ᠬᠠᠷᠠᠴᠢᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2020/6/2
    ᠪᠠᠶᠢᠭᠤᠯᠤᠮᠵᠢ ᠶᠢᠨ ᠨᠡᠷᠡᠶᠢᠳᠦᠯ᠄ ᠬᠠᠷᠠᠴᠢᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ     ᠪᠠᠶᠢᠭᠤᠯᠤᠮᠵᠢ ᠶᠢᠨ ᠰᠢᠨᠵᠢ ᠴᠢᠨᠠᠷ᠄ ᠵᠠᠰᠠᠭ ᠵᠠᠬᠢᠷᠭᠠᠨ     ᠠᠵᠢᠯᠯᠠᠬᠤ ᠬᠠᠶ᠋ᠢᠭ᠄ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠵᠢᠨᠱᠠᠨ ᠶᠡᠭᠡ ᠵᠡᠭᠡᠯᠢ ᠶᠢᠨ ᠳᠤᠮᠳᠠ ᠬᠡᠰᠡᠭ ᠤᠨ 138-11     ᠬᠠᠷᠢᠯᠴᠠᠬᠤ ᠤᠲᠠᠰᠤ᠄ 0476 — 3752787     ᠡᠭᠦᠷᠭᠡ ᠬᠠᠷᠢᠭᠤᠴᠠᠯᠭ᠎ᠠ᠄     ︵ᠨᠢᠭᠡ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠣᠯᠭ᠎ᠠ ᠪᠠ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃    ︵ᠬᠤᠶᠠᠷ︶ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠯ᠎ᠡ  ᠵᠦᠢᠯ ᠤᠨ ᠠᠵᠢᠯ ᠤᠨ ᠡᠭᠦᠷᠭᠡ ᠶᠢ ᠲᠦᠯᠬᠢᠨ ᠠᠬᠢᠭᠤᠯᠬᠤ ᠶᠢᠨ ᠬᠠᠮᠲᠤ ᠰᠠᠶᠢᠲᠤᠷ ᠨᠠᠶᠢᠳᠠᠪᠤᠷᠢᠵᠢᠭᠤᠯᠤᠨ᠎ᠠ᠃    ︵ᠭᠤᠷᠪᠠ︶ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠴᠢᠬᠤᠯᠠ ᠶᠡᠭᠡ ᠬᠦᠳᠡᠯᠭᠡᠭᠡᠨ ᠢ ᠬᠠᠮᠢᠶᠠᠷᠤᠨ᠎ᠠ᠂ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ‍ᠤᠨ‌ᠭᠤᠣᠯᠳᠠᠯᠭ᠎ᠠ ᠲᠠᠢ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ ᠪᠣᠯᠤᠨ ᠪᠡᠶ᠎ᠡ ᠶᠢᠨ ᠲᠠᠮᠢᠷ ᠤᠨ ᠪᠦᠬᠦᠯᠢ ᠴᠣᠭᠴᠠ ᠶᠢᠨ ᠳᠦᠷᠢ ᠲᠦᠷᠬᠦ ᠶᠢ ᠤᠬᠠᠭᠤᠯᠤᠨ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠰᠣᠶᠣᠯ᠂ ᠵᠤᠭᠠᠴᠠᠯ ᠪᠣᠯᠤᠨ ᠪᠡᠶ᠎ᠡ ᠶᠢᠨ ᠲᠡᠮᠢᠷ ᠤᠨ ᠠᠵᠤ ᠦᠢᠯᠡᠰ ᠤᠨ ᠭᠠᠳᠠᠭᠠᠳᠤ ᠬᠠᠮᠲᠤᠷᠠᠯᠴᠠᠭ᠎ᠠ ᠰᠣᠯᠢᠯᠴᠠᠭ᠎ᠠ ᠪᠣᠯᠤᠨ ᠵᠠᠬ᠎ᠠ ᠳᠡᠯᠭᠡᠭᠦᠷᠴᠢᠯᠡᠯᠳᠡ ᠶᠢ ᠠᠬᠢᠭᠤᠯᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠪᠣᠯᠤᠨ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠵᠤ᠂ ᠪᠦᠬᠦ ᠬᠤᠰᠢᠭᠤᠨ ᠤ ᠬᠡᠪᠴᠢᠶᠡᠨ ᠤ ᠤᠷᠤᠯᠳᠤᠭᠠᠨ ᠲᠡᠮᠡᠴᠡᠭᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠎ᠡ᠃ ︵ᠲᠦᠷᠪᠡ︶ ᠤᠳᠬ᠎ᠠ ᠤᠷᠠᠯᠢᠭ ᠤᠨ ᠦᠢᠯᠡᠰ ᠢ ᠵᠢᠯᠣᠭᠤᠳᠤᠨ ᠬᠠᠮᠢᠶᠠᠷᠴᠤ᠂ ᠤᠷᠠᠯᠢᠭ ᠤᠨ ᠵᠣᠬᠢᠶᠠᠨ ᠪᠦᠲᠦᠭᠡᠯᠭᠡ ᠶᠢ ᠵᠢᠯᠣᠭᠤᠳᠤᠨ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠶ ᠲᠥᠯᠥᠭᠡᠯᠡᠬᠦ ᠴᠢᠨᠠᠷᠲᠠᠶ ᠵᠢᠱᠢᠶ᠎ᠡ ᠦᠵᠡᠬᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠢ ᠬᠠᠪᠰᠤᠷᠤᠨ ᠳᠡᠮᠵᠢᠨ᠎ᠡ᠃ ᠡᠯ᠎ᠡ ᠲᠥᠷᠥᠯ ᠤᠨ ᠤᠷᠠᠯᠢᠭ᠂ ᠤᠷᠠᠯᠢᠭ ᠤᠨ ᠲᠥᠷᠥᠯ ᠵᠦᠢᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠠᠭᠠᠨᠮᠥ᠋ᠴᠢᠷ ‍ᠤᠨ‌ᠦᠢᠯᠡᠰ ᠤᠨ ᠬᠥᠭᠵᠢᠯᠲᠡ ᠶᠢ ᠵᠢᠯᠣᠭᠤᠳᠬᠤ ᠪᠤᠶᠤ ᠠᠬᠢᠭᠤᠯᠤᠨ᠎ᠠ᠃    ︵ᠲᠠᠪᠤ︶ ᠪᠦᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠨ᠎ᠠ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯᠤᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠨᠣᠮ ᠤᠨ ᠰᠠᠩ᠂ ᠰᠣᠶᠣᠯ ᠤᠨ ᠣᠷᠳᠣᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠰᠣᠶᠣᠯ ᠤᠨ ᠥᠷᠲᠡᠭᠡ᠂  ᠲᠤᠰᠬᠤᠨ ︵ᠨᠡᠶᠢᠭᠡᠮ ᠲᠣᠭᠤᠷᠢᠭ︶ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠷ ᠵᠡᠷᠭᠡ ᠦᠨᠳᠦᠰᠦᠨ ᠱᠠᠲᠤᠨ ᠤ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠂ ᠬᠢᠨᠠᠯᠲᠠ ᠲᠠᠯᠪᠢᠨ᠎ᠠ᠃ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠶᠢ ᠭᠦᠨᠵᠡᠭᠡᠶ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ᠃ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠢᠯᠣᠭᠤᠳᠤᠨ ᠥᠷᠨᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠶᠢ ᠪᠠᠶᠢᠭᠤᠯᠤᠨ ᠲᠡᠭᠦᠯᠳᠡᠷᠵᠢᠬᠦᠯᠬᠦ ᠶᠢ ᠠᠬᠢᠭᠤᠯᠤᠨ᠎ᠠ᠃︵ᠵᠢᠷᠭᠤᠭ᠎ᠠ︶ ᠪᠦᠬᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠶᠢ ᠬᠠᠷᠢᠭᠤᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃    ︵ᠳᠣᠯᠤᠭ᠎ᠠ︶ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠨᠢᠭᠡᠳᠦᠯᠲᠡᠶ ᠲᠥᠯᠥᠪᠵᠢᠭᠦᠯᠵᠦ᠂ ᠰᠣᠶᠣᠯ ︵ᠲᠡᠤᠬᠡ ᠶᠢᠨ ᠳᠤᠷᠠᠰᠬᠠᠯᠲᠤ ᠵᠦᠶ᠋ᠯᠡᠰ︶ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠤᠨ ᠠᠵᠤ ᠦᠶ᠋ᠯᠡᠰ ᠤᠨ ᠬᠥᠭᠵᠢᠯᠲᠡ ᠶᠢ ᠠᠬᠢᠭᠤᠯᠤᠨ᠎ᠠ᠃    ︵ᠨᠠᠢᠮᠠ︶ ᠪᠦᠬᠦ ᠬᠤᠰᠢᠭᠤᠨ ᠤ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠤᠨ ᠡᠷᠬᠢᠯᠡᠵᠦ᠂ ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠣᠭᠤᠳᠤᠨ ᠠᠬᠢᠭᠤᠯᠤᠨ᠎ᠠ᠃     ︵ᠶᠢᠰᠦ︶ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠭᠦᠷᠴᠢᠯᠡᠭᠰᠡᠨ ᠬᠦᠭᠵᠢᠯᠳᠡ ᠶᠢ ᠵᠢᠯᠣᠭᠤᠳᠤᠨ ᠬᠠᠮᠢᠶᠠᠷᠤᠨ᠎ᠠ᠃ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠳᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠵᠤ᠂  ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠬᠦᠢᠴᠡᠳᠭᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠵᠦ᠂ ᠪᠦᠬᠦ ᠬᠤᠰᠢᠭᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃    ︵ᠠᠷᠪᠠ︶ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ ︵ᠠᠷᠪᠠᠨ ᠨᠢᠭᠡ︶ ᠪᠦᠬᠦ ᠬᠤᠰᠢᠭᠤᠨ ᠤ ᠰᠣᠶᠣᠯ᠂ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠭᠠᠳᠠᠭᠠᠳᠤ ᠰᠣᠯᠢᠯᠴᠠᠭ᠎ᠠ᠂ ᠬᠠᠮᠲᠤᠷᠠᠯᠴᠠᠭ᠎ᠠ ᠪᠠ ᠤᠬᠠᠭᠤᠯᠤᠨ ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠤᠨ᠎ᠠ᠃    ︵ᠠᠷᠪᠠᠨ ᠬᠤᠶᠠᠷ︶ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠲᠦᠷᠢᠮ ᠲᠤᠤᠱᠯᠠᠭᠤᠯᠤᠨ ᠬᠡᠷᠡᠭᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ᠂ ᠮᠦᠽᠧᠶ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠶᠢ ᠠᠬᠢᠭᠤᠯᠤᠨ ᠲᠡᠭᠦᠯᠳᠡᠷᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ  ᠶᠢ ᠳᠠᠭᠠᠭᠠᠨ ᠠᠪᠴᠤ᠂ ᠡᠷᠬᠡ ᠶᠢᠨ ᠬᠡᠪᠴᠢᠶᠡᠨ ᠤ ᠲᠣᠭᠲᠠᠭᠠᠯ ᠶᠣᠰᠣᠭᠠᠷ ᠪᠤᠰᠤᠳ ᠡᠷᠬᠡ ᠲᠤᠰᠢᠶᠠᠯ ᠤᠨ ᠬᠢᠨᠠᠨ ᠬᠠᠷᠭᠤᠭᠤᠯᠵᠤ ᠳᠠᠩᠰᠠᠯᠠᠬᠤ ᠠᠵᠢᠯ ᠢ ᠭᠦᠢᠴᠡᠳᠭᠡᠨ᠎ᠡ᠃     ︵ᠠᠷᠪᠠᠨ ᠲᠦᠷᠪᠡ︶ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号