᠤᠬᠢᠶᠠᠨ᠎ᠠ᠃ | ᠴᠢᠯᠦᠭᠡᠳᠡᠢ ᠶᠠᠪᠤᠯᠴᠠᠨ ᠬᠠᠮᠵᠢᠯᠴᠠᠬᠤ ᠪᠠᠨ ᠦᠷᠭᠦᠯᠵᠢᠯᠡᠨ ᠶᠡᠬᠡᠰᠬᠡᠨᠠ᠃ ᠦᠨᠳᠦᠷ ᠴᠢᠨᠰᠠᠭ᠎ᠠ ᠲᠠᠢ | ᠬᠦᠭᠵᠢᠯᠳᠡ ᠶᠢᠨ ᠭᠤᠤᠯ ᠰᠡᠳᠦᠪ ᠢ ᠴᠢᠩᠭ᠎ᠠ ᠡᠵᠡᠮᠳᠡᠵᠦ᠂ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯᠯᠠᠭ᠎ᠠ ᠶᠢ | ᠦᠷᠭᠦᠯᠵᠢᠯᠡᠨ ᠯᠠᠪᠳᠠᠭᠤᠨ ᠪᠠᠳᠤᠳᠠᠢ ᠦᠷᠨᠢᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ | ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠠᠭ᠎ᠠ ᠲᠠᠢ ᠭᠠᠵᠠᠷ ᠤᠷᠤᠨ ᠢ ᠠᠵᠢᠭᠯᠠᠵᠤ᠂ | ᠵᠡᠰ ᠤᠨ ᠠᠵᠤ ᠦᠢᠯᠡᠰ ᠤᠨ ᠨᠠᠷᠢᠯᠢᠭ ᠪᠤᠯᠪᠠᠰᠤᠷᠠᠭᠤᠯᠬᠤ᠂ ᠬᠦᠬᠦᠷ ᠬᠦᠴᠢᠯ ᠤᠨ ᠬᠢᠮᠢ᠂ ᠹᠯᠤᠷ ᠤᠨ ᠬᠢᠮᠢ᠂ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠰᠢᠯᠢᠳᠡᠭ ᠠᠵᠤ ᠦᠢᠯᠡᠰ ᠢᠶᠠᠷ ᠭᠤᠤᠯ ᠪᠤᠯᠭᠠᠨ ᠤᠨᠤᠴᠢᠳᠠᠢ | ᠠᠷᠠᠯᠵᠢᠶᠠᠴᠢᠨ ᠤᠷᠢᠵᠤ᠂ ᠭᠤᠤᠯᠯᠠᠭᠴᠢ ᠠᠵᠤ ᠦᠢᠯᠡᠰ ᠤᠨ ᠡᠷᠴᠢᠮᠵᠢᠯ ᠲᠦᠪᠯᠡᠷᠡᠯ ᠰᠦᠷᠦᠭᠵᠢᠯ ᠲᠠᠢ ᠬᠦᠭᠵᠢᠯᠳᠡ | ᠶᠢ ᠠᠬᠢᠭᠤᠯᠤᠨ᠎ᠠ᠃ ᠭᠤᠷᠪᠠᠳᠠᠭᠴᠢ ᠡᠳᠡᠭᠡᠳ ᠲᠤ ᠨᠠᠶᠢᠳᠠᠨ ᠠᠷᠠᠯᠵᠢᠶᠠᠴᠢᠨ ᠤᠷᠢᠬᠤ᠂ ᠲᠤᠭᠤᠷᠢᠭ ᠬᠠᠮᠵᠢᠯᠴᠠᠨ | ᠬᠠᠮᠳᠤᠪᠠᠷ ᠪᠠᠶᠢᠭᠤᠯᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠭᠤᠯᠬᠤ᠂ ᠪᠠᠷᠢᠮᠵᠢᠶᠠᠵᠢᠭᠰᠠᠨ | ᠦᠢᠯᠡᠳᠪᠦᠷᠢ ᠶᠢᠨ ᠲᠠᠰᠤᠭ ᠢᠶᠠᠷ ᠠᠷᠠᠯᠵᠢᠶᠠᠴᠢᠨ ᠤᠷᠢᠬᠤ ᠵᠡᠷᠭᠡ ᠰᠢᠨ᠎ᠡ ᠬᠡᠯᠪᠡᠷᠢ ᠶᠢ ᠰᠦᠪᠡᠭᠴᠢᠯᠡᠨ᠂ | ᠠᠷᠠᠯᠵᠢᠶᠠᠴᠢᠨ ᠤᠷᠢᠵᠤ ᠪᠡᠯᠡ ᠲᠠᠳᠠᠬᠤ ᠦᠷ᠎ᠡ ᠠᠰᠢᠭ ᠢ ᠲᠡᠰ ᠲᠠᠪᠰᠢᠭᠤᠯᠤᠨ᠎ᠠ᠃ | ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠦᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠂ ᠵᠠᠬ᠎ᠠ ᠲᠡᠯᠭᠡᠭᠦᠷ ᠲᠤ ᠤᠷᠤᠬᠤ ᠰᠦᠷᠭᠡᠦ | ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ︽ᠭᠡᠷᠡᠴᠢ ᠲᠡᠮᠳᠡᠭ ᠢ ᠰᠠᠯᠭᠠᠬᠤ︾ ᠦᠭᠡᠷᠡᠴᠢᠯᠡᠯᠳᠡ | ᠶᠢ ᠭᠦᠨᠵᠡᠭᠡᠢ ᠠᠬᠢᠭᠤᠯᠤᠨ᠎ᠠ᠃ ︽ᠲᠠᠷᠤᠢ ᠲᠦᠷᠭᠡᠨ ᠭᠦᠢᠴᠡᠳᠭᠡᠬᠦ᠂ ᠰᠦᠯᠵᠢᠶᠡᠨ ᠲᠡᠭᠡᠷ᠎ᠡ ᠭᠦᠢᠴᠡᠳᠭᠡᠬᠦ᠂ | ᠤᠶᠢᠷ᠎ᠠ ᠬᠠᠪᠢ ᠳᠤ ᠨᠢ ᠭᠦᠢᠴᠡᠳᠭᠡᠬᠦ︾ ᠵᠠᠷᠴᠢᠮ ᠶᠤᠰᠤᠭᠠᠷ᠂ ᠬᠢᠨᠠᠨ ᠵᠦᠪᠰᠢᠶᠡᠷᠡᠬᠦ ᠭᠤᠭᠴᠤᠭ᠎ᠠ ᠪᠠ | ᠭᠦᠢᠴᠡᠳᠭᠡᠬᠦ ᠴᠠᠭ ᠤᠨ ᠬᠢᠵᠠᠭᠠᠷᠯᠠᠯ ᠢ ᠤᠯᠠᠮ ᠪᠠᠭᠠᠰᠬᠠᠵᠤ᠂ ᠨᠢᠭᠡ ᠲᠠᠩᠬᠢᠮ ᠳᠤ ᠬᠦᠯᠢᠶᠡᠨ ᠠᠪᠴᠦ᠂ ︽ᠬᠠᠮᠤᠭ | ᠠᠷᠪᠢᠨ ᠳᠤ ᠪᠠᠨ ᠨᠢᠭᠡᠯᠡ ᠤᠳᠠᠭ᠎ᠠ ᠤᠴᠢᠬᠤ︾ ᠪᠠ ᠰᠠᠯᠠᠭ᠎ᠠ ᠮᠦᠴᠢᠷ ᠤᠷᠤᠯᠠᠨ ᠭᠦᠢᠴᠡᠳᠭᠡᠬᠦ ᠲᠦᠷᠢᠮ ᠢ | ᠬᠡᠷᠡᠭᠵᠢᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠯᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ ᠶᠢ | ᠲᠦᠷᠭᠡᠬᠡᠨ ᠪᠡᠶᠡᠯᠡᠬᠦᠯᠦᠨ᠎ᠡ᠃ ᠾᠧ ᠮᠧᠢ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ | ᠪᠠᠶᠢᠭᠤᠯᠤᠯᠳᠠ ᠶᠢ ᠴᠢᠩᠭᠠᠳᠬᠠᠵᠤ᠂ ︽ᠰᠦᠯᠵᠢᠶ᠎ᠡ+ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠦᠭᠡᠷᠡᠴᠢᠯᠡᠯᠳᠡ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢᠶᠠᠨ ᠤᠯᠠᠮ ᠨᠢᠭᠡ ᠠᠯᠬᠤᠮ ᠲᠡᠰ ᠲᠠᠪᠰᠢᠭᠤᠯᠤᠨ᠎ᠠ᠃ ᠵᠠᠬ᠎ᠠ ᠲᠡᠯᠭᠡᠭᠦᠷ ᠤᠨ ᠠᠵᠤ ᠠᠬᠤᠢ ᠶᠢᠨ ᠡᠮᠬᠢ | ᠲᠢᠭᠯᠢᠮ ᠢ ᠡᠪᠳᠡᠵᠦ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠡᠷᠬᠡ | ᠲᠡᠭᠰᠢ ᠢᠯᠡ ᠲᠤᠳᠤ᠂ ᠲᠦᠷᠢᠮᠵᠢᠭᠰᠡᠨ ᠡᠮᠬᠢ ᠲᠠᠷᠠᠭᠠᠯᠠᠯ ᠲᠠᠢ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠪᠦᠬᠦ | ᠬᠦᠴᠦᠨ ᠢᠶᠠᠷ ᠢᠶᠠᠨ ᠡᠭᠦᠳᠴᠦ᠂ ᠠᠵᠤ ᠠᠬᠤᠶᠢᠯᠠᠯ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃ | ︵ᠵᠢᠷᠭᠤᠭ᠎ᠠ︶ ᠬᠤᠳᠠ ᠪᠠᠯᠭᠠᠰᠤᠨ ᠤ ᠶᠡᠷᠦᠩᠬᠡᠢ ᠲᠠᠭᠠᠭᠠᠴᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ | ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ ᠲᠦᠯᠦᠪᠵᠢᠭᠦᠯᠭᠡ ᠶᠢ ᠰᠢᠨᠵᠢᠯᠡᠬᠦ ᠤᠬᠠᠭᠠᠴᠢ ᠪᠠᠷ | ᠨᠠᠶᠢᠷᠠᠭᠤᠯᠤᠨ᠎ᠠ᠃ ᠤᠯᠤᠰ ᠤᠨ ︽ᠤᠯᠠᠨ ᠲᠦᠯᠦᠪᠵᠢᠭᠦᠯᠭᠡ ᠶᠢ ᠨᠢᠭᠡᠳᠭᠡᠬᠦ︾ ᠱᠠᠭᠠᠷᠳᠠᠯᠭ᠎ᠠ ᠶᠢ ᠴᠢᠩᠭ᠎ᠠ | ᠲᠤᠤᠱᠯᠠᠭᠤᠯᠵᠤ᠂ ᠡᠬᠢ ᠰᠤᠷᠪᠤᠯᠵᠢ ᠶᠢᠨ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠬᠢ ᠪᠠ ᠤᠯᠤᠰ ᠤᠨ | ᠭᠠᠵᠠᠷ ᠰᠢᠷᠦᠢ ᠶᠢᠨ ᠤᠷᠤᠨ ᠵᠠᠢ ᠶᠢ ᠨᠡᠬᠡᠭᠡᠨ ᠠᠰᠢᠭᠯᠠᠬᠤ ᠲᠤᠬᠢᠷᠠᠮᠵᠢᠳᠤ ᠴᠢᠨᠠᠷ ᠳᠤ ᠦᠨᠡᠯᠡᠯᠳᠡ ᠬᠢᠵᠦ᠂ ᠬᠤᠳᠠ | ᠪᠠᠯᠭᠠᠰᠤᠨ ᠤ ᠬᠦᠭᠵᠢᠯᠳᠡ᠂ ᠬᠦᠳᠡᠭᠡ ᠲᠤᠰᠬᠤᠨ ᠤ ᠪᠠᠶᠢᠭᠤᠯᠤᠯᠳᠠ᠂ ᠰᠠᠭᠤᠷᠢ ᠲᠦᠬᠦᠭᠡᠷᠦᠮᠵᠢ᠂ ᠤᠯᠠᠨ | ᠨᠡᠶᠢᠳᠡ ᠶᠢᠨ ᠦᠢᠯᠡᠴᠢᠯᠡᠭᠡ ᠵᠡᠷᠭᠡ ᠲᠤᠰᠬᠠᠢ ᠲᠦᠷᠦᠯ ᠤᠨ ᠲᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠨᠠᠷᠢᠨ | ᠬᠢᠨᠠᠮᠠᠭᠠᠢ ᠦᠷᠨᠢᠭᠦᠯᠵᠦ᠂ ᠪᠦᠬᠦ ᠬᠤᠰᠢᠭᠤᠨ ᠤ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ | ᠲᠦᠯᠦᠪᠵᠢᠬᠦᠯᠭᠡ ᠶᠢᠨ ︽ᠨᠢᠭᠡ ᠬᠠᠭᠤᠳᠠᠰᠤ ᠵᠢᠷᠤᠭ︾ ᠢ ᠪᠦᠷᠢᠯᠳᠤᠬᠦᠯᠬᠦ ᠶᠢ ᠠᠬᠢᠭᠤᠯᠤᠨ᠎ᠠ᠃ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠪᠠ ᠬᠠᠮᠢᠶᠠᠷᠬᠤ ᠶᠢ ᠲᠦᠯᠦᠪᠵᠢᠭᠦᠯᠭᠡ ᠨᠠᠶᠢᠷᠠᠭᠤᠯᠬᠤ ᠶᠢᠨ ᠵᠠᠩᠬᠢᠯᠠᠭ᠎ᠠ ᠪᠤᠯᠭᠠᠵᠤ᠂ | ᠤᠰᠤ ᠪᠠᠷ ᠠᠵᠤ ᠦᠢᠯᠡᠰ ᠢ ᠲᠤᠭᠳᠠᠭᠠᠵᠤ᠂ ᠤᠰᠤᠨ ᠤ ᠡᠬᠢ ᠰᠤᠷᠪᠤᠯᠵᠢ ᠪᠠᠷ ᠬᠤᠳᠠ ᠪᠠᠯᠭᠠᠰᠤ ᠪᠠᠶᠢᠭᠤᠯᠬᠤ ᠶᠢ | ᠲᠤᠭᠳᠠᠭᠠᠨ᠎ᠠ᠃ ︽ᠬᠠᠷᠠᠴᠢᠨ ᠬᠤᠰᠢᠭᠤᠨ ᠤ ᠬᠤᠳᠠ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ︾ ︽ᠬᠠᠷᠠᠴᠢᠨ | ᠬᠤᠰᠢᠭᠤᠨ ᠤ ᠵᠢᠨᠱᠠᠨ ᠬᠤᠳᠠ ᠲᠤᠭᠤᠷᠢᠭ ᠤᠨ ᠬᠢᠵᠠᠭᠠᠷᠯᠠᠯ ᠤᠨ ᠴᠢᠨᠠᠷᠳᠠᠢ ᠨᠠᠷᠢᠯᠢᠭ ᠲᠦᠯᠦᠪᠵᠢᠭᠦᠯᠭᠡ︾ ᠶᠢ | ᠵᠠᠰᠠᠨ ᠨᠠᠶᠢᠷᠠᠭᠤᠯᠵᠤ᠂ ᠲᠦᠯᠦᠪᠵᠢᠭᠦᠯᠭᠡ ᠬᠡᠷᠡᠭᠵᠢᠬᠦᠯᠬᠦ ᠬᠤᠪᠢᠷᠠᠰᠢ ᠦᠭᠡᠢ ᠬᠢᠵᠠᠭᠠᠷᠯᠠᠯ ᠢ ᠴᠢᠩᠭᠠᠳᠬᠠᠵᠤ᠂ | ᠲᠦᠯᠦᠪᠵᠢᠭᠦᠯᠭᠡ ᠶᠢᠨ ᠡᠷᠬᠡ ᠰᠦᠷᠳᠤ ᠴᠢᠨᠠᠷ ᠢ ᠦᠨᠡᠨᠬᠦ ᠬᠠᠮᠠᠭᠠᠯᠠᠨ᠎ᠠ᠃ | ᠵᠢᠨᠱᠠᠨ ᠬᠤᠳᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠬᠤᠳᠠ | ᠲᠤᠭᠤᠷᠢᠭ ᠤᠨ ᠭᠠᠳᠠᠨ᠎ᠠ ᠲᠤᠭᠤᠷᠢᠯᠳᠠ ᠶᠢᠨ ᠵᠠᠮ ᠢ ᠡᠬᠢᠯᠡᠨ ᠪᠠᠶᠢᠭᠤᠯᠵᠤ᠂ ᠾᠧ ᠪᠢᠨ ᠡᠮᠦᠨ᠎ᠡ ᠵᠡᠭᠡᠯᠢ ᠶᠢᠨ | ᠪᠠᠷᠠᠭᠤᠨ ᠬᠡᠰᠡᠭ᠂ ᠡᠮᠡᠭᠡᠯ ᠠᠭᠤᠯᠠ ᠭᠤᠤᠯ ᠤᠨ ᠪᠠᠷᠠᠭᠤᠨ ᠡᠷᠭᠢ ᠶᠢᠨ ᠵᠠᠮ ᠱᠤᠭᠤᠮ ᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠨᠦᠬᠦᠴᠡᠯ ᠪᠦᠷᠢᠯᠳᠦᠭᠦᠯᠦᠨ ᠬᠡᠷᠡᠭᠵᠢᠬᠦᠯᠦᠨ᠎ᠡ᠃ ᠡᠮᠦᠨ᠎ᠡ ᠠᠭᠤᠯᠠᠨ ᠤ ᠴᠡᠴᠡᠷᠯᠢᠭ ᠤᠨ ᠪᠡᠶ᠎ᠡ | ᠴᠢᠬᠢᠷᠠᠭᠵᠢᠯ ᠤᠨ ᠠᠭᠤᠳᠠᠮ ᠲᠠᠯᠠᠪᠠᠢ ᠶᠢ ᠪᠦᠳᠦᠭᠡᠨ ᠪᠠᠶᠢᠭᠤᠯᠵᠤ᠂ ᠰᠢᠪᠡᠭᠡ ᠭᠤᠤᠯ ᠤᠨ ᠰᠢᠶᠠᠩᠵᠢᠶᠤᠤ | ᠬᠠᠰᠢᠯᠭ᠎ᠠ ᠶᠢᠨ ᠤᠰᠤᠨ ᠴᠦᠬᠦᠷᠦᠮ ᠪᠠ ᠬᠤ᠋ ᠪᠢᠨ ᠪᠡᠶ᠎ᠡ ᠲᠠᠮᠢᠷ ᠤᠨ ᠴᠡᠴᠡᠷᠯᠢᠭ ᠤᠨ ᠠᠮᠤᠷ ᠲᠦᠪᠰᠢᠨ ᠬᠠᠰᠢᠯᠭ᠎ᠠ | ᠶᠢ ᠨᠡᠮᠡᠨ ᠤᠭᠰᠠᠷᠠᠨ᠎ᠠ᠃ ᠪᠧᠢ ᠵᠢᠶᠧ ᠪᠢᠴᠢᠬᠠᠨ ᠭᠤᠳᠤᠮᠵᠢ ᠶᠢ ᠬᠠᠳᠠᠭᠤᠷᠠᠭᠤᠯᠤᠨ ᠭᠡᠷᠡᠯᠳᠦᠭᠦᠯᠭᠡ ᠤᠭᠰᠠᠷᠠᠵᠤ᠂ | ᠯᠦᠩ ᠴᠢᠤᠸᠠᠨ ᠰᠧ ᠰᠦᠮ᠎ᠡ᠂ ᠶᠢᠨ ᠨᠠᠨ ᠶᠡᠭᠡ ᠵᠡᠭᠡᠯᠢ ᠶᠢᠨ ᠵᠡᠭᠦᠨ ᠬᠡᠰᠡᠭ᠂ ᠴᠡᠴᠡᠷᠯᠢᠭ ᠤᠨ ᠵᠠᠮ᠂ ᠾᠧ ᠪᠢᠨ | ᠬᠤᠶᠢᠳᠤ ᠵᠡᠭᠡᠯᠢ ᠶᠢᠨ ᠵᠡᠭᠦᠨ ᠬᠡᠰᠡᠭ ᠤᠨ ᠬᠠᠰᠢᠯᠭ᠎ᠠ ᠶᠢ ᠤᠶᠢᠵᠢᠭᠤᠯᠤᠯᠳᠠ ᠬᠢᠨ᠎ᠡ᠂ ᠬᠤᠭ ᠨᠤᠪᠰᠢ ᠶᠢ | ᠲᠡᠭᠡᠭᠡᠪᠦᠷᠢᠯᠡᠬᠦ 3 ᠦᠷᠳᠡᠭᠡ ᠶᠢ ᠦᠭᠡᠷᠡᠴᠢᠯᠡᠨ ᠪᠠᠶᠢᠭᠤᠯᠤᠨ᠎ᠠ᠃ ᠬᠤᠳᠠ ᠪᠠᠯᠭᠠᠰᠤᠨ ᠤ ᠤᠯᠤᠰ ᠤᠨ | ᠦᠮᠴᠢᠯᠡᠯ ᠤᠨ ᠭᠠᠵᠠᠷ ᠰᠢᠷᠤᠢ ᠲᠡᠭᠡᠷᠡᠬᠢ ᠭᠡᠷ ᠬᠦᠷᠦᠩᠭᠡ ᠶᠢᠨ ᠡᠷᠬᠡ ᠶᠢᠨ ᠬᠠᠷᠢᠶ᠎ᠠ ᠶᠢ ᠲᠠᠩᠰᠠᠯᠠᠬᠤ ᠵᠡᠷᠭᠡ ᠲᠡᠦᠬᠡᠨ | ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠤᠯᠢ ᠶᠤᠰᠤᠭᠠᠷ ᠢᠳᠡᠪᠬᠢᠳᠡᠢ ᠰᠢᠢᠳᠪᠦᠷᠢᠯᠡᠵᠦ᠂ ᠬᠠᠭᠤᠴᠢᠨ | ᠪᠠᠭ᠎ᠠ ᠲᠤᠭᠤᠷᠢᠭ ᠤᠨ ᠦᠭᠡᠷᠡᠴᠢᠯᠡᠯᠳᠡ ᠶᠢ ᠠᠯᠬᠤᠮ ᠬᠤᠪᠢᠶᠠᠨ ᠬᠡᠷᠡᠭᠵᠢᠬᠦᠯᠦᠨ᠎ᠡ᠃ ᠨᠡᠶᠢᠭᠡᠮ ᠲᠤᠭᠤᠷᠢᠭ ᠤᠨ | ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠤᠷᠴᠢᠯᠠᠭᠰᠠᠨ | ᠬᠠᠮᠢᠶᠠᠷᠤᠯᠳᠠ ᠶᠢᠨ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠪᠠᠶᠢᠳᠠᠯ ᠢ ᠨᠢ ᠦᠨᠳᠦᠰᠦᠯᠡᠵᠦ | ᠬᠤᠯᠪᠤᠨ ᠨᠡᠪᠳᠡᠷᠡᠬᠦᠯᠬᠦ ᠪᠤᠶᠤ ᠪᠢᠳᠡᠭᠦᠮᠵᠢᠯᠡᠯᠳᠡ ᠬᠢᠨ᠎ᠡ᠂ ᠶᠢᠨ ᠶᠤᠸᠠᠨ ᠨᠡᠶᠢᠭᠡᠮ ᠲᠤᠭᠤᠷᠢᠭ ᠤᠨ ᠠᠯᠪᠠᠯᠠᠬᠤ | ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠳᠠ ᠶᠢ ᠲᠦᠷᠢᠮᠵᠢᠬᠦᠯᠬᠦ | ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠦ᠂ ᠠᠳᠠᠯ ᠠᠬᠤᠢ ᠶᠢᠨ ᠰᠢᠯᠢᠳᠡᠭ | ᠦᠢᠯᠡᠴᠢᠯᠡᠭᠡ ᠪᠦᠬᠦᠢ ᠠᠵᠤ ᠠᠬᠤᠶᠢᠯᠠᠯ ᠢ ᠪᠤᠶᠢᠵᠢᠭᠤᠯᠤᠨ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ | ᠲᠦᠪᠰᠢᠨ ᠢ ᠲᠡᠰ ᠲᠠᠪᠰᠢᠭᠤᠯᠤᠨ᠎ᠠ᠃ ᠪᠤᠳᠠᠰ ᠤᠨ ᠭᠦᠢᠯᠭᠡᠭᠡ ᠶᠢ ᠲᠦᠪᠯᠡᠷᠡᠬᠦᠯᠦᠨ ᠲᠠᠷᠬᠠᠭᠠᠬᠤ ᠲᠦᠪ ᠪᠠ ᠮᠠᠰᠢᠨ | ᠲᠡᠷᠭᠡ ᠶᠢ ᠰᠡᠯᠪᠢᠨ ᠵᠠᠰᠠᠬᠤ ᠲᠤᠭᠤᠷᠢᠭ ᠢ ᠲᠦᠯᠦᠪᠵᠢᠬᠦᠯᠦᠨ ᠪᠠᠶᠢᠭᠤᠯᠵᠤ᠂ ᠬᠤᠪᠢ ᠪᠠᠷ ᠪᠠᠷᠢᠬᠤ ᠲᠤᠷ᠎ᠠ ᠪᠠᠷ ᠢᠶᠠᠨ | ᠪᠠᠶᠢᠭᠤᠯᠬᠤ ᠬᠠᠤᠯᠢ ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠬᠤᠳᠠ ᠶᠢᠨ | ᠲᠦᠷᠢ ᠲᠦᠷᠬᠦ ᠪᠠ ᠬᠤᠳᠠ ᠲᠤᠭᠤᠷᠢᠭ ᠤᠨ ᠡᠮᠬᠢ ᠲᠢᠭᠯᠢᠮ ᠢ ᠶᠡᠷᠦᠩᠭᠡᠶᠢᠯᠡᠨ ᠴᠡᠭᠴᠡᠯᠡᠨ ᠵᠠᠰᠠᠨ᠎ᠠ᠃ | ᠾᠧ ᠮᠧᠢ ᠲᠤᠭᠤᠷᠢᠭ ᠤᠨ ᠲᠠᠭᠠᠭᠠᠴᠠ ᠶᠢᠨ ᠴᠢᠳᠠᠪᠬᠢ ᠶᠢ ᠲᠡᠰ ᠲᠠᠪᠰᠢᠭᠤᠯᠤᠨ᠎ᠠ᠃ ᠲᠤᠭᠤᠷᠢᠭ ᠤᠨ | ᠲᠦᠬᠦᠷᠵᠢᠭᠦᠯᠦᠭᠰᠡᠨ ᠦᠢᠯᠡᠴᠢᠯᠡᠭᠡᠨ ᠤ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠬᠦᠯᠵᠦ᠂ ᠹᠦ᠋ ᠾᠧ | ᠪᠠᠷᠠᠭᠤᠨ ᠵᠡᠭᠡᠯᠢ᠂ ᠰᠠᠯᠪᠤᠷᠢ ᠨᠠᠢᠮᠠᠨ ᠵᠡᠭᠡᠯᠢ ᠶᠢ ᠨᠡᠪᠳᠡᠷᠡᠭᠦᠯᠵᠦ᠂ ᠾᠧ ᠮᠧᠢ ᠡᠮᠦᠨ᠎ᠡ ᠵᠠᠮ᠂ ᠰᠠᠯᠪᠤᠷᠢ ᠭᠤᠷᠪᠠᠨ | ᠵᠡᠭᠡᠯᠢ ᠵᠡᠷᠭᠡ ᠲᠤᠭᠤᠷᠢᠭ ᠤᠨ ᠭᠤᠤᠯ ᠲᠡᠳ᠋ ᠱᠤᠭᠤᠮ ᠢ ᠨᠤᠷᠠᠭᠠᠨ ᠰᠢᠯᠵᠢᠬᠦᠯᠬᠦ ᠪᠠ ᠪᠠᠶᠢᠭᠤᠯᠬᠤ ᠠᠵᠢᠯ ᠢ ᠴᠢᠷᠮᠠᠶᠢᠨ | ᠡᠬᠢᠯᠡᠬᠦᠯᠦᠨ᠎ᠡ᠃ ᠪᠠᠷᠠᠭᠤᠨ ᠲᠤᠭᠤᠷᠢᠯᠳᠠ ᠶᠢᠨ ᠵᠠᠮ᠂ ᠰᠢᠩ ᠶᠤᠸᠠᠨ ᠵᠠᠮ ᠢ ᠤᠶᠢᠵᠢᠭᠤᠯᠤᠨ ᠴᠢᠮᠠᠵᠦ᠂ | ᠲᠤᠭᠤᠷᠢᠭ ᠤᠨ ᠭᠤᠤᠯ ᠰᠠᠯᠪᠤᠷᠢ ᠱᠤᠭᠤᠮ ᠤᠨ ᠪᠤᠷᠤᠭᠠᠨ ᠤ ᠤᠰᠤ ᠶᠢ ᠰᠠᠯᠪᠤᠷᠢᠯᠠᠭᠤᠯᠤᠨ ᠦᠭᠡᠷᠡᠴᠢᠯᠡᠬᠦ | ᠢᠨᠵᠧᠨᠧᠷᠢᠩ ᠢ ᠠᠯᠬᠤᠮ ᠬᠤᠪᠢᠶᠠᠨ ᠬᠡᠷᠡᠭᠵᠢᠬᠦᠯᠵᠦ᠂ ᠬᠤᠭ ᠨᠤᠪᠰᠢ ᠲᠠᠮᠵᠢᠭᠤᠯᠬᠤ 3 ᠦᠷᠳᠡᠭᠡ ᠶᠢ ᠰᠢᠨ᠎ᠡ ᠪᠠᠷ | ᠪᠠᠶᠢᠭᠤᠯᠤᠨ᠎ᠠ᠃ ᠵᠦᠩ ᠲᠢᠶᠠᠨ᠂ ᠳ᠋ᠠ ᠳ᠋ᠢ ᠵᠡᠷᠭᠡ ᠠᠵᠤ ᠦᠢᠯᠡᠰ ᠤᠨ ᠲᠦᠬᠦᠷᠵᠢᠭᠦᠯᠦᠭᠰᠡᠨ ᠨᠡᠭᠡᠭᠡᠨ ᠠᠰᠢᠭᠯᠠᠬᠤ | ᠲᠦᠷᠦᠯ ᠵᠦᠢᠯ ᠢ ᠬᠡᠷᠡᠭᠵᠢᠬᠦᠯᠵᠦ᠂ ᠲᠤᠭᠤᠷᠢᠭ ᠤᠨ ᠬᠦᠮᠦᠨ ᠠᠮᠠ ᠶᠢᠨ ᠲᠦᠪᠯᠡᠷᠡᠯ᠂ ᠠᠵᠤ ᠦᠢᠯᠡᠰ ᠤᠨ | ᠲᠠᠭᠠᠭᠠᠴᠠ ᠶᠢᠨ ᠴᠢᠳᠠᠪᠬᠢ ᠶᠢ ᠲᠡᠰ ᠲᠠᠪᠰᠢᠭᠤᠯᠤᠨ᠎ᠠ᠃ ᠵᠠᠮ ᠬᠠᠷᠢᠯᠴᠠᠭ᠎ᠠ ᠶᠢ ᠶᠡᠷᠦᠩᠭᠡᠶᠢᠯᠡᠨ ᠵᠠᠰᠠᠬᠤ ᠶᠢ | ᠴᠢᠩᠭᠠᠳᠬᠠᠵᠤ᠂ ᠲᠡᠷᠭᠡᠨ ᠵᠤᠭᠰᠤᠭᠠᠯ ᠤᠨ ᠬᠠᠮᠢᠶᠠᠷᠤᠯᠳᠠ ᠶᠢ ᠲᠦᠷᠢᠮᠵᠢᠭᠦᠯᠵᠦ᠂ ᠤᠷᠴᠢᠨ ᠲᠤᠭᠤᠷᠢᠨ ᠤ ᠡᠷᠡᠭᠦᠯ | ᠬᠠᠮᠠᠭᠠᠯᠠᠯ ᠢ ᠬᠠᠮᠠᠭᠠᠯᠠᠬᠤ ᠦᠷ᠎ᠡ ᠠᠰᠢᠭ ᠢ ᠬᠢᠨᠠᠨ ᠰᠢᠯᠭᠠᠬᠤ ᠶᠢ ᠴᠢᠩᠭᠠᠷᠠᠭᠤᠯᠵᠤ᠂ ᠲᠤᠭᠤᠷᠢᠭ ᠤᠨ | ᠶᠡᠷᠦᠩᠬᠡᠶᠢᠯᠡᠭᠰᠡᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠰ ᠲᠠᠪᠰᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠳᠤᠯᠠᠬᠤ ᠪᠠ ᠰᠠᠶᠢᠵᠢᠷᠠᠭᠤᠯᠤᠨ᠎ᠠ | ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠵᠤᠬᠢᠴᠠᠩᠭᠤᠢ ᠬᠦᠭᠵᠢᠬᠦᠯᠬᠦ ᠶᠢ ᠠᠬᠢᠭᠤᠯᠤᠨ᠎ᠠ᠃ ᠰᠤᠷᠭᠠᠨ ᠬᠦᠮᠦᠵᠢᠯ ᠢ | ᠡᠩ ᠲᠡᠷᠢᠬᠦᠨ ᠳᠤ ᠬᠦᠭᠵᠢᠬᠦᠯᠬᠦ ᠶᠢ ᠪᠠᠷᠢᠮᠳᠠᠯᠠᠨ᠎ᠠ᠂ ᠵᠢᠨᠱᠠᠨ ᠤ ᠲᠦᠷᠪᠡᠳᠦᠭᠡᠷ ᠲᠤᠮᠳᠠᠳᠤ ᠰᠤᠷᠭᠠᠭᠤᠯᠢ᠂ ᠵᠢᠨᠱᠠᠨ | ᠵᠢᠷᠭᠤᠳᠤᠭᠠᠷ ᠪᠠᠭ᠎ᠠ ᠰᠤᠷᠭᠠᠭᠤᠯᠢ᠂ ᠨᠢᠦ ᠵᠢᠶᠠ ᠶᠢᠩᠽᠢ ᠤᠨ ᠸᠠᠩ ᠶᠢᠩᠽᠢ ᠪᠠᠭ᠎ᠠ ᠰᠤᠷᠭᠠᠭᠤᠯᠢ᠂ ᠰᠢ | ᠴᠢᠶᠤᠤ ᠶᠢᠨ ᠡᠸ᠋ᠨ ᠵᠧᠦ ᠪᠠᠭ᠎ᠠ ᠰᠤᠷᠭᠠᠭᠤᠯᠢ᠂ ᠭᠦᠩ ᠶᠢᠩᠽᠢ ᠪᠠᠭ᠎ᠠ ᠰᠤᠷᠭᠠᠭᠤᠯᠢ ᠪᠠ ᠨᠠᠷᠢᠨ᠂ ᠾᠧ ᠮᠧᠢ᠂ ᠨᠢᠦ | ᠵᠢᠶᠠ ᠶᠢᠩᠽᠢ ᠶᠢᠨ 3 ᠬᠡᠦᠬᠡᠳ ᠤᠨ ᠴᠡᠴᠡᠷᠯᠢᠭ ᠡᠬᠢᠯᠡᠨ ᠪᠠᠶᠢᠭᠤᠯᠵᠤ᠂ ᠰᠢ ᠴᠢᠶᠤᠤ ᠰᠤᠷᠭᠠᠭᠤᠯᠢ ᠶᠢᠨ | ᠶᠡᠷᠦᠩᠬᠡᠶᠢᠯᠡᠭᠰᠡᠨ ᠵᠢᠭᠠᠬᠤ ᠠᠰᠠᠷ ᠢ ᠠᠰᠢᠭᠯᠠᠯᠳᠠ ᠳᠤ ᠤᠷᠤᠭᠤᠯᠬᠤ ᠶᠢ ᠪᠠᠳᠤᠯᠠᠵᠤ᠂ ᠬᠤᠳᠠ ᠪᠠᠯᠭᠠᠰᠤᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠢ ᠰᠢᠯᠢᠳᠡᠭᠵᠢᠬᠦᠯᠤᠨ ᠲᠡᠩᠴᠡᠭᠦᠷᠢᠳᠡᠢ ᠬᠦᠭᠵᠢᠯᠳᠡ ᠶᠢ ᠦᠷᠭᠦᠯᠵᠢᠯᠡᠨ | ᠠᠬᠢᠭᠤᠯᠤᠨ᠎ᠠ᠃ ᠪᠠᠭᠰᠢ ᠶᠢ ᠲᠠᠳᠠᠨ ᠠᠪᠴᠢᠷᠠᠵᠦ ᠲᠠᠪᠳᠠᠨ ᠪᠤᠯᠪᠠᠰᠤᠷᠠᠭᠤᠯᠬᠤ ᠶᠢ ᠴᠢᠩᠭᠠᠳᠬᠠᠨ᠂ ᠰᠤᠷᠭᠠᠨ | ᠬᠦᠮᠦᠵᠢᠯ ᠤᠨ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ᠰᠤᠷᠭᠠᠭᠤᠯᠢ ᠶᠢᠨ ᠰᠤᠷᠳᠠᠯ᠂ | ᠪᠠᠭᠰᠢ ᠶᠢᠨ ᠮᠤᠷᠠᠯ ᠰᠤᠷᠲᠠᠯ ᠪᠠ ᠵᠠᠯᠠᠭᠤ ᠪᠠᠭᠠᠴᠤᠳ ᠤᠨ ᠬᠦᠰᠡᠯᠡᠩ ᠤᠨ ᠬᠦᠮᠦᠵᠢᠯ᠂ ᠤᠯᠤᠰ ᠢᠶᠠᠨ ᠬᠠᠶᠢᠷᠠᠯᠠᠬᠤ | ᠬᠦᠮᠦᠵᠢᠯ ᠢ ᠴᠢᠩᠭᠠᠳᠬᠠᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠳᠠ ᠶᠢ ᠲᠦᠷᠭᠡᠳᠭᠡᠨ᠎ᠡ᠂ | ᠮᠡᠶᠢᠷᠡᠨ᠂ ᠸᠠᠩ ᠤᠨ ᠬᠤᠷᠢᠶ᠎ᠠ᠂ ᠶᠦᠩ ᠹᠧᠩ ᠵᠡᠷᠭᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ | ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ | ᠦᠭᠡᠷᠡᠴᠢᠯᠡᠯᠳᠡ ᠶᠢ ᠭᠦᠨᠵᠡᠭᠡᠶᠢᠷᠡᠬᠦᠯᠵᠦ᠂ ᠱᠠᠳᠤ ᠬᠤᠪᠢᠶᠠᠨ ᠡᠮᠴᠢᠯᠡᠬᠦ ᠲᠦᠷᠢᠮ ᠢ ᠲᠡᠭᠦᠯᠳᠡᠷᠵᠢᠬᠦᠯᠵᠦ᠂ | ᠡᠮᠴᠢᠯᠡᠭᠡᠨ ᠤ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠨ᠎ᠠ᠃ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠭᠤᠤᠯᠳᠠᠯᠭ᠎ᠠ | ᠲᠠᠢ ᠬᠡᠰᠡᠭ᠂ ᠭᠤᠤᠯᠳᠠᠯᠭ᠎ᠠ ᠲᠠᠢ ᠬᠦᠮᠦᠰ ᠢ ᠪᠠᠶᠢᠴᠠᠭᠠᠨ ᠡᠵᠡᠮᠳᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠵᠢᠯ ᠢ ᠦᠴᠦᠭᠡᠨ ᠴᠤ ᠰᠤᠯᠠᠷᠠᠭᠤᠯᠤᠯ ᠦᠭᠡᠢ ᠪᠤᠳᠠᠳᠠᠶᠢᠵᠢᠭᠤᠯᠤᠨ ᠨᠠᠷᠢᠯᠢᠭ ᠪᠤᠯᠭᠠᠨ᠎ᠠ᠃ ᠬᠤᠰᠢᠭᠤᠨ ᠤ | ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠲᠦᠪ ᠤᠨ ᠲᠦᠷᠦᠯ ᠵᠦᠢᠯ ᠢ ᠢᠳᠡᠪᠬᠢᠳᠡᠢ ᠡᠷᠡᠮᠡᠯᠵᠡᠯᠡᠨ ᠮᠡᠳᠡᠭᠦᠯᠵᠦ᠂ | ᠤᠯᠠᠭᠠᠨᠬᠠᠳᠠ ᠬᠤᠳᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠪᠤᠯᠪᠠᠰᠤᠷᠠᠭᠤᠯᠤᠯ ᠤᠨ ᠰᠠᠭᠤᠷᠢᠨ | ᠭᠠᠵᠠᠷ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠠᠳᠡᠯ ᠢ | ᠰᠡᠷᠭᠡᠶᠢᠯᠡᠨ ᠡᠵᠡᠮᠳᠡᠬᠦ ᠪᠠ ᠪᠠᠴᠢᠮ ᠠᠪᠤᠷᠠᠯᠳᠠ ᠬᠢᠬᠦ ᠶᠢ ᠰᠠᠶᠢᠳᠤᠷ ᠬᠢᠵᠦ᠂ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠪᠠ ᠤᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠠ ᠦᠵᠡᠬᠦᠯᠬᠦ ᠤᠷᠤᠨ ᠤ | ᠪᠠᠶᠢᠭᠤᠯᠤᠯᠳᠠ ᠶᠢᠨ ᠦᠷ᠎ᠡ ᠪᠦᠳᠦᠭᠡᠯ ᠢ ᠪᠠᠳᠤᠳᠬᠠᠨ ᠲᠡᠭᠡᠭᠰᠢᠯᠡᠬᠦᠯᠦᠨ᠎ᠡ᠃ ᠰᠤᠶᠤᠯ ᠪᠡᠶ᠎ᠡ ᠲᠠᠮᠢᠷ ᠤᠨ ᠦᠢᠯᠡᠰ ᠢ | ᠶᠡᠬᠡᠪᠡᠷ ᠬᠦᠭᠵᠢᠬᠦᠯᠦᠨ᠎ᠡ᠂ ᠪᠦᠬᠦ ᠤᠯᠤᠰ ᠤᠨ ᠰᠤᠶᠤᠯ ᠰᠢᠨᠵᠢᠯᠡᠬᠦ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ | ᠬᠦᠳᠡᠭᠡ ᠬᠦᠷᠭᠡᠬᠦ︾ ᠬᠦᠳᠡᠯᠭᠡᠭᠡᠨ ᠢ ᠪᠠᠳᠤᠳᠠᠢ ᠦᠷᠨᠢᠬᠦᠯᠵᠦ᠂ ᠤᠯᠠᠭᠠᠮᠦ᠋ᠴᠢᠷ ᠤᠨ ᠰᠤᠶᠤᠯ ᠤᠷᠠᠯᠢᠭ ᠤᠨ ᠵᠤᠬᠢᠶᠠᠨ | ᠪᠦᠳᠦᠭᠡᠯᠳᠡ ᠶᠢ ᠵᠤᠷᠢᠭᠵᠢᠭᠤᠯᠤᠨ ᠲᠡᠮᠵᠢᠵᠦ᠂ ᠰᠤᠶᠤᠯ ᠢᠶᠠᠷ ᠠᠷᠠᠳ ᠲᠤ ᠬᠠᠷᠠᠭᠠᠯᠵᠠᠯᠠᠯ ᠦᠵᠡᠬᠦᠯᠬᠦ ᠬᠦᠳᠡᠯᠭᠡᠭᠡᠨ | ᠪᠠ ᠪᠦᠬᠦ ᠠᠷᠠᠳ ᠤᠨ ᠪᠡᠶ᠎ᠡ ᠴᠢᠬᠢᠷᠠᠭᠵᠢᠯ ᠤᠨ ᠬᠦᠳᠡᠯᠭᠡᠭᠡᠨ ᠢ ᠢᠳᠡᠪᠬᠢᠳᠡᠢ ᠦᠷᠨᠢᠭᠦᠯᠦᠨ᠎ᠡ᠃ ᠬᠤᠰᠢᠭᠤᠨ ᠤ | ᠲᠠᠩᠰᠠ ᠡᠪᠬᠡᠮᠡᠯ ᠤᠨ ᠤᠷᠳᠤᠨ ᠤ ᠪᠠᠶᠢᠭᠤᠯᠤᠯᠳᠠ ᠶᠢᠨ ᠲᠦᠯᠦᠪᠵᠢᠭᠦᠯᠭᠡ ᠶᠢ ᠬᠢᠨ᠎ᠡ᠃ ᠤᠯᠤᠰ ᠤᠨ ᠬᠠᠮᠠᠭᠠᠯᠠᠯᠳᠠ | ᠪᠠ ᠴᠡᠷᠢᠭ ᠠᠩᠬᠢ ᠶᠢᠨ ᠪᠠᠶᠢᠭᠤᠯᠤᠯᠳᠠ ᠶᠢ ᠲᠡᠮᠵᠢᠵᠦ᠂ ᠴᠡᠷᠢᠭ ᠠᠷᠠᠳ ᠤᠨ ᠬᠠᠮ ᠬᠦᠭᠵᠢᠯᠳᠡ ᠶᠢ ᠠᠬᠢᠭᠤᠯᠤᠨ᠎ᠠ᠃ | | ᠨᠡᠶᠢᠭᠡᠮ ᠤᠨ ᠪᠠᠳᠤᠯᠠᠭᠠᠨ ᠤ ᠬᠢᠷᠢ ᠲᠦᠪᠰᠢᠨ ᠢᠶᠠᠨ ᠪᠠᠳᠤᠳᠬᠠᠨ ᠲᠡᠰ ᠲᠠᠪᠰᠢᠭᠤᠯᠤᠨ᠎ᠠ᠃ ᠠᠵᠢᠯ ᠤᠯᠭᠤᠯᠳᠠ ᠶᠢ | ᠲᠤᠭᠳᠠᠭᠤᠨ ᠪᠠᠶᠢᠯᠭᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠲᠡᠭᠦᠯᠳᠡᠷᠵᠢᠬᠦᠯᠵᠦ᠂ | ᠲᠡᠭᠡᠳᠦ ᠰᠤᠷᠭᠠᠭᠤᠯᠢ ᠠᠴᠠ ᠲᠡᠭᠦᠰᠦᠭᠴᠢᠳ᠂ ᠴᠡᠷᠢᠭ ᠠᠴᠠ ᠬᠠᠯᠠᠭᠳᠠᠭᠰᠠᠳ᠂ ᠬᠤᠳᠠ ᠪᠠᠯᠭᠠᠰᠤᠨ ᠤ ᠠᠵᠢᠯ | ᠤᠯᠬᠤ ᠳᠤ ᠬᠦᠴᠢᠷᠳᠡᠢ ᠬᠦᠮᠦᠰ ᠪᠠ ᠠᠵᠢᠯ ᠤᠯᠭᠤᠯᠳᠠ ᠪᠠᠶᠢᠬᠤ ᠦᠭᠡᠢ ᠭᠡᠷ ᠪᠦᠯᠢ ᠵᠡᠷᠭᠡ ᠬᠦᠮᠦᠰ ᠤᠨ ᠠᠵᠢᠯ | ᠤᠯᠭᠤᠯᠳᠠ ᠶᠢ ᠭᠤᠤᠯᠳᠠᠯᠭ᠎ᠠ ᠲᠠᠢ ᠰᠠᠶᠢᠨ ᠬᠢᠨ᠎ᠡ᠂ ᠬᠤᠳᠠ ᠪᠠᠯᠭᠠᠰᠤᠨ ᠤ 1200 ᠬᠦᠮᠦᠨ ᠳᠤ ᠰᠢᠨ᠎ᠡ ᠪᠠᠷ | ᠠᠵᠢᠯ ᠤᠯᠭᠤᠵᠤ᠂ ᠠᠵᠢᠯ ᠤᠯᠤᠭ᠎ᠠ ᠦᠭᠡᠢ ᠭᠡᠷ ᠪᠦᠯᠢ ᠶᠢᠨ ᠪᠠᠶᠢᠳᠠᠯ ᠦᠭᠡᠢ ᠪᠤᠯᠭᠠᠨ᠎ᠠ᠃ ᠠᠵᠢᠯ | ᠤᠯᠭᠤᠯᠳᠠ ᠶᠢᠨ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠨ᠂ ᠦᠢᠯᠡᠰ ᠪᠦᠳᠦᠭᠡᠯᠳᠡ ᠪᠠᠷ ᠠᠵᠢᠯ ᠤᠯᠭᠤᠯᠳᠠ ᠶᠢ | ᠲᠠᠶᠢᠴᠢᠯᠠᠬᠤ ᠶᠢ ᠠᠬᠢᠭᠤᠯᠵᠤ᠂ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠶᠢ ᠵᠤᠷᠢᠭᠵᠢᠭᠤᠯᠤᠨ᠎ᠠ᠃ | ᠨᠡᠶᠢᠭᠡᠮ ᠤᠨ ᠪᠠᠳᠤᠯᠠᠭ᠎ᠠ ᠪᠠ ᠨᠡᠶᠢᠭᠡᠮ ᠨᠡᠶᠢᠲᠡ ᠶᠢᠨ ᠠᠪᠤᠷᠠᠨ ᠲᠡᠳᠬᠦᠬᠦ ᠲᠤᠭᠳᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠬᠦᠯᠵᠦ᠂ ᠨᠡᠶᠢᠭᠡᠮ ᠤᠨ ᠲᠠᠭᠠᠳᠬᠠᠯ ᠤᠨ ᠪᠦᠷᠭᠦᠴᠡ ᠶᠢ ᠦᠷᠭᠦᠯᠵᠢᠯᠡᠨ ᠦᠷᠭᠡᠳᠭᠡᠵᠦ᠂ ᠡᠮ | ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠬᠦᠨ ᠤ ᠬᠠᠮᠢᠶᠠᠷᠤᠯᠳᠠ ᠶᠢ ᠴᠢᠩᠭᠠᠳᠬᠠᠨ᠂ ᠬᠤᠳᠠ ᠪᠠᠯᠭᠠᠰᠤᠨ ᠤ | ᠲᠤᠤᠷ᠎ᠠ ᠪᠠᠳᠤᠯᠠᠭ᠎ᠠ᠂ ᠤᠨᠴᠠ ᠬᠦᠴᠢᠷᠳᠡᠯᠳᠡᠢ ᠶᠢ ᠲᠡᠳᠬᠦᠨ ᠲᠡᠵᠢᠭᠡᠬᠦ᠂ ᠦᠨᠦᠴᠢᠨ ᠵᠡᠮᠳᠡᠭ ᠵᠡᠷᠭᠡ ᠬᠦᠮᠦᠰ ᠤᠨ | ᠨᠡᠶᠢᠭᠡᠮ ᠨᠡᠶᠢᠲᠡ ᠶᠢᠨ ᠲᠡᠳᠬᠦᠨ ᠲᠡᠮᠵᠢᠬᠦ ᠪᠠᠷᠢᠮᠵᠢᠶ᠎ᠠ ᠶᠢ ᠯᠠᠪᠳᠠᠭᠤᠨ ᠢᠶᠠᠷ ᠲᠡᠭᠡᠭᠰᠢᠯᠡᠬᠦᠯᠵᠦ᠂ ᠬᠦᠴᠢᠷᠳᠡᠯᠳᠡᠢ | ᠬᠦᠮᠦᠰ ᠢ ᠲᠡᠳᠬᠦᠨ ᠲᠡᠮᠵᠢᠬᠦ ᠪᠦᠷᠭᠦᠴᠡ ᠶᠢ ᠦᠷᠭᠦᠯᠵᠢᠯᠡᠨ ᠦᠷᠭᠡᠳᠭᠡᠨ᠎ᠡ᠃ ᠨᠠᠰᠤᠳᠠᠶᠢᠴᠤᠳ ᠤᠨ ᠡᠷᠡᠭᠦᠯᠵᠢᠯ | ᠰᠤᠪᠢᠯᠠᠯ ᠤᠨ ᠬᠦᠷᠢᠶᠡᠯᠡᠩ᠂ ᠡᠮᠨᠡᠨ ᠠᠰᠠᠷᠠᠬᠤ ᠬᠡᠯᠪᠡᠷᠢ ᠶᠢᠨ ᠨᠠᠰᠤᠳᠠᠨ ᠢ ᠠᠰᠠᠷᠠᠬᠤ ᠬᠦᠷᠢᠶᠡᠯᠡᠩ ᠢ ᠠᠰᠢᠭᠯᠠᠨ | ᠬᠡᠷᠡᠭᠯᠡᠬᠦ ᠶᠢ ᠠᠬᠢᠭᠤᠯᠵᠤ᠂ ᠨᠡᠶᠢᠬᠡᠮ ᠨᠠᠶᠢᠳᠡ ᠶᠢᠨ ᠬᠦᠴᠦᠨ ᠠᠴᠠ ᠨᠠᠰᠤᠳᠠᠨ ᠢ ᠠᠰᠠᠷᠠᠬᠤ ᠦᠢᠯᠡᠴᠢᠯᠡᠭᠡ | ᠬᠦᠭᠵᠢᠬᠦᠯᠬᠦ ᠶᠢ ᠲᠡᠮᠵᠢᠨ᠎ᠡ᠃ | ᠨᠡᠶᠢᠭᠡᠮ ᠢ ᠵᠠᠰᠠᠬᠤ ᠰᠢᠰᠲ᠋ᠧᠮ ᠢ ᠲᠦᠷᠭᠡᠳᠭᠡᠨ ᠲᠡᠭᠦᠯᠳᠡᠷᠵᠢᠬᠦᠯᠦᠨ᠎ᠡ᠃ ᠠᠮᠤᠷ ᠲᠦᠪᠰᠢᠨ ᠦᠢᠯᠡᠳᠪᠦᠷᠢᠯᠡᠯ ᠤᠨ | ᠬᠠᠷᠢᠭᠤᠴᠯᠠᠭ᠎ᠠ ᠶᠢᠨ ᠲᠦᠷᠢᠮ ᠢ ᠴᠢᠩᠭ᠎ᠠ ᠲᠤᠤᠱᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ | ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ᠪᠠ ᠭᠡᠮ ᠰᠤᠭᠤᠭ ᠢ ᠪᠠᠶᠢᠴᠠᠭᠠᠨ ᠵᠠᠰᠠᠬᠤ ᠠᠵᠢᠯ ᠢ ᠰᠠᠶᠢᠳᠤᠷ | ᠠᠳᠬᠤᠵᠤ᠂ ᠪᠦᠬᠦ ᠠᠵᠢᠯ ᠲᠦᠷᠦᠯ᠂ ᠪᠦᠬᠦ ᠲᠠᠷᠠᠭᠠᠯᠠᠯ ᠢᠶᠠᠷ ᠪᠠᠷᠢᠮᠵᠢᠶᠠᠵᠢᠭᠤᠯᠤᠨ ᠦᠢᠯᠡᠳᠪᠦᠷᠢᠯᠡᠯ ᠬᠢᠬᠦ ᠶᠢ | ᠬᠡᠷᠡᠭᠵᠢᠬᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠤ ᠲᠤᠮᠤ ᠬᠡᠷᠡᠭ ᠠᠳᠡᠯ ᠡᠭᠦᠰᠬᠦ ᠶᠢ ᠰᠡᠷᠭᠡᠶᠢᠯᠡᠨ | ᠬᠤᠷᠢᠭᠯᠠᠨ᠎ᠠ᠃ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠲᠤᠤᠱᠯᠠᠭᠤᠯᠵᠤ᠂ ᠢᠳᠡᠭᠡᠨ ᠡᠮ ᠤᠨ | ᠵᠦᠢᠯ ᠤᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠪᠠ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ᠂ ᠠᠵᠢᠯ | ᠲᠦᠷᠦᠯ ᠤᠨ ᠰᠠᠮᠠᠭᠤᠷᠠᠯ ᠢ ᠦᠷᠭᠦᠯᠵᠢᠯᠡᠨ ᠵᠠᠰᠠᠵᠤ᠂ ᠦᠩᠭᠡᠨ ᠲᠠᠯ᠎ᠠ ᠦᠨᠳᠦᠰᠦᠨ ᠠᠴᠠ ᠨᠢ ᠬᠠᠮᠳᠤᠷᠠᠭᠤᠯᠤᠨ | ᠵᠠᠰᠠᠬᠤ ᠶᠢ ᠪᠠᠷᠢᠮᠳᠠᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠪᠤᠢ ᠪᠤᠯᠬᠤ ᠬᠦᠷᠦᠰᠦ ᠰᠢᠷᠦᠢ ᠶᠢ | ᠲᠤᠶᠢᠯᠪᠤᠷᠢᠳᠠᠢ ᠠᠷᠢᠯᠭᠠᠨ᠎ᠠ᠃ ᠨᠡᠭᠦᠷᠡᠰᠦᠨ ᠠᠭᠤᠷᠬᠠᠢ ᠶᠢᠨ ᠬᠦᠷᠢᠶ᠎ᠡ ᠬᠡᠪᠴᠢᠶᠡᠨ ᠳᠠᠬᠢ ᠬᠠᠤᠯᠢ ᠲᠦᠷᠢᠮ | ᠵᠦᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠬᠦ ᠪᠠ ᠠᠰᠠᠭᠤᠳᠠᠯ ᠢ ᠵᠠᠰᠠᠨ ᠦᠭᠡᠷᠡᠴᠢᠯᠡᠬᠦ ᠠᠵᠢᠯ ᠢ ᠨᠠᠷᠢᠨ | ᠬᠢᠨᠠᠮᠠᠭᠠᠢ ᠦᠷᠨᠢᠭᠦᠯᠦᠨ᠎ᠡ᠃ ︽ᠢᠯᠡ ᠲᠤᠳᠤ ᠢᠨᠵᠧᠨᠧᠷᠢᠩ︾ ᠤᠨ ᠪᠠᠶᠢᠭᠤᠯᠤᠯᠳᠠ ᠶᠢ ᠭᠦᠨᠵᠡᠭᠡᠶᠢᠷᠡᠬᠦᠯᠵᠦ᠂ | ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠯᠳᠡ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠬᠠᠤᠯᠢ ᠵᠦᠷᠢᠴᠡᠭᠰᠡᠨ | ᠡᠯ᠎ᠡ ᠵᠦᠢᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠡ᠃ ᠵᠦᠷᠢᠴᠡᠯ ᠮᠦᠷᠭᠦᠯᠳᠦᠭᠡᠨ ᠢ | ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠯ ᠤᠨ ᠲᠠᠷᠤᠭᠳᠠᠮᠠᠯ ᠬᠡᠷᠡᠭ ᠢ ᠰᠢᠢᠳᠪᠤᠷᠢᠯᠡᠬᠦ ᠠᠵᠢᠯ ᠤᠨ ᠴᠢᠩᠭᠠᠳᠬᠠᠵᠤ᠂ | ᠵᠠᠬᠢᠳᠠᠯ ᠰᠤᠷᠪᠤᠯᠵᠢᠯᠠᠯ ᠤᠨ ᠬᠡᠷᠡᠭ ᠤᠴᠢᠷ ᠢ ᠴᠠᠭ ᠲᠤᠬᠠᠢ ᠳᠤ ᠨᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ | ᠠᠬᠢᠭᠤᠯᠤᠨ᠎ᠠ᠃ ᠬᠦᠯᠦᠰᠦᠨ ᠠᠵᠢᠯᠴᠢᠨ ᠤ ᠴᠠᠯᠢᠩ ᠢ ᠴᠠᠶᠢᠷᠠᠭᠤᠯᠬᠤ ︽ᠬᠤᠶᠠᠷ ᠪᠠᠳᠤᠯᠠᠭ᠎ᠠ ᠶᠢᠨ ᠮᠦᠩᠬᠦ ᠭᠤᠷᠪᠠᠨ | ᠲᠦᠷᠢᠮ︾ ᠢ ᠴᠢᠩᠭ᠎ᠠ ᠲᠤᠤᠱᠯᠠᠭᠤᠯᠤᠨ᠎ᠠ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ | ᠨᠡᠶᠢᠳᠡᠮ ᠪᠠᠶᠢᠴᠠᠭᠠᠯᠳᠠ ᠶᠢ ᠨᠠᠷᠢᠨ ᠬᠢᠨᠠᠮᠠᠭᠠᠢ ᠦᠷᠨᠢᠭᠦᠯᠤᠨ᠎ᠠ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠬᠦᠯᠬᠦ ᠬᠤᠰᠢᠭᠤ ᠪᠠ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ | ᠪᠠᠳᠤᠳᠠᠢ ᠰᠠᠶᠢᠨ ᠬᠢᠨ᠎ᠡ᠃ | ︵ᠨᠠᠢᠮᠠ︶ ᠵᠠᠰᠠᠭ ᠵᠠᠬᠢᠷᠭᠠᠨ ᠤ ᠬᠤᠪᠢ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ | ᠤᠯᠤᠰ ᠲᠦᠷᠦ ᠶᠢᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠵᠤ ᠤᠨᠴᠠᠭᠠᠶᠢᠯᠠᠨ | ᠮᠠᠨ ᠤ ᠬᠤᠰᠢᠭᠤᠨ ᠳᠤ ᠮᠤᠷᠢᠯᠠᠨ ᠰᠠᠭᠠᠳᠠᠵᠤ ᠪᠠᠶᠢᠴᠠᠭᠠᠨ ᠦᠵᠡᠬᠦ ᠦᠶ᠎ᠡ ᠶᠢᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠰᠤᠷᠤᠯᠴᠠᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ ᠬᠦᠷᠢᠶᠡᠯᠡᠬᠦ︾ ᠶᠢ | ᠬᠦᠢᠴᠡᠳᠭᠡᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ | ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠢ ᠴᠢᠩᠭ᠎ᠠ ᠰᠠᠬᠢᠵᠤ᠂ ᠲᠤᠮᠤ | ᠴᠢᠬᠤᠯᠠ ᠤᠴᠢᠷ ᠶᠠᠪᠤᠳᠠᠯ ᠳᠤ ᠭᠤᠶᠤᠴᠢᠯᠠᠨ ᠮᠡᠳᠡᠬᠦᠯᠬᠦ ᠲᠦᠷᠢᠮ ᠢ ᠴᠢᠩᠭ᠎ᠠ ᠬᠡᠷᠡᠭᠵᠢᠬᠦᠯᠦᠨ᠎ᠡ᠃ ︽ᠤᠭ | ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠤᠷᠳᠤᠮᠵᠢ ᠶᠢᠨ | ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠬᠦᠯᠵᠦ᠂ ᠨᠠᠮ ᠤᠨ ᠬᠡᠰᠢᠭᠦᠨ ᠺᠠᠳ᠋ᠷ ᠤᠨ ᠦᠨᠡᠨᠴᠢ ᠰᠢᠳᠤᠷᠭᠤ᠂ | ᠠᠷᠢᠭᠤᠨ ᠴᠡᠪᠡᠷ᠂ ᠵᠤᠷᠢᠭᠳᠠᠢ ᠡᠭᠦᠷᠭᠡᠯᠡᠬᠦ ᠤᠯᠤᠰ ᠲᠦᠷᠦ ᠶᠢᠨ ᠬᠡᠪ ᠰᠤᠷᠳᠠᠯ ᠢ ᠡᠷᠡᠰ ᠲᠡᠪᠳᠡᠨ | ᠪᠤᠯᠪᠠᠰᠤᠷᠠᠭᠤᠯᠤᠨ᠎ᠠ᠃ | ᠴᠢᠳᠠᠪᠤᠷᠢ ᠶᠢᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠠᠤᠯᠢ ᠶᠤᠰᠤᠭᠠᠷ ᠵᠠᠰᠠᠭ ᠪᠠᠷᠢᠬᠤ ᠶᠢ | ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ | ᠠᠷᠠᠳᠴᠢᠯᠠᠯ ᠲᠦᠪᠯᠡᠷᠡᠯ ᠤᠨ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠵᠤ᠂ ᠲᠤᠮᠤ ᠴᠢᠬᠤᠯᠠ ᠵᠠᠰᠠᠭ ᠵᠠᠬᠢᠷᠭᠠᠨ ᠤ | ᠰᠢᠢᠳᠪᠤᠷᠢᠳᠤ ᠪᠤᠳᠤᠯᠭ᠎ᠠ ᠲᠤᠭᠳᠠᠭᠠᠬᠤ ᠡᠮᠬᠢ ᠲᠠᠷᠠᠭᠠᠯᠠᠯ ᠤᠨ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ ᠬᠠᠤᠯᠢ | ᠶᠤᠰᠤᠨ ᠤ ᠬᠢᠨᠠᠨ ᠪᠠᠶᠢᠴᠠᠭᠠᠯᠳᠠ᠂ ᠠᠶᠤᠯ ᠲᠦᠭᠰᠢᠭᠦᠷᠢ ᠶᠢ ᠦᠨᠡᠯᠡᠨ ᠲᠤᠭᠳᠠᠭᠠᠬᠤ ᠲᠤᠭᠳᠠᠯᠴᠠᠭ᠎ᠠ ᠶᠢ | ᠪᠦᠷᠢᠨᠰᠢᠭᠦᠯᠤᠨ᠎ᠠ᠃ ᠲᠦᠪ ᠭᠤᠤᠯᠴᠢ ᠪᠦᠭᠡᠳ ᠪᠤᠯᠪᠠᠰᠤᠨ ᠢᠶᠠᠷ ᠬᠠᠤᠯᠢ ᠬᠡᠷᠡᠭᠵᠢᠬᠦᠯᠤᠯᠳᠠ ᠶᠢ ᠲᠦᠷᠢᠮᠵᠢᠬᠦᠯᠬᠦ | ᠪᠠᠨ ᠪᠠᠷᠢᠮᠳᠠᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠠᠯ ᠤᠨ ᠡᠯ᠎ᠡ ᠵᠦᠢᠯ ᠤᠨ | ᠰᠢᠢᠳᠪᠦᠷᠢ ᠲᠤᠭᠳᠠᠭᠠᠯ ᠢ ᠡᠷᠡᠰ ᠲᠤᠤᠱᠯᠠᠭᠤᠯᠵᠤ᠂ ᠠᠷᠠᠳ ᠤᠨ ᠲᠦᠯᠦᠡᠭᠡᠯᠡᠭᠴᠢᠳ ᠤᠨ ᠬᠠᠤᠯᠢ ᠴᠠᠭᠠᠵᠠ ᠶᠢᠨ | ᠬᠢᠨᠠᠯᠳᠠ ᠠᠵᠢᠯ ᠤᠨ ᠬᠢᠨᠠᠯᠳᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳᠠ ᠪᠠ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ ᠠᠪᠴᠦ᠂ ᠠᠷᠠᠳ ᠤᠨ ᠲᠦᠯᠦᠭᠡᠯᠡᠭᠴᠢᠳ ᠤᠨ | ᠰᠠᠨᠠᠯ ᠪᠠ ᠤᠯᠤᠰ ᠲᠦᠷᠦ ᠶᠢᠨ ᠬᠡᠰᠢᠭᠦᠳ ᠤᠨ ᠲᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠨ᠎ᠡ᠃ | ᠲᠤᠬᠠᠶᠢᠯᠠᠭᠰᠠᠨ ᠠᠵᠢᠯ ᠤᠨ ᠵᠤᠷᠢᠭ ᠰᠠᠨᠠᠭ᠎ᠠ ᠪᠠᠨ ᠪᠠᠳᠠᠷᠠᠭᠤᠯᠵᠤ᠂ ᠵᠠᠰᠠᠭ ᠤᠨ ᠤᠷᠳᠤᠨ ᠤ ᠦᠢᠯᠡᠴᠢᠯᠡᠭᠡ ᠪᠠ | ᠵᠠᠰᠠᠯᠳᠠ ᠶᠢᠨ ᠦᠷ᠎ᠡ ᠪᠦᠳᠦᠮᠵᠢ ᠶᠢ ᠲᠡᠭᠡᠭᠰᠢᠯᠡᠭᠦᠯᠦᠨ᠂ ᠬᠦᠭᠵᠢᠯᠳᠡ ᠶᠢᠨ ᠦᠷ᠎ᠡ ᠪᠦᠳᠦᠭᠡᠯ ᠢ ᠠᠷᠠᠳ ᠲᠦᠮᠡᠨ ᠳᠤ | ᠨᠡᠩ ᠤᠯᠠᠨ ᠨᠡᠩ ᠰᠠᠶᠢᠨ ᠡᠳ᠋ᠯᠡᠬᠦᠯᠦᠨ᠎ᠡ᠃ | ᠰᠤᠷᠳᠠᠯ ᠤᠨ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠦᠭᠵᠢᠯᠳᠡ ᠶᠢ ᠨᠢᠭᠡᠳᠦᠭᠡᠷ ᠴᠢᠬᠤᠯᠠ | ᠡᠭᠦᠷᠭᠡ ᠪᠤᠯᠭᠠᠬᠤ ᠶᠢ ᠪᠠᠷᠢᠮᠳᠠᠯᠠᠨ᠂ ᠪᠠᠶᠢᠴᠠᠭᠠᠨ ᠰᠤᠳᠤᠯᠤᠯᠳᠠ ᠬᠢᠬᠦ ᠶᠢ ᠨᠠᠷᠢᠨ ᠬᠢᠨᠠᠮᠠᠭᠠᠢ ᠦᠷᠨᠢᠬᠦᠯᠵᠦ᠂ ᠪᠤᠳᠠᠳᠠᠢ | ᠠᠵᠢᠯᠯᠠᠨ ᠵᠤᠷᠢᠭᠳᠠᠢ ᠡᠭᠦᠷᠭᠡᠯᠡᠬᠦ ᠶᠢ ᠴᠢᠩᠭᠠᠳᠬᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠨ ᠠᠪᠤᠨ᠎ᠠ᠃ ᠲᠦᠪ ᠬᠤᠷᠢᠶᠠᠨ ᠤ ᠨᠠᠢᠮᠠᠨ | ᠵᠤᠷᠪᠤᠰ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠵᠤᠷᠪᠤᠰ ᠤᠨ ᠵᠤᠷᠢᠭ ᠰᠠᠨᠠᠭ᠎ᠠ ᠶᠢ ᠴᠢᠩᠭ᠎ᠠ ᠬᠡᠷᠡᠭᠵᠢᠬᠦᠯᠵᠦ᠂ ︽ | ᠲᠦᠷᠪᠡᠨ ᠰᠤᠷᠳᠠᠯ︾ ᠤᠨ ᠰᠢᠨ᠎ᠡ ᠬᠦᠳᠡᠯᠦᠯ ᠪᠠᠶᠢᠳᠠᠯ ᠢ ᠴᠢᠩᠭ᠎ᠠ ᠠᠩᠬᠠᠷᠴᠤ᠂ ᠬᠡᠯᠪᠡᠷᠢ ᠶᠢᠨ ᠦᠵᠡᠯ᠂ ᠨᠤᠶᠠᠨᠴᠢ | ᠦᠵᠡᠯ ᠢ ᠬᠦᠴᠦᠳᠡᠢ ᠴᠡᠭᠡᠷᠯᠡᠨ᠎ᠡ᠃ ᠲᠤᠤᠱᠯᠠᠭᠤᠯᠬᠤ ᠶᠢ ᠴᠢᠩᠭ᠎ᠠ ᠠᠳᠬᠤᠬᠤ ᠶᠢ ᠪᠠᠷᠢᠮᠳᠠᠯᠠᠵᠤ᠂ ᠪᠤᠳᠠᠳᠠᠢ | ᠠᠵᠢᠯᠯᠠᠬᠤ ᠪᠠᠷ ᠤᠷᠢᠳᠠᠯ ᠪᠤᠯᠭᠠᠨ᠂ ︽ᠬᠠᠳᠠᠭᠠᠰᠤᠨ︾ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠤᠴᠢᠷ ᠶᠠᠪᠤᠳᠠᠯ | ᠪᠦᠷᠢ ᠶᠢ ᠲᠠᠯᠪᠢᠯ ᠦᠭᠡᠢ ᠠᠳᠬᠤᠨ᠂ ᠤᠴᠢᠷ ᠶᠠᠪᠤᠳᠠᠯ ᠪᠤᠯᠭᠠᠨ ᠤ ᠤᠨᠤᠴᠠ ᠶᠢ ᠠᠳᠬᠤᠨ᠂ ᠡᠯ᠎ᠡ ᠵᠦᠢᠯ ᠤᠨ | ᠠᠵᠢᠯ ᠢ ᠯᠠᠪᠳᠠᠭᠤᠨ ᠪᠠᠳᠤᠳᠠᠢ ᠬᠢᠵᠦ᠂ ᠵᠠᠰᠠᠭ ᠤᠨ ᠤᠷᠳᠤᠨ ᠤ ᠬᠡᠷᠡᠭᠵᠢᠬᠦᠯᠬᠦ ᠬᠦᠴᠦᠨ ᠪᠠᠨ ᠲᠤᠤᠱᠯᠠᠭᠤᠯᠬᠤ | ᠬᠦᠴᠦᠨ ᠢ ᠦᠨᠡᠨᠬᠦ ᠲᠡᠭᠡᠭᠰᠢᠯᠡᠬᠦᠯᠦᠨ᠎ᠡ᠃ | ᠠᠷᠢᠭᠤᠨ ᠴᠢᠭᠡᠴᠢ ᠪᠠᠶᠢᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠲᠡᠭᠡᠳᠦ ᠱᠠᠳᠤ ᠨᠢ ᠲᠤᠤᠷᠠᠳᠤ | ᠱᠠᠳᠤ ᠪᠠᠨ ᠲᠠᠶᠢᠴᠢᠯᠠᠬᠤ ᠶᠢ ᠪᠡᠷᠢᠮᠳᠠᠯᠠᠨ᠂ ᠨᠠᠮ ᠢᠶᠠᠨ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ | ᠪᠠᠨ ᠴᠢᠩᠭ᠎ᠠ ᠲᠤᠤᠱᠯᠠᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ | ᠬᠠᠷᠢᠭᠤᠴᠠᠯᠭ᠎ᠠ ᠶᠢ ᠱᠠᠳᠤ ᠱᠠᠳᠤ ᠪᠠᠷ ᠲᠠᠮᠵᠢᠭᠤᠯᠬᠤ ᠲᠤᠭᠳᠠᠯᠴᠠᠭ᠎ᠠ ᠶᠢ ᠲᠡᠭᠦᠯᠳᠡᠷᠵᠢᠬᠦᠯᠤᠨ᠎ᠠ᠃ ᠵᠠᠰᠠᠭ ᠤᠨ | ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠵᠤᠷᠪᠤᠰ ᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ | ᠪᠤᠯᠭᠠᠬᠤ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ︽ᠲᠦᠪ ᠭᠤᠤᠯᠴᠢ ᠵᠠᠰᠠᠭ ᠤᠨ ᠤᠷᠳᠤᠨ︾ ᠢ ᠪᠦᠳᠦᠭᠡᠨ | ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠪᠦᠬᠦᠨ ᠢ ᠪᠦᠷᠬᠦᠭᠦᠯᠬᠦ ᠶᠢ ᠬᠦᠴᠦᠳᠡᠢ ᠠᠬᠢᠭᠤᠯᠵᠤ᠂ ᠬᠢᠨᠠᠨ | ᠪᠤᠳᠤᠵᠤ ᠬᠢᠨᠠᠯᠳᠠ ᠲᠠᠯᠪᠢᠬᠤ ᠦᠷᠭᠡᠴᠡ ᠪᠠ ᠭᠦᠨᠴᠡ ᠶᠢ ᠦᠷᠭᠡᠳᠭᠡᠨ᠎ᠡ᠃ ︽ᠬᠦᠴᠢᠷ ᠲᠠᠢ ᠡᠳᠦᠷ ᠬᠤᠨᠤᠭ ᠢ | ᠲᠤᠭᠤᠯᠬᠤ︾ ᠦᠵᠡᠯ ᠰᠠᠨᠠᠭ᠎ᠠ ᠶᠢ ᠪᠠᠳᠤ ᠪᠤᠢ ᠪᠤᠯᠭᠠᠨ᠂ ᠡᠩ ᠤᠨ ᠵᠠᠷᠤᠳᠠᠯ ᠢ ᠤᠯᠠᠮ ᠨᠢᠭᠡ ᠠᠯᠬᠤᠮ ᠪᠠᠭᠠᠰᠬᠠᠨ᠎ᠠ | ᠃ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯ ᠪᠤᠯᠬᠤ ᠰᠠᠯᠠᠭ᠎ᠠ ᠮᠦᠴᠢᠷ᠂ ᠵᠠᠩᠬᠢᠯᠠᠭ᠎ᠠ ᠶᠢᠨ ᠠᠵᠢᠯ ᠤᠨ | ᠪᠠᠶᠢᠷᠢ ᠶᠢ ᠴᠢᠭᠯᠡᠬᠦᠯᠦᠨ᠂ ᠠᠷᠢᠭᠤᠨ ᠴᠢᠭᠡᠴᠢ ᠶᠢᠨ ᠲᠦᠭᠰᠢᠭᠦᠷᠢ ᠶᠢ ᠰᠡᠷᠭᠡᠶᠢᠡᠯᠨ ᠡᠵᠡᠮᠳᠡᠬᠦ ᠪᠠᠨ ᠴᠢᠩᠭᠠᠳᠬᠠᠵᠤ᠂ | ᠤᠯᠠᠨ ᠲᠦᠮᠡᠨ ᠤ ᠵᠠᠬ᠎ᠠ ᠳᠤ ᠡᠭᠦᠰᠦᠭᠰᠡᠨ ᠢᠯᠵᠡᠷᠡᠯ ᠤᠨ ᠠᠰᠠᠭᠤᠳᠠᠯ ᠢ ᠴᠢᠩᠭ᠎ᠠ ᠵᠠᠰᠠᠨ ᠴᠡᠭᠴᠡᠯᠡᠵᠦ᠂ ᠲᠦᠪ | ᠴᠢᠭᠡᠴᠢ ᠤᠯᠤᠰ ᠲᠦᠷᠦ ᠶᠢᠨ ᠤᠷᠴᠢᠨ ᠢ ᠴᠢᠷᠮᠠᠶᠢᠨ ᠡᠭᠦᠳᠦᠨ᠎ᠡ᠃ | ᠲᠦᠯᠦᠭᠡᠯᠡᠭᠴᠢᠳ ᠡ︕ ᠢᠷᠡᠭᠡᠳᠦᠢ ᠪᠠᠨ ᠲᠡᠮᠡᠴᠡᠨ ᠪᠠᠶᠢᠭᠤᠯᠵᠤ᠂ ᠬᠦᠰᠡᠯ ᠵᠡᠭᠦᠳᠦ ᠪᠠᠨ ᠪᠤᠳᠠᠳᠠᠢ ᠠᠵᠢᠯᠯᠠᠨ | ᠲᠡᠷᠭᠡᠯᠰᠢᠯᠡᠭᠦᠯᠦᠨᠡ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ | ᠲᠤᠭᠤᠷᠢᠨ ᠳᠤ ᠨᠡᠩᠳᠡ ᠨᠢᠭᠳᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠡᠨ ᠤ ᠡᠷᠡᠰ ᠴᠢᠩᠭ᠎ᠠ | ᠤᠳᠤᠷᠢᠳᠤᠯᠭ᠎ᠠ ᠳᠤᠤᠷ᠎ᠠ᠂ ᠤᠭ ᠵᠤᠷᠢᠯᠳᠠ ᠪᠠᠨ ᠮᠠᠷᠳᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠵᠦ᠂ ᠦᠷᠯᠦᠭᠡ ᠦᠳᠡᠰᠢ ᠲᠠᠢ ᠲᠡᠮᠡᠴᠡᠨ᠂ ᠰᠠᠶᠢᠨ ᠰᠠᠶᠢᠬᠠᠨ ᠴᠠᠭ ᠡᠷᠡᠨ ᠤᠰᠤᠯᠳᠠᠬᠤ ᠦᠭᠡᠢ ᠪᠠᠶᠢᠵᠤ᠂ | ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠠᠷᠠᠴᠢᠨ ᠤ | ᠬᠠᠭᠤᠳᠠᠰᠤ ᠶᠢ ᠪᠢᠴᠢᠭᠯᠡᠶ᠎ᠡ︕ | |