| | | 5 ᠰᠠᠷ᠎ᠠ ᠶᠢᠨ 26 ᠤ ᠡᠳᠦᠷ᠂ ᠬᠤᠰᠢᠭᠤᠨ ᠳᠠᠷᠤᠭ᠎ᠠ ᠵᠠᠩ ᠭᠦᠸᠧ ᠬᠤᠸᠠ 2020 ᠣᠨ ᠤ 5 | ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠵᠠᠰᠠᠭ ᠤᠨ ᠣᠷᠳᠣᠨ ᠤ ᠤᠳᠤᠷᠢᠳᠤᠯᠭ᠎ᠠ ᠵᠠᠩ ᠸᠧᠨ ᠽᠧ᠂ ᠸᠠᠩ ᠶᠠᠨ ᠪᠢᠨ᠂ ᠵᠠᠩ ᠬᠤᠸᠠ᠂ ᠸᠠᠩ ᠱᠤᠸᠠᠢ᠂ ᠵᠠᠩ | ᠯᠢ ᠴᠢᠶᠦ᠋ᠨ᠂ ᠬᠠᠨ ᠸᠧᠶ ᠼᠠᠢ ᠨᠠᠷ ᠣᠷᠣᠯᠴᠠᠵᠠᠶ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠡᠳ᠋ ᠡᠷᠬᠢᠯᠡᠭᠴᠢ ᠶᠧ ᠹᠧᠩ ᠭᠦᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠦ ᠭᠤᠸᠠᠩ ᠮᠢᠩ ᠰᠤᠯᠠ ᠣᠷᠣᠯᠴᠠᠵᠠᠶ᠃ | | | | | ᠵᠠᠩ ᠭᠦᠸᠧ ᠬᠤᠸᠠ ᠵᠢᠭᠠᠵᠤ ᠭᠠᠷᠭᠠᠭᠰᠠᠨ ᠨᠢ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠠᠵᠢᠯ ᠤᠨ ᠳᠤᠮᠳᠠ᠂ ᠪᠦᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ | ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠨᠢᠭᠡ ᠡᠷᠦᠬᠡ ᠂ ᠨᠢᠭᠡ ᠬᠦᠮᠦᠨ ᠢ ᠴᠦ ᠣᠷᠬᠢᠭᠳᠠᠭᠤᠯᠬᠤ ᠦᠭᠡᠢ | ᠪᠠᠶᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠣᠨᠣᠪᠴᠢᠲᠤ ᠴᠢᠨᠠᠷ᠂ ᠭᠤᠤᠯᠴᠢ ᠴᠢᠨᠠᠷ᠂ ᠦᠷᠭᠦᠯᠵᠢᠯᠡᠬᠦ ᠴᠢᠨᠠᠷ | ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ︔ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨᠰᠢᠨᠡᠳᠬᠡᠬᠦ ᠶᠠᠰᠤ ᠴᠢᠨᠠᠷ ᠤᠨ | ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠰᠢᠯᠭᠠᠨ ᠠᠪᠬᠤ ᠪᠠ ᠪᠠᠯᠠ ᠮᠥᠩᠭᠦ ᠰᠢᠯᠵᠢᠭᠦᠯᠦᠨ ᠥᠭᠬᠦ ᠶᠢ ᠦᠨᠡᠨ ᠬᠦ ᠪᠠᠲᠤᠯᠠᠬᠤ | ᠬᠡᠷᠡᠭᠲᠡᠶ︔ ︽ᠰᠢᠨ᠎ᠡ ᠶᠢ ᠪᠠᠶᠢᠭᠤᠯᠵᠤ ᠣᠷᠣᠵᠤ ᠰᠠᠭᠤᠬᠤ ᠥᠬᠡᠶ᠂ ᠰᠢᠨ᠎ᠡ ᠶᠢ ᠪᠠᠶᠢᠭᠤᠯᠵᠤ ᠬᠠᠭᠤᠴᠢᠨ ᠢ | ᠨᠤᠷᠠᠭᠠᠬᠤ ᠥᠬᠡᠶ︾ ᠬᠥᠮᠦᠵᠢᠯ᠂ ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠡᠷᠴᠢᠮ ᠢ ᠶᠡᠬᠡᠪᠡᠷ ᠴᠢᠩᠭᠠᠳᠬᠠᠬᠤ | ᠬᠡᠷᠡᠭᠲᠡᠶ︔ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠬᠦᠷᠢᠶ᠎ᠡ | ᠬᠠᠰᠢᠶ᠎ᠠ᠂ ᠭᠡᠷ ᠪᠠᠶᠢᠰᠢᠩ ᠤᠨ ᠠᠷᠢᠭᠤᠨ ᠴᠡᠪᠡᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ | | | | | ᠵᠠᠩ ᠭᠦᠸᠧ ᠬᠤᠸᠠ ᠱᠠᠭᠠᠷᠳᠠᠭᠰᠠᠨ ᠨᠢ᠂ ᠱᠢ ᠵᠢᠶᠠ ᠮᠠᠨᠵᠤ ᠦᠨᠳᠦᠰᠦᠲᠡᠨ ᠤ ᠰᠢᠶᠠᠩ ᠤᠨ ᠰᠠᠨ ᠳ᠋ᠤᠤ | ᠶᠢᠩᠽᠢ ᠲᠣᠰᠬᠤᠨ ᠤ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠤ ᠠᠭᠤᠷᠬᠠᠶ ᠶᠢᠨ ᠭᠠᠵᠠᠷ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠵᠠᠯᠭᠠᠮᠵᠢ ᠲᠥᠷᠥᠯ ᠵᠦᠢᠯ ᠢ ᠠᠮᠢ ᠠᠬᠤᠶ ᠶᠢᠨ | ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠲᠠᠢ | ᠢᠳᠡᠪᠬᠢᠲᠡᠶ ᠰᠠᠨᠠᠯ ᠪᠤᠳᠤᠯ ᠢᠶᠠᠨ ᠰᠤᠯᠢᠯᠴᠠᠬᠤ ᠬᠡᠷᠡᠭᠲᠡᠶ᠃ ᠰᠠᠨᠠᠯ ᠨᠢᠭᠡᠳᠪᠡᠯ᠂ ᠲᠥᠷᠥᠯ ᠵᠦᠶ᠋ᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠤᠷᠤᠭᠰᠢᠲᠠᠶ ᠪᠠᠶᠢᠳᠠᠭ︔ ᠵᠠᠰᠠᠯᠲᠠ ᠶᠢᠨ ᠦᠷ᠎ᠡ ᠪᠦᠲᠦᠮᠵᠢ ᠶᠢ | ᠴᠢᠬᠤᠯᠠᠴᠢᠯᠠᠵᠤ᠂ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠴᠤ᠂ ᠵᠠᠰᠠᠬᠤ ᠡᠭᠦᠷᠭᠡ ᠪᠠᠨ ᠤᠷᠤᠭᠰᠢᠲᠠᠢ | ᠪᠡᠶᠡᠯᠡᠭᠦᠯᠬᠦ ᠬᠡᠷᠡᠭᠲᠡᠢ︔ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠲᠤᠬᠠᠶ ᠶᠢᠨ | ᠲᠠᠯᠠᠪᠠᠶ ᠳᠤ ᠲᠤᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠵᠠᠰᠠᠨ ᠰᠠᠶᠢᠵᠢᠷᠠᠭᠤᠯᠬᠤ ᠰᠠᠶᠢᠨᠡᠮᠬᠢ | ᠳᠢᠭᠯᠢᠮ ᠢ ᠬᠠᠥᠯᠢ ᠶᠤᠰᠤᠭᠠᠷ ᠬᠠᠮᠠᠭᠠᠯᠠᠬᠤ ᠬᠡᠷᠡᠭᠲᠡᠶ᠃ | | | | | ᠵᠠᠩ ᠭᠦᠸᠧ ᠬᠤᠸᠠ ᠴᠢᠬᠤᠯᠠᠴᠢᠯᠠᠭᠰᠠᠨ ᠨᠢ᠂ ᠵᠢᠨᠱᠠᠨ ᠬᠤᠲᠠ ᠲᠣᠭᠤᠷᠢᠭ ᠤᠨ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠵᠢᠯ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠨ | ᠲᠥᠯᠥᠪᠯᠡᠭᠡ ᠲᠠᠢ ᠪᠠᠷ ᠬᠠᠭᠤᠴᠢᠨ ᠰᠠᠭᠤᠭᠠᠯᠢ ᠲᠣᠭᠤᠷᠢᠭ ᠤᠨ ᠣᠯᠠᠨ ᠨᠡᠶᠢᠲᠡ ᠶᠢᠨ ᠰᠠᠭᠤᠷᠢ ᠳᠥᠬᠦᠭᠡᠷᠥᠮᠵᠢ ᠶᠢ | ᠥᠭᠡᠷᠡᠴᠢᠯᠡᠨ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠤᠭᠤᠷᠪᠢᠨ ᠲᠤᠭᠲᠠᠭᠠᠨ᠎ᠠ᠃ ᠰᠠᠭᠤᠭᠠᠯᠢ ᠲᠣᠭᠤᠷᠢᠭ ᠲᠤᠲᠤᠷ᠎ᠠ ᠳᠤᠷ᠎ᠠ ᠪᠠᠷ ᠢᠶᠠᠨ ᠪᠠᠷᠢᠯᠭ᠎ᠠ | ᠪᠠᠷᠢᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠮᠠᠰᠢᠨ ᠵᠣᠭᠰᠣᠭᠠᠬᠤ ᠵᠡᠷᠭᠡ ᠠᠵᠢᠯᠯᠠᠭ᠎ᠠ ᠪᠣᠯᠤᠨ | ᠦᠵᠡᠭᠳᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠤᠳᠠᠭᠠᠨ ᠳᠠᠭᠠᠭᠠᠮᠠᠭᠠᠶ ᠥᠷᠨᠢᠭᠦᠯᠬᠦ ᠬᠡᠷᠡᠭᠲᠡᠶ᠃ ᠠᠷᠠᠳ | ᠲᠦᠮᠡᠨ ᠤ ᠣᠷᠣᠨ ᠵᠠᠶ ᠶᠢ ᠨᠢ ᠪᠤᠴᠠᠭᠠᠨ ᠦᠭᠴᠦ᠂ ᠬᠤᠭᠤᠰᠤᠨ ᠭᠠᠵᠠᠷ ᠢ ᠨᠣᠭᠤᠭᠠᠷᠠᠭᠤᠯᠵᠤ᠂ ᠣᠯᠠᠨ | ᠨᠡᠶᠢᠲᠡ ᠶᠢᠨ ᠬᠦᠳᠡᠯᠭᠡᠭᠡᠨ ᠤ ᠣᠷᠣᠨ ᠵᠠᠶ ᠶᠢ ᠶᠡᠬᠡᠰᠬᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠨᠡᠮᠡᠵᠦ ᠳᠣᠭᠢᠷᠠᠭᠤᠯᠤᠨ᠎ᠠ︔ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠠᠳᠠᠯ | ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠬᠠᠷᠢᠯᠴᠠᠨ ᠨᠢᠭᠡᠳᠦᠯᠲᠡᠶ ᠲᠥᠯᠥᠪᠯᠡᠬᠦ ᠶᠢ | ᠪᠠᠷᠢᠮᠲᠠᠯᠠᠬᠤ ᠬᠡᠷᠡᠭᠲᠡᠶ︔ ᠤᠬᠠᠭᠤᠯᠭ᠎ᠠ ᠬᠥᠮᠦᠵᠢᠯ ᠬᠢᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠠᠮᠢᠶ᠎ᠠ | ᠪᠦᠬᠦᠢ ᠠᠵᠢᠯᠯᠠᠭ᠎ᠠ ᠶᠢ ᠦᠷᠭᠦᠯᠵᠢᠯᠡᠨ ᠲᠠᠰᠤᠷᠠᠯᠲᠠ ᠦᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠦᠳᠡᠯᠭᠡᠭᠡᠨ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ | ᠤᠬᠠᠭᠤᠯᠭ᠎ᠠ ᠬᠥᠮᠦᠵᠢᠯ ᠬᠢᠵᠦ ᠬᠥᠲᠥᠯᠥᠨ ᠵᠢᠯᠣᠭᠤᠳᠬᠤ ᠶᠢ ᠭᠦᠨᠵᠡᠭᠡᠶ ᠥᠷᠨᠢᠭᠦᠯᠬᠦ ᠬᠡᠷᠡᠭᠲᠡᠶ᠃ | | | | | ᠬᠤᠷᠠᠯ ᠠᠴᠠ ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠬᠦ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠠᠷᠭ᠎ᠠ︾᠂ ︽ᠬᠠᠷᠠᠴᠢᠨ ᠬᠤᠰᠢᠭᠤᠨ ᠤ ᠭᠠᠴᠠᠭ᠎ᠠ | ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡᠨ ᠤ ᠠᠰᠢᠭ ᠣᠷᠣᠯᠭ᠎ᠠ ᠶᠢ | ᠬᠤᠪᠢᠶᠠᠷᠢᠯᠠᠬᠤ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ᠶᠢ ᠰᠤᠳᠤᠯᠤᠨ ᠬᠢᠨᠠᠨ ᠵᠥᠪᠯᠡᠪᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠤᠯᠠᠭᠠᠨᠬᠠᠳᠠ ᠶᠢᠨ ᠰᠢᠩ ᠪᠦᠦ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ | ᠺᠣᠮᠫᠠᠨᠢ ᠶᠢᠨ 404-13-1275 ᠳ᠋ᠤᠭᠠᠷ ᠲᠣᠭᠠᠲᠤ ᠬᠡᠰᠡᠭ ᠭᠠᠵᠠᠷ ᠢ ᠬᠡᠷᠡᠭᠯᠡᠬᠦ ᠨᠥᠬᠦᠴᠡᠯ ᠢ ᠬᠤᠪᠢᠷᠠᠭᠤᠯᠤᠭᠰᠠᠨ | ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2020 ᠣᠨ ᠤ ᠭᠤᠣᠯᠳᠠᠯᠭ᠎ᠠ ᠲᠠᠢ ᠠᠮᠢ ᠠᠬᠤᠢ ᠶᠢᠨ | ᠵᠢᠭᠤᠯᠴᠢᠯᠠᠯ ᠤᠨ ᠲᠠᠷᠢᠮᠠᠯ ᠤᠨ ᠬᠤᠯᠪᠣᠭᠳᠠᠯ ᠪᠦᠬᠦᠢ ᠪᠠᠢᠳᠠᠯ ᠤᠨ ᠬᠠᠷᠢᠭᠤ ᠮᠡᠳᠡᠭᠦᠯᠦᠯᠲᠡ ᠵᠢᠴᠢ ᠵᠢᠨᠨᠠᠨ ᠵᠡᠭᠡᠯᠢ ︵ | ᠳᠤᠮᠳᠠ ᠬᠡᠰᠡᠭ︶ ᠪᠣᠯᠤᠨ ᠾᠧ ᠪᠢᠨ ᠡᠮᠦᠨ᠎ᠡ ᠵᠡᠭᠡᠯᠢ ᠶᠢᠨ ᠪᠠᠷᠠᠭᠤᠨ ᠬᠡᠰᠡᠭ ︵ᠭᠤᠷᠪᠠᠳᠤᠭᠠᠷ ᠳᠤᠮᠳᠠᠳᠤ | ᠰᠤᠷᠭᠠᠭᠤᠯᠢ ᠶᠢᠨ ᠬᠤᠶᠢᠨ᠎ᠠ︶ ᠤᠨ ᠵᠠᠮ ᠢ ᠶᠡᠷᠥᠩᠬᠡᠢ ᠳᠤᠨᠢ ᠥᠭᠡᠷᠡᠴᠢᠯᠡᠬᠦ ᠢᠨᠵᠧᠨᠧᠷᠢᠩ ᠤᠨ ᠬᠤᠯᠪᠣᠭᠳᠠᠯ ᠪᠦᠬᠦᠢ | ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠁ |