| ᠬᠠᠷᠠᠴᠢᠨ ᠵᠠᠰᠠᠭ ᠲᠠᠷᠬᠠᠭᠠᠭᠰᠠᠨ︹ 2020 ︺10 ᠳ᠋ᠤᠭᠠᠷ ᠲᠣᠭᠠᠲᠤ | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ | ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠄ | | ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠳᠦᠷᠢᠮᠵᠢᠭᠦᠯᠦᠨ | ᠰᠠᠶᠢᠳᠤᠷ ᠬᠢᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠡᠮ ᠡᠮᠨᠡᠯᠭᠡ ᠶᠢᠨ | ᠪᠠᠳᠤᠯᠠᠭ᠎ᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ︽ᠬᠠᠷᠠᠴᠢᠨ | ᠬᠤᠰᠢᠭᠤᠨ ᠤ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠳᠠ ᠶᠢᠨ ᠬᠡᠷᠡᠭᠵᠢᠭᠦᠯᠬᠦ ᠠᠷᠭ᠎ᠠ︾ ᠳᠤ | ᠵᠠᠰᠠᠪᠤᠷᠢ ᠣᠷᠣᠭᠤᠯᠪᠠ᠃ ᠡᠳᠦᠭᠡ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠠᠷᠠᠴᠢᠨ ᠬᠤᠰᠢᠭᠤᠨ ᠤ ᠬᠤᠲᠠ | ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠳᠠ ᠶᠢ ᠬᠡᠷᠡᠭᠵᠢᠭᠦᠯᠬᠦ ᠠᠷᠭ᠎ᠠ︾ ᠶᠢ ᠲᠠᠨᠠᠷ ᠲᠤ ᠳᠠᠷᠤᠮᠠᠯᠯᠠᠨ | ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | 2020 ᠣᠨ ᠤ 3 ᠰᠠᠷ᠎ᠠ ᠶᠢᠨ 30 ᠤ ᠡᠳᠦᠷ | | | ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ | ᠠᠷᠭ᠎ᠠ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠤᠷᠪᠤᠰ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ | ᠶᠠᠪᠤᠳᠠᠯ ᠤᠨ ᠬᠤᠷᠢᠶᠠᠨ ᠤ 649 ᠳ᠋ᠦ᠋ᠭᠡᠷ ᠲᠣᠭᠠᠲᠤ ᠵᠠᠷᠯᠢᠭ︶᠂ ︽ᠡᠮᠴᠢᠯᠡᠭᠡᠨ ᠤ ᠠᠪᠤᠷᠠᠨ ᠲᠤᠰᠠᠯᠠᠬᠤ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠣᠨᠴᠠ ᠬᠦᠨᠳᠦ ᠡᠪᠡᠳᠴᠢᠳᠡᠨ ᠢ ᠡᠮᠴᠢᠯᠡᠭᠡ ᠪᠠᠷ ᠠᠪᠤᠷᠠᠨ | ᠲᠤᠰᠠᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015 | ﹈ 30 ᠳ᠋ᠤᠭᠠᠷ ᠲᠣᠭᠠᠲᠤ︶᠂ ︽ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠯ︾ ︵ᠥᠪᠥᠷ ᠠᠷᠠᠳ ᠤᠨ ᠶᠠᠪᠤᠳᠠᠯ ᠨᠡᠶᠢᠭᠡᠮ ᠤᠨ ᠠᠪᠤᠷᠠᠨ | ᠲᠤᠰᠠᠯᠠᠬᠤ ﹇2013﹈ 210 ᠳ᠋ᠤᠭᠠᠷ ᠲᠣᠭᠠᠲᠤ︶᠂ ︽ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ ᠣᠨᠴᠠ ᠬᠦᠨᠳᠦ ᠡᠪᠡᠳᠴᠢᠳᠡᠨ ᠢ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠢ | ᠪᠦᠬᠦ ᠲᠠᠯ᠎ᠠ ᠪᠠᠷ ᠥᠷᠨᠢᠭᠦᠯᠬᠦ ᠲᠤᠬᠠᠶ ᠰᠠᠨᠠᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2015﹈ 36 | ᠳ᠋ᠤᠭᠠᠷ ᠲᠣᠭᠠᠲᠤ︶᠂ ︽ᠡᠮᠴᠢᠯᠡᠭᠡ ᠪᠠᠷ ᠠᠪᠤᠷᠠᠨ ᠲᠤᠰᠠᠯᠠᠬᠤ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠦᠨᠳᠦ ᠡᠪᠡᠳᠴᠢᠨ ᠤ ᠲᠠᠭᠠᠳᠬᠠᠯ ᠲᠠᠢ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠶ ᠮᠡᠳᠡᠭᠳᠡᠯ︾ ︵ᠤᠯᠠᠭᠠᠨᠬᠠᠳᠠ ᠠᠷᠠᠳ ᠨᠡᠶᠢᠭᠡᠮ ᠤᠨ ᠠᠪᠤᠷᠠᠨ ᠲᠤᠰᠠᠯᠠᠬᠤ ᠲᠠᠷᠬᠠᠭᠠᠭᠰᠠᠨ︹ 2017 | ︺259 ᠳ᠋ᠦ᠋ᠭᠡᠷ ᠲᠣᠭᠠᠲᠤ︶ ᠪᠣᠯᠤᠨ ︽ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠬᠦᠨᠳᠦ ᠡᠪᠡᠳᠴᠢᠨ ᠳᠤ ᠨᠡᠷᠪᠡᠭᠳᠡᠭᠭᠰᠡᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠬᠡᠤᠬᠡᠳ ᠢ ᠡᠮᠴᠢᠯᠡᠭᠡ ᠪᠠᠷ | ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠮᠡᠳᠡᠭᠳᠡᠯ︾ ︵ | ᠤᠯᠠᠭᠠᠨᠬᠠᠳᠠ ᠨᠡᠶᠢᠭᠡᠮ ᠤᠨ ᠠᠪᠤᠷᠠᠨ ᠲᠤᠰᠠᠯᠠᠬᠤ︹2017︺315 ᠳ᠋ᠤᠭᠠᠷ ᠲᠣᠭᠠᠲᠤ︶ ᠢ ᠦᠨᠳᠦᠰᠦᠯᠡᠨ᠂ | ᠮᠠᠨ ᠤ ᠬᠤᠰᠢᠭᠤᠨ ᠤ ᠪᠣᠳᠠᠲᠤ ᠪᠠᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ | ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠲᠠ ᠬᠥᠳᠡᠭᠡ ᠶᠢᠨ ᠰᠢᠨ᠎ᠡ ᠬᠡᠯᠪᠡᠷᠢ ᠶᠢᠨ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠬᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠪᠡᠳᠴᠢᠨ | ᠡᠮᠬᠡᠭ ᠠᠴᠠ ᠪᠣᠯᠤᠭᠰᠠᠨ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠨᠠᠮᠳᠠᠭᠤᠯᠤᠨ᠂ ᠡᠶ᠎ᠡ ᠵᠣᠬᠢᠴᠠᠯ ᠲᠠᠢ | ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠵᠠᠷᠴᠢᠮ ᠢᠶᠠᠷ ᠬᠤᠲᠠ ᠬᠥᠳᠡᠭᠡ ᠶᠢᠨ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠶᠢ ᠬᠡᠷᠡᠭᠵᠢᠭᠦᠯᠦᠨ᠎ᠡ᠃ | ᠬᠤᠶᠠᠳᠤᠭᠠᠷ ᠪᠦᠯᠦᠭ ᠠᠪᠤᠷᠠᠨ ᠲᠤᠰᠠᠯᠠᠬᠤ ᠵᠠᠷᠴᠢᠮ | ᠭᠤᠷᠪᠠᠳᠤᠭᠠᠷ ᠵᠦᠢᠯ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠵᠤ᠂ ᠡᠪᠡᠳᠴᠢᠨ ᠤ ᠰᠢᠯᠳᠠᠭᠠᠨ ᠢᠶᠠᠷ | ᠠᠪᠤᠷᠠᠨ ᠲᠤᠰᠠᠯᠠᠬᠤ︔ ᠪᠠᠴᠢᠮ ᠪᠠᠶᠢᠳᠠᠯ ᠪᠠ ᠠᠶᠤᠯ ᠵᠣᠪᠠᠯᠠᠩ ᠠᠴᠠ ᠠᠪᠤᠷᠠᠨ ᠲᠤᠰᠠᠯᠠᠬᠤ ᠳᠤ ᠳᠥᠭᠦᠮ ᠳᠥᠲᠡ | ᠮᠥᠷᠲᠡᠭᠡᠨ ᠬᠢᠯᠪᠠᠷᠴᠢᠯᠡᠨ ᠬᠡᠷᠡᠭᠵᠢᠬᠦᠯᠦᠨ᠎ᠡ︔ ᠭᠤᠤᠯᠳᠠᠯᠭ᠎ᠠ ᠶᠢ ᠳᠣᠪᠤᠶᠢᠯᠭᠠᠵᠤ᠂ ᠲᠥᠷᠥᠯ ᠬᠤᠪᠢᠶᠠᠨ ᠠᠪᠤᠷᠠᠨ | ᠲᠤᠰᠠᠯᠠᠨᠡ︔ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠤᠯᠭᠠᠵᠤ᠂ ᠰᠠᠯᠠᠭ᠎ᠠ ᠮᠥᠴᠢᠷ ᠬᠠᠮᠵᠢᠯᠴᠠᠨ᠎ᠠ︔ | ᠪᠦᠬᠦ ᠨᠡᠶᠢᠭᠡᠮ ᠢᠶᠠᠷ ᠢᠶᠠᠨ ᠤᠷᠤᠯᠴᠠᠵᠤ᠂ ᠨᠢᠭᠦᠯᠡᠰᠦᠩᠭᠦᠢ ᠶᠢᠨ ᠦᠢᠯᠡᠰ ᠢᠶᠠᠷ ᠠᠪᠤᠷᠠᠨ ᠲᠤᠰᠠᠯᠠᠨ᠎ᠠ᠃ | ᠭᠤᠷᠪᠠᠳᠤᠭᠠᠷ ᠪᠦᠯᠦᠭ ᠠᠪᠤᠷᠠᠨ ᠲᠤᠰᠠᠯᠠᠬᠤ ᠡᠲᠡᠭᠡᠳ | ᠳᠥᠷᠪᠡᠳᠦᠭᠡᠷ ᠵᠦᠢᠯ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠡᠲᠡᠭᠡᠳ ᠪᠣᠯ ᠲᠤᠬᠠᠶ ᠶᠢᠨ | ᠭᠠᠵᠠᠷ ᠤᠨ ᠬᠤᠲᠠ ᠬᠥᠳᠡᠭᠡ ᠶᠢᠨ ᠡᠷᠦᠬᠡ ᠠᠮᠠ ᠲᠠᠢ ᠳᠣᠤᠷᠠᠬᠢ ᠮᠡᠳᠦ ᠬᠥᠮᠦᠰ ᠪᠣᠯᠤᠨ᠎ᠠ᠄ | ︵ᠨᠢᠭᠡ︶ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ︵ᠳᠣᠷᠣᠭᠰᠢ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠭᠡᠵᠦ ᠲᠣᠪᠴᠢᠯᠠᠨ᠎ᠠ︶︔ | ︵ᠬᠤᠶᠠᠷ︶ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ︔ | ︵ᠭᠤᠷᠪᠠ︶ ᠥᠨᠥᠴᠢᠨ ᠬᠡᠤᠬᠡᠳ ︵ᠬᠤᠰᠢᠭᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠠᠭᠠᠯᠵᠠᠯ | ᠬᠦᠷᠳᠡᠬᠦ ᠶᠢ ᠵᠥᠪᠰᠢᠶᠡᠷᠡᠭᠰᠡᠨ︶︔ | ︵ᠳᠥᠷᠪᠡ︶ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ︔ | ︵ᠲᠠᠪᠤ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠤᠨᠴᠠᠭᠠᠢ | ᠬᠦᠴᠢᠷᠳᠡᠯᠲᠡᠢ ᠬᠥᠮᠦᠰ᠃ | ᠲᠠᠪᠤᠳᠤᠭᠠᠷ ᠵᠦᠢᠯ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠡᠮ ᠡᠮᠨᠡᠯᠭᠡ ᠶᠢᠨ | ᠠᠪᠤᠷᠠᠨ ᠲᠤᠰᠠᠯᠠᠬᠤ ᠬᠡᠪᠴᠢᠶᠡᠨ ᠳᠤ ᠪᠠᠭᠲᠠᠬᠤ ᠦᠭᠡᠢ᠄ | ︵ᠨᠢᠭᠡ︶ ᠬᠦᠴᠦᠨ ᠪᠦᠬᠦᠢ ᠡᠮᠴᠢᠯᠡᠭᠡᠨ ᠤ ᠵᠠᠷᠤᠳᠠᠯ ᠤᠨ ᠪᠠᠷᠢᠮᠲᠠ ︵ᠪᠠᠭᠤᠯᠭᠠᠪᠤᠷᠢ ᠪᠠᠭᠲᠠᠨ᠎ᠠ︶ ᠪᠤᠶᠤ ᠠᠩᠬᠠᠨ ᠤ | ᠣᠨᠣᠰᠢᠯᠠᠭᠰᠠᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠠᠶᠢᠬᠤ︔ | ︵ᠬᠤᠶᠠᠷ︶ ᠡᠷᠬᠡᠲᠡᠨ ᠰᠢᠯᠵᠢᠭᠦᠯᠬᠦ ᠡᠷᠬᠡᠲᠡᠨ ᠤ ᠢᠷᠡᠯᠲᠡ ᠶᠢᠨ ᠵᠠᠷᠤᠳᠠᠯ︔ | ︵ᠭᠤᠷᠪᠠ︶ ᠡᠮᠨᠡᠯᠭᠡ ᠠᠴᠠ ᠭᠠᠷᠤᠭᠰᠠᠨ ᠤ ᠳᠠᠷᠠᠭ᠎ᠠ 12 ᠰᠠᠷ᠎ᠠ ᠶᠢᠨ ᠳᠣᠲᠣᠷ᠎ᠠ ᠡᠮᠴᠢᠯᠡᠭᠡᠨ ᠤ ᠠᠪᠤᠷᠠᠨ | ᠲᠤᠰᠠᠯᠠᠯᠲᠠ ᠬᠢᠯᠭᠡᠬᠦ ᠪᠠᠷ ᠭᠤᠶᠤᠴᠢᠯᠠᠭᠰᠠᠨ ᠥᠬᠡᠶ ᠡᠮᠴᠢᠯᠡᠭᠡᠨ ᠤ ᠵᠠᠷᠤᠳᠠᠯ ᠪᠤᠶᠤ ᠣᠨ ᠤ ᠠᠪᠤᠷᠠᠨ ᠲᠤᠰᠠᠯᠠᠬᠤ | ᠪᠠᠷᠢᠮᠵᠢᠶ᠎ᠠ ᠠᠴᠠ ᠬᠡᠲᠦᠷᠡᠭᠰᠡᠨ ᠵᠠᠷᠤᠳᠠᠯ︔ | ︵ᠳᠥᠷᠪᠡ︶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠭᠠᠷᠴᠠᠭ ᠤᠨ ᠡᠮ ᠤᠨ ᠵᠦᠢᠯ᠂ | ᠤᠨᠤᠰᠢᠯᠠᠭᠰᠠᠨ ᠡᠮᠨᠡᠬᠦ ᠲᠥᠷᠥᠯ ᠵᠦᠢᠯ᠂ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠮᠵᠢᠶ᠎ᠠ ᠶᠢᠨ ᠭᠠᠷᠴᠠᠭ ᠤᠨ | ᠬᠡᠪᠴᠢᠶᠡᠨ ᠠᠴᠠ ᠬᠡᠲᠦᠷᠡᠭᠰᠡᠨ ᠵᠠᠷᠤᠳᠠᠯ︔ | ︵ᠲᠠᠪᠤ︶ ᠵᠠᠮ ᠬᠠᠷᠢᠯᠴᠠᠭᠠᠨ ᠤ ᠬᠡᠷᠡᠭ ᠭᠠᠷᠭᠠᠬᠤ᠂ ᠬᠡᠷᠡᠭᠦᠯ ᠵᠣᠳᠣᠭᠠᠨ ᠬᠢᠬᠦ᠂ ᠬᠤᠤᠷ ᠲᠠᠲᠠᠬᠤ᠂ ᠠᠷᠢᠬᠢ | ᠤᠤᠭᠤᠬᠤ ᠪᠠ ᠵᠣᠭᠤᠰ ᠨᠠᠭᠠᠳᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠴᠢ ᠪᠡᠶ᠎ᠡ ᠪᠠᠨ | ᠵᠡᠮᠳᠡᠭᠯᠡᠬᠦ ᠵᠡᠷᠭᠡ ᠬᠡᠮᠳᠦᠯ ᠰᠢᠷᠬᠠᠳᠤᠯ ᠤᠨ ᠠᠵᠢᠯᠯᠠᠭ᠎ᠠ ᠠᠴᠠ ᠪᠤᠯᠤᠭᠰᠠᠨ ᠡᠮᠨᠡᠯᠭᠡ ᠶᠢᠨ ᠵᠠᠷᠤᠳᠠᠯ ᠤᠳ᠃ | ︵ᠵᠢᠷᠭᠤᠭ᠎ᠠ︶ ᠳᠦᠷᠢ ᠵᠠᠰᠠᠬᠤ᠂ ᠵᠢᠰᠦ ᠭᠤᠶᠣᠯᠠᠬᠤ ᠵᠡᠷᠭᠡ ᠬᠡᠪ ᠤᠨ ᠪᠤᠰᠤ ᠡᠪᠡᠳᠴᠢᠨ ᠢᠶᠠᠨ ᠵᠠᠰᠠᠭᠰᠠᠨ ᠡᠮ | ᠡᠮᠨᠡᠯᠭᠡ ᠶᠢᠨ ᠵᠠᠷᠤᠳᠠᠯ︔ | ︵ᠳᠣᠯᠤᠭ᠎ᠠ︶ ᠬᠤᠲᠠ ᠬᠥᠳᠡᠭᠡ ᠶᠢᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠤᠰᠤᠳ ᠵᠦᠢᠯ᠃ | ᠳᠥᠷᠪᠡᠳᠦᠭᠡᠷ ᠪᠦᠯᠦᠭ ᠠᠪᠤᠷᠠᠨ ᠲᠤᠰᠠᠯᠠᠬᠤ ᠠᠷᠭ᠎ᠠ ᠮᠠᠶ᠋ᠢᠭ ᠵᠢᠴᠢ ᠪᠠᠷᠢᠮᠵᠢᠶ᠎ᠠ | ᠵᠢᠷᠭᠤᠳᠤᠭᠠᠷ ᠵᠦᠢᠯ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠤ ᠳᠠᠭᠠᠳᠬᠠᠯ ᠳᠤ | ᠤᠷᠤᠯᠴᠠᠨ ᠠᠪᠤᠷᠠᠨ ᠲᠤᠰᠠᠯᠠᠬᠤ᠂ ᠳᠠᠭᠠᠳᠬᠠᠯ ᠳᠤ ᠣᠷᠣᠯᠴᠠᠨ ᠠᠪᠤᠷᠠᠨ ᠲᠤᠰᠠᠯᠠᠬᠤ᠂ ᠡᠮᠨᠡᠯᠭᠡ ᠳᠤ ᠰᠠᠭᠤᠵᠤ | ᠠᠪᠤᠷᠠᠨ ᠲᠤᠰᠠᠯᠠᠬᠤ᠂ ︽ᠨᠢᠭᠡ ᠥᠷᠲᠡᠭᠡ ᠮᠠᠶ᠋ᠢᠭ︾ ᠤᠨ ᠠᠪᠤᠷᠠᠨ ᠲᠤᠰᠠᠯᠠᠯᠲᠠ᠂ ᠬᠦᠨᠳᠦ ᠡᠪᠡᠳᠴᠢᠨ ᠡᠮᠭᠡᠭ ᠤᠨ | ᠠᠪᠤᠷᠠᠨ ᠲᠤᠰᠠᠯᠠᠬᠤ ᠲᠠᠪᠤᠨ ᠵᠦᠢᠯ ᠤᠨ ᠠᠷᠭ᠎ᠠ ᠮᠠᠶ᠋ᠢᠭ ᠢ ᠠᠪᠤᠨ᠎ᠠ᠃ ᠠᠪᠤᠷᠠᠨ ᠲᠤᠰᠠᠯᠠᠬᠤ ᠪᠠᠷᠢᠮᠵᠢᠶ᠎ᠠ ᠶᠢ ᠠᠵᠤ | ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ ᠴᠠᠭ ᠲᠤᠨᠢ ᠲᠤᠬᠢᠷᠠᠭᠤᠯᠤᠯᠳᠠ ᠬᠢᠨ᠎ᠡ᠃ | ︵ᠨᠢᠭᠡ︶ ᠪᠠᠳᠤᠯᠠᠭ᠎ᠠ ᠳᠤ ᠣᠷᠣᠯᠴᠠᠭᠰᠠᠳ ᠢ ᠠᠪᠤᠷᠠᠨ ᠲᠤᠰᠠᠯᠠᠬᠤ | ᠳᠠᠭᠠᠳᠬᠠᠯ ᠳᠤ ᠣᠷᠣᠯᠴᠠᠭᠰᠠᠳ ᠢ ᠵᠣᠭᠤᠰ ᠢᠶᠠᠷ ᠲᠤᠰᠠᠯᠠᠨ᠎ᠠ᠃ ᠲᠤᠬᠠᠶᠢᠯᠠᠪᠠᠯ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠲᠤᠰᠢᠶᠠᠬᠤ ᠴᠢᠳᠠᠪᠤᠷᠢ ᠦᠭᠡᠢ ᠠᠪᠤᠷᠠᠨ ᠲᠤᠰᠠᠯᠠᠬᠤ ᠡᠲᠡᠭᠡᠳ ᠲᠤ ᠳᠠᠭᠠᠳᠬᠠᠯ ᠤᠨ | ᠵᠠᠷᠤᠳᠠᠯ ᠢ ᠨᠢ ᠣᠷᠣᠯᠠᠨ ᠲᠤᠰᠢᠶᠠᠵᠤ᠂ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ ᠪᠠ | ᠥᠨᠥᠴᠢᠨ ᠬᠡᠤᠬᠡᠳ ᠢᠶᠠᠷ ᠭᠤᠤᠯᠳᠠᠯᠭ᠎ᠠ ᠲᠡᠳᠬᠦᠬᠦ ᠡᠲᠡᠭᠡᠳ ᠪᠣᠯᠭᠠᠵᠤ᠂ ᠪᠤᠰᠤᠳ ᠠᠪᠤᠷᠠᠨ ᠲᠤᠰᠠᠯᠠᠬᠤ | ᠡᠲᠡᠭᠡᠳ ᠤᠨ ᠪᠠᠯᠠ ᠮᠥᠩᠭᠦ ᠶᠢᠨ ᠪᠠᠶᠢᠳᠠᠯ ᠢ ᠦᠵᠡᠵᠦ ᠪᠠᠶᠢᠭᠠᠳ ᠵᠣᠬᠢᠰᠲᠠᠶ ᠠᠪᠤᠷᠠᠨ ᠲᠤᠰᠠᠯᠠᠨ᠎ᠠ︔ | ︵ᠬᠤᠶᠠᠷ︶ ᠲᠠᠭᠠᠳᠬᠠᠯ ᠳᠤ ᠣᠷᠣᠯᠴᠠᠭᠰᠠᠳ ᠢ ᠠᠪᠤᠷᠠᠨ ᠲᠤᠰᠠᠯᠠᠬᠤ | ᠬᠤᠳᠠᠯᠳᠤᠭᠠᠨ ᠤ ᠨᠥᠬᠦᠪᠥᠷᠢ ᠡᠮᠨᠡᠯᠭᠡ ᠶᠢᠨ ᠳᠠᠭᠠᠳᠬᠠᠯ ᠤᠨ ᠠᠪᠤᠷᠠᠨ ᠲᠤᠰᠠᠯᠠᠯᠲᠠ ᠶᠢ ᠣᠷᠣᠯᠠᠨ ᠲᠤᠰᠢᠶᠠᠨ᠎ᠠ᠃ | ᠲᠤᠬᠠᠶᠢᠯᠠᠪᠠᠯ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ | ᠬᠦᠴᠢᠷᠳᠡᠯᠲᠡᠶ ᠠᠰᠠᠷᠠᠨ ᠲᠡᠵᠢᠭᠡᠭᠴᠢᠳ᠂ ᠥᠨᠥᠴᠢᠨ ᠬᠡᠤᠬᠡᠳ ᠵᠢᠴᠢ ᠳᠠᠩᠰᠠ ᠡᠪᠬᠡᠮᠡᠯ ᠪᠠᠶᠢᠭᠤᠯᠤᠨ ᠺᠠᠷᠲ | ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ | ᠳᠠᠭᠠᠳᠬᠠᠯ ᠲᠤᠰᠢᠶᠠᠵᠤ᠂ ᠠᠪᠤᠷᠠᠨ ᠲᠤᠰᠠᠯᠠᠬᠤ ᠡᠲᠡᠭᠡᠳ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ | ᠲᠠᠶᠢᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠠᠴᠠ ᠡᠮᠦᠨ᠎ᠡ᠂ ᠬᠤᠳᠠᠯᠳᠤᠭᠠᠨ ᠤ ᠨᠥᠬᠦᠪᠥᠷᠢ | ᠡᠮ ᠡᠮᠨᠡᠯᠭᠡ ᠶᠢᠨ ᠳᠠᠭᠠᠳᠬᠠᠯ ᠤᠨ ᠲᠥᠯᠥᠪᠦᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠠᠭᠠᠳᠬᠠᠯ ᠤᠨ | ᠲᠥᠯᠥᠪᠦᠷᠢ ᠬᠦᠷᠲᠡᠵᠦ ᠪᠣᠯᠤᠨ᠎ᠠ᠃ | ︵ᠭᠤᠷᠪᠠ︶ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ | 1. ᠣᠨᠣᠰᠢᠯᠠᠨ ᠡᠮᠨᠡᠬᠦ ᠪᠠᠶᠢᠭᠤᠯᠤᠮᠵᠢ | ᠡᠮ ᠡᠮᠨᠡᠯᠭᠡ ᠶᠢᠨ ᠠᠪᠤᠷᠠᠨ ᠲᠤᠰᠠᠯᠠᠯᠳᠠ ᠬᠦᠷᠳᠡᠬᠦ ᠡᠲᠡᠭᠡᠳ ᠨᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠬᠦᠷᠴᠦ ᠡᠮᠨᠡᠬᠦᠯᠬᠦ ᠬᠡᠷᠡᠭᠲᠡᠶ᠃ ᠠᠪᠤᠷᠠᠨ ᠲᠤᠰᠠᠯᠠᠯᠳᠠ ᠬᠦᠷᠳᠡᠬᠦ ᠡᠲᠡᠭᠡᠳ ᠤᠨ ᠡᠮ ᠬᠡᠷᠡᠭᠯᠡᠬᠦ ᠬᠡᠪᠴᠢᠶ᠎ᠡ᠂ ᠡᠮᠨᠡᠨ | ᠵᠠᠰᠠᠬᠤ ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠮ ᠤᠨ ᠵᠦᠢᠯ ᠤᠨ ᠭᠠᠷᠴᠠᠭ︾ ᠢᠶᠠᠷ ᠯᠠᠪᠯᠠᠯᠲᠠ ᠪᠣᠯᠭᠠᠵᠤ᠂ ᠡᠮ ᠤᠨ ᠵᠦᠢᠯ ᠤᠨ ᠭᠠᠷᠴᠠᠭ | ᠶᠣᠰᠣᠭᠠᠷ ᠬᠡᠷᠡᠭᠯᠡᠭᠰᠡᠨ ᠦᠭᠡᠢ ᠡᠮ ᠵᠢᠴᠢ ᠣᠨᠣᠰᠢᠯᠠᠨ ᠡᠮᠨᠡᠬᠦ ᠵᠠᠷᠤᠳᠠᠯ ᠢ ᠡᠮ ᠡᠮᠨᠡᠯᠭᠡ ᠶᠢᠨ ᠠᠪᠤᠷᠠᠨ ᠲᠤᠰᠠᠯᠠᠬᠤ | ᠵᠠᠷᠤᠳᠠᠯ ᠤᠨ ᠲᠤᠭ᠎ᠠ ᠶᠢᠨ ᠳᠣᠲᠣᠷ᠎ᠠ ᠣᠷᠣᠭᠤᠯᠬᠤ ᠦᠭᠡᠢ᠃ | 2. ᠡᠮ ᠡᠮᠨᠡᠯᠭᠡ ᠶᠢᠨ ᠠᠪᠤᠷᠠᠨ ᠲᠤᠰᠠᠯᠠᠬᠤ ᠳᠡᠰ ᠳᠠᠷᠠᠭᠠᠯᠠᠯ ᠵᠢᠴᠢ ᠬᠡᠷᠡᠭᠰᠡᠬᠦ ᠮᠠᠲ᠋ᠧᠷᠢᠶᠠᠯ | ᠠᠪᠤᠷᠠᠨ ᠲᠤᠰᠠᠯᠠᠯᠳᠠ ᠬᠦᠷᠳᠡᠬᠦ ᠡᠲᠡᠭᠡᠳ ᠤᠨ ᠡᠮᠨᠡᠯᠭᠡ ᠳᠤ ᠰᠠᠭᠤᠭᠰᠠᠨ ︵ᠡᠮᠨᠡᠯᠭᠡ ᠳᠤ ᠰᠠᠭᠤᠵᠤ ᠬᠠᠮᠢᠶᠠᠷᠤᠭᠰᠠᠨ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠪᠠᠭᠲᠠᠨ᠎ᠠ︶ ᠠᠴᠠ ᠪᠣᠯᠤᠭᠰᠠᠨ ᠡᠮᠨᠡᠯᠭᠡ ᠶᠢᠨ ᠵᠠᠷᠤᠳᠠᠯ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠤᠨ ᠮᠥᠩᠭᠦ ᠶᠢ ᠥᠭᠭᠦᠭᠰᠡᠨ ᠤ ᠳᠠᠷᠠᠭ᠎ᠠ᠂ ᠬᠤᠳᠠᠯᠳᠤᠭᠠᠨ ᠤ ᠳᠠᠭᠠᠳᠬᠠᠯ ᠤᠨ ᠲᠥᠯᠥᠪᠦᠷᠢ ᠥᠭᠬᠦ | ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠠᠭᠠᠳᠬᠠᠯ ᠤᠨ ᠲᠦᠯᠦᠪᠦᠷᠢ ᠥᠭᠭᠦᠭᠰᠡᠨ ᠤ ᠲᠠᠷᠠᠭ᠎ᠠ ᠰᠠᠶ᠋ᠢ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠤᠨ᠎ᠠ᠃ | ᠡᠮᠨᠡᠯᠭᠡ ᠳᠤ ᠰᠠᠭᠤᠬᠤ ᠬᠠᠮᠢᠶᠠᠷᠤᠯᠲᠠ ᠪᠠᠷ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠳᠤ ᠪᠠᠭᠳᠠᠨ᠎ᠠ᠄ | ︵1︶ ᠰᠦᠷᠢᠶ᠎ᠡ︔ ⑵ ᠰᠠ ᠡᠪᠡᠳᠴᠢᠨ ᠳᠤ ᠨᠡᠷᠪᠡᠭᠳᠡᠭᠰᠡᠨ ᠠᠷᠬᠠᠭ ᠭᠡᠮ᠃ ︵3︶ ᠡᠯᠢᠭᠡᠨ ᠤ ᠬᠠᠲᠠᠭᠤᠷᠠᠯ︔ | ︵4︶ ᠴᠢᠰᠤ ᠶᠢ ᠨᠡᠪᠲᠡᠷᠡᠭᠦᠯᠦᠨ ᠢᠯᠭᠠᠷᠠᠭᠤᠯᠬᠤ᠂ ᠬᠡᠪᠡᠯᠢ ᠶᠢᠨ ᠬᠠᠯᠢᠰᠤ ᠶᠢ ᠨᠡᠪᠲᠡᠷᠡᠭᠦᠯᠦᠨ ᠢᠯᠭᠠᠷᠠᠭᠤᠯᠬᠤ︔ ︵ | 5︶ ᠬᠤᠣᠷᠲᠤ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠃ ︵6︶ ᠴᠢᠰᠤᠰᠠᠭ ᠡᠪᠡᠳᠴᠢᠨ︔ ︵7︶ | ᠡᠷᠬᠡᠲᠡᠨ ᠰᠢᠯᠵᠢᠭᠦᠯᠦᠨ ᠤᠷᠭᠤᠭᠤᠯᠬᠤ ︵ᠪᠥᠭᠡᠷ᠎ᠡ᠂ ᠡᠯᠢᠭᠡ᠂ ᠵᠢᠷᠦᠬᠡ︶ ᠮᠡᠰᠡ ᠵᠠᠰᠠᠯ ᠤᠨ ᠳᠠᠷᠠᠭᠠᠬᠢ ᠭᠠᠵᠢᠭ ᠢ | ᠡᠰᠡᠷᠭᠦᠴᠡᠬᠦ ᠵᠠᠰᠠᠯ᠃ ︵8︶ ᠬᠦᠴᠢᠷ ᠲᠦᠪᠡᠭᠲᠡᠶ ᠬᠦᠨᠳᠦ ᠡᠪᠡᠳᠴᠢᠨ ᠢ ᠵᠢᠭᠠᠨ ᠲᠣᠭᠲᠠᠭᠠᠭᠰᠠᠨ ᠭᠠᠵᠠᠷ | ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠣᠴᠢᠵᠤ ᠣᠨᠣᠰᠢᠯᠠᠬᠤ | ︔ ︵9︶ ᠣᠨᠳᠣᠣ ᠭᠠᠵᠠᠷ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠬᠢᠬᠦ ᠰᠠᠴᠤᠷᠠᠭ ᠵᠠᠰᠠᠯ ᠪᠠ | ᠴᠢᠰᠤ ᠨᠡᠪᠲᠡᠷᠡᠭᠦᠯᠦᠨ ᠢᠯᠭᠠᠷᠠᠭᠤᠯᠬᠤ ᠶᠢ ᠵᠦᠪᠰᠢᠶᠡᠷᠡᠭᠦᠯᠦᠭᠰᠡᠨ ᠵᠠᠷᠤᠳᠠᠯ᠃ | ᠡᠮ ᠡᠮᠨᠡᠯᠭᠡ ᠶᠢᠨ ᠠᠪᠤᠷᠠᠨ ᠲᠤᠰᠠᠯᠠᠯᠲᠠ ᠬᠦᠷᠲᠡᠬᠦ ᠡᠲᠡᠭᠡᠳ ᠨᠢ ᠡᠮ ᠡᠮᠨᠡᠯᠭᠡ ᠶᠢᠨ ᠠᠪᠤᠷᠠᠨ ᠲᠤᠰᠠᠯᠠᠯᠲᠠ | ᠭᠤᠶᠤᠴᠢᠯᠠᠬᠤ ᠦᠶ᠎ᠡ ᠳᠤ ᠬᠤᠪᠢ ᠬᠥᠮᠦᠨ ᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ᠂ ᠪᠦᠬᠦᠨ ᠳᠤ | ᠲᠣᠬᠢᠷᠠᠬᠤ ᠺᠠᠷᠲ ᠦᠭᠡᠢ ᠪᠣᠯ ᠲᠣᠰ ᠬᠥᠮᠦᠨ ︵ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠣᠯ᠂ | ᠰᠢᠭᠤᠳ ᠴᠢᠰᠤᠨ ᠲᠥᠷᠥᠯ ᠪᠤᠶᠤ ᠬᠢᠨᠠᠨ ᠬᠠᠮᠠᠭᠠᠯᠠᠭᠴᠢ︶ ᠪᠠᠩᠬᠢ ᠶᠢᠨ ᠺᠠᠷᠲ᠂ ᠣᠨᠣᠰᠢᠯᠠᠭ᠎ᠠ ᠶᠢᠨ ᠪᠢᠴᠢᠭ᠂ ᠡᠮ | ᠴᠢᠯᠡᠭᠡᠨ ᠤ ᠵᠠᠷᠤᠳᠠᠯ ᠤᠨ ᠪᠠᠷᠢᠮᠲᠠ᠂ ᠳᠠᠭᠠᠳᠬᠠᠯ ᠤᠨ ᠲᠥᠯᠥᠪᠦᠷᠢ ᠶᠢᠨ ᠬᠠᠭᠤᠳᠠᠰᠤ ᠶᠢ ᠬᠠᠩᠭᠠᠵᠤ ᠪᠣᠯᠤᠨ᠎ᠠ᠃ | 3. ᠡᠩ ᠤᠨ ᠡᠪᠡᠳᠴᠢᠨ ᠤ ᠲᠠᠩᠰᠠ ᠲᠠᠶᠢᠯᠬᠤ | ︵1︶ ᠤᠬᠠᠭᠳᠠᠬᠤᠨ᠄ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠭᠠᠷᠭᠠᠭᠰᠡᠨ | ᠤᠯᠠᠭᠠᠨᠬᠠᠳᠠ ᠬᠤᠲᠠ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠠᠴᠠ | ᠳ᠋ᠦᠩᠨᠡᠨ ᠪᠤᠳᠤᠭᠰᠠᠨ ᠲᠠᠩᠰᠠ ᠲᠠᠶᠢᠯᠬᠤ ᠬᠠᠭᠤᠳᠠᠰᠤ ︵ᠳᠣᠷᠣᠭᠰᠢ ᠲᠠᠩᠰᠠ ᠲᠠᠶᠢᠯᠬᠤ ᠬᠠᠭᠤᠳᠠᠰᠤ ᠭᠡᠵᠦ | ᠲᠣᠪᠴᠢᠯᠠᠨ᠎ᠠ︶ ᠶᠢᠨ ᠳᠣᠲᠣᠷ᠎ᠠ᠂ ᠲᠣᠰ ᠤᠳᠠᠭᠠᠨ ᠤ ᠬᠦᠨᠳᠦ ᠡᠪᠡᠳᠴᠢᠨ ᠤ ᠵᠠᠷᠤᠳᠠᠯ ᠥᠭᠬᠦ ᠶᠠᠪᠤᠴᠠ ᠳᠤ | ᠵᠣᠬᠢᠴᠠᠩᠭᠤᠶ ᠲᠠᠩᠰᠠ ᠲᠠᠶᠢᠯᠬᠤ ᠵᠣᠭᠤᠰ ᠤᠨ ᠲᠤᠭ᠎ᠠ ᠪᠠᠶᠢᠬᠤ ᠥᠬᠡᠶ ᠪᠣᠯ ᠡᠩ ᠤᠨ ᠡᠪᠡᠳᠴᠢᠨ ᠤ ᠲᠠᠩᠰᠠ | ᠲᠠᠶᠢᠯᠤᠭᠰᠠᠨ ᠢᠶᠠᠷ ᠦᠵᠡᠨ᠎ᠡ᠃ | ︵2︶ ᠲᠣᠮᠢᠶᠠᠯᠠᠯ᠄ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠣᠭᠤᠰ ᠤᠨ | ᠲᠤᠭ᠎ᠠ — ᠲᠣᠰ ᠤᠳᠠᠭᠠᠨ ᠤ ᠨᠢᠭᠡᠳᠦᠯᠲᠡᠶ ᠲᠥᠯᠥᠪᠯᠡᠨ ᠥᠭᠬᠦ ᠵᠣᠭᠤᠰ ᠤᠨ ᠲᠤᠭ᠎ᠠ = ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠣᠲᠣᠷᠠᠬᠢ ᠦᠯᠡᠳᠡᠪᠦᠷᠢ ᠵᠠᠷᠤᠳᠠᠯ | ︵3︶ ᠲᠣᠳᠣᠷᠬᠠᠶᠢᠯᠠᠬᠤ᠄ ᠬᠤᠳᠠᠯᠳᠤᠭᠠᠨ ᠤ ᠨᠥᠬᠦᠪᠥᠷᠢ ᠶᠢᠨ ᠡᠮ ᠡᠮᠨᠡᠯᠭᠡ ᠶᠢᠨ ᠳᠠᠭᠠᠳᠬᠠᠯ ︵ᠳᠣᠷᠣᠭᠰᠢ | ᠬᠤᠳᠠᠯᠳᠤᠭᠠᠨ ᠤ ᠳᠠᠭᠠᠳᠬᠠᠯ ᠭᠡᠵᠦ ᠲᠣᠪᠴᠢᠯᠠᠨ᠎ᠠ︶ ᠨᠢ ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠣᠲᠣᠷᠠᠬᠢ | ᠦᠯᠡᠳᠡᠭᠰᠡᠨ ᠵᠠᠷᠤᠳᠠᠯ ᠢᠶᠠᠷ ᠲᠠᠩᠰᠠ ᠲᠠᠶᠢᠯᠬᠤ ᠰᠠᠭᠤᠷᠢ ᠲᠤᠭ᠎ᠠ ᠪᠣᠯᠭᠠᠬᠤ ᠬᠡᠷᠡᠭᠲᠡᠶ᠃ ᠬᠤᠳᠠᠯᠳᠤᠭᠠᠨ ᠤ | ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠵᠠᠷᠤᠳᠠᠯ ᠨᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠠᠩᠰᠠ ᠲᠠᠶᠢᠯᠬᠤ ᠰᠠᠭᠤᠷᠢ ᠲᠤᠭ᠎ᠠ ᠪᠣᠯᠤᠨ᠎ᠠ᠃ | 4. ᠬᠦᠨᠳᠦ ᠡᠪᠡᠳᠴᠢᠨ ᠤ ᠳᠠᠩᠰᠠ ᠲᠠᠶᠢᠯᠬᠤ | ︵1︶ ᠤᠬᠠᠭᠳᠠᠬᠤᠨ᠄ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠠᠴᠠ ᠭᠠᠷᠭᠠᠵᠤ | ᠥᠭᠭᠦᠭᠰᠡᠨ ᠳᠠᠩᠰᠠ ᠲᠠᠶᠢᠯᠬᠤ ᠬᠠᠭᠤᠳᠠᠰᠤᠨ ᠳᠤ ᠲᠤᠰ ᠤᠳᠠᠭᠠᠨ ᠤ ᠬᠦᠨᠳᠦ ᠡᠪᠡᠳᠴᠢᠨ ᠤ ᠲᠥᠯᠥᠪᠦᠷᠢ ᠳᠤ | ᠵᠣᠬᠢᠬᠤ ᠳᠠᠩᠰᠠ ᠲᠠᠶᠢᠯᠬᠤ ᠵᠣᠭᠤᠰ ᠤᠨ ᠲᠤᠭ᠎ᠠ ᠪᠠᠶᠢᠪᠠᠯ ᠳᠠᠷᠤᠢ ᠬᠦᠨᠳᠦ ᠡᠪᠡᠳᠴᠢᠨ ᠤ ᠳᠠᠩᠰᠠ | ᠲᠠᠶᠢᠯᠤᠭᠰᠠᠨ ᠢᠶᠠᠷ ᠦᠵᠡᠨ᠎ᠡ᠃ | ︵2︶ ᠲᠣᠮᠢᠶ᠎ᠠ᠄ ᠬᠤᠪᠢ ᠬᠥᠮᠦᠨ ᠤ ᠪᠡᠯᠡᠨ ᠵᠣᠭᠤᠰ ᠢᠶᠠᠷ ᠥᠭᠬᠦ ᠵᠣᠭᠤᠰ ᠤᠨ ᠲᠤᠭ᠎ᠠ — ᠲᠤᠰ ᠤᠳᠠᠭᠠᠨ ᠤ | ᠥᠪᠡᠷ ᠤᠨ ᠵᠠᠷᠤᠳᠠᠯ ᠤᠨ ᠵᠣᠭᠤᠰ ᠤᠨ ᠲᠤᠭ᠎ᠠ = ᠲᠦᠷᠦ ᠶᠢᠨ ᠪᠤᠳᠤᠯᠭ᠎ᠠ ᠶᠢᠨ ᠬᠡᠪᠴᠢᠶᠡᠨ ᠳᠠᠬᠢ ᠦᠯᠡᠳᠡᠭᠰᠡᠨ | ᠵᠠᠷᠤᠳᠠᠯ᠃ | ︵3︶ ᠲᠣᠳᠣᠷᠬᠠᠶᠢᠯᠠᠬᠤ᠄ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ︵ᠳᠣᠷᠣᠭᠰᠢ | ᠬᠤᠳᠠᠯᠳᠤᠭᠠᠨ ᠤ ᠳᠠᠭᠠᠳᠬᠠᠯ ᠭᠡᠵᠦ ᠲᠣᠪᠴᠢᠯᠠᠨ᠎ᠠ︶ ᠨᠢ ᠦᠯᠡᠳᠡᠭᠰᠡᠨ ᠲᠦᠷᠦ ᠶᠢᠨ ᠪᠤᠳᠤᠯᠭ᠎ᠠ ᠶᠢᠨ ᠬᠡᠪᠴᠢᠶᠡᠨ | ᠳᠣᠲᠣᠷᠠᠬᠢ ᠵᠠᠷᠤᠳᠠᠯ ᠢᠶᠠᠷ ᠲᠠᠩᠰᠠ ᠲᠠᠶᠢᠯᠬᠤ ᠰᠠᠭᠤᠷᠢ ᠲᠤᠭ᠎ᠠ ᠪᠣᠯᠭᠠᠬᠤ ᠬᠡᠷᠡᠭᠲᠡᠶ᠃ ᠬᠤᠳᠠᠯᠳᠤᠭᠠᠨ ᠤ | ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠵᠠᠷᠤᠳᠠᠯ ᠨᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠠᠩᠰᠠ ᠲᠠᠶᠢᠯᠬᠤ ᠰᠠᠭᠤᠷᠢ ᠲᠤᠭ᠎ᠠ ᠪᠣᠯᠤᠨ᠎ᠠ᠃ | 5. ᠠᠪᠤᠷᠠᠨ ᠲᠤᠰᠠᠯᠠᠬᠤ ᠬᠠᠷᠢᠴᠠᠯ᠂ ᠡᠬᠢᠯᠡᠵᠦ ᠥᠭᠬᠦ ᠱᠤᠭᠤᠮ ᠵᠢᠴᠢ ᠳᠡᠭᠡᠳᠦ ᠬᠢᠵᠠᠭᠠᠷ | ᠠᠪᠤᠷᠠᠨ ᠲᠤᠰᠠᠯᠠᠬᠤ ᠬᠠᠷᠢᠴᠠᠯ ᠢ ᠠᠪᠤᠷᠠᠨ ᠲᠤᠰᠠᠯᠠᠬᠤ ᠡᠲᠡᠭᠡᠳ ᠤᠨ ᠬᠢᠷᠢ ᠬᠡᠮ ᠢ ᠦᠨᠳᠦᠰᠦᠯᠡᠨ ᠲᠣᠭᠲᠠᠭᠠᠨ᠎ᠠ᠂ | ᠡᠭᠦᠨ ᠳᠤ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠢ ᠲᠥᠷᠥᠯ ᠬᠤᠪᠢᠶᠠᠨ ᠠᠪᠤᠷᠠᠨ | ᠲᠤᠰᠠᠯᠠᠬᠤ᠂ A᠂ B ᠲᠥᠷᠥᠯ ᠨᠢ 70%᠂ C ᠲᠦᠷᠦᠯ ᠨᠢ 60% ᠪᠣᠯᠤᠨ᠎ᠠ︔ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠬᠥᠮᠦᠨ ᠠᠮᠠ ᠨᠢ 70% ᠪᠣᠯᠤᠨ᠎ᠠ︔ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ | ᠪᠠᠶᠢᠭ᠎ᠠ ᠬᠥᠮᠦᠰ᠂ ᠥᠨᠥᠴᠢᠨ ᠬᠡᠤᠬᠡᠳ ᠨᠢ 100% ᠪᠣᠯᠤᠨ᠎ᠠ᠃ | ᠡᠮ ᠡᠮᠨᠡᠯᠭᠡ ᠶᠢᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠥᠷᠥ ᠶᠢᠨ ᠪᠣᠳᠣᠯᠭ᠎ᠠ ᠶᠢᠨ ᠦᠯᠡᠳᠡᠪᠦᠷᠢ | ᠬᠡᠪᠴᠢᠶᠡᠨ ᠳᠣᠲᠣᠷᠠᠬᠢ ᠵᠠᠷᠤᠳᠠᠯ ᠪᠠ ᠠᠪᠤᠷᠠᠨ ᠲᠤᠰᠠᠯᠠᠬᠤ ᠬᠠᠷᠢᠴᠠᠯ ᠢ ᠦᠨᠳᠦᠰᠦᠯᠡᠨ ᠲᠣᠭᠲᠠᠭᠠᠵᠤ᠂ ᠡᠭᠦᠨ ᠤ | ᠳᠣᠲᠣᠷ᠎ᠠ ᠣᠨᠴᠠ ᠬᠦᠴᠢᠷᠳᠡᠯᠲᠡᠶ ᠠᠰᠠᠷᠠᠨ ᠲᠡᠵᠢᠭᠡᠭᠰᠡᠳ᠂ ᠥᠨᠥᠴᠢᠨ ᠬᠡᠤᠬᠡᠳ ᠢ ᠠᠪᠤᠷᠠᠨ ᠲᠤᠰᠠᠯᠠᠬᠤ ᠳᠤ | ᠡᠬᠢᠯᠡᠵᠦ ᠥᠭᠬᠦ ᠱᠤᠭᠤᠮ ᠭᠠᠷᠭᠠᠬᠤ ᠦᠭᠡᠶ᠃ ᠣᠨ ᠤ ᠳᠡᠭᠡᠳᠦ ᠬᠢᠵᠠᠭᠠᠷ ᠨᠢ 50000 ᠲᠥᠭᠦᠷᠢᠭ︔ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠥᠮᠦᠰ᠂ ᠳᠠᠩᠰᠠ ᠡᠪᠬᠡᠮᠡᠯ ᠪᠠᠶᠢᠭᠤᠯᠤᠨ ᠺᠠᠷᠲ | ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠵᠢᠯ ᠤᠨ ᠡᠬᠢᠯᠡᠵᠦ ᠲᠥᠯᠥᠬᠦ ᠬᠢᠵᠠᠭᠠᠷ ᠨᠢ 1000 | ᠲᠥᠭᠦᠷᠢᠭ᠂ ᠵᠢᠯ ᠤᠨ ᠳᠡᠭᠡᠳᠦ ᠬᠢᠵᠠᠭᠠᠷ ᠱᠤᠭᠤᠮ ᠤᠨ ᠡᠪᠡᠳᠴᠢᠨ ᠤ ᠲᠠᠩᠰᠠ ᠲᠠᠶᠢᠯᠬᠤ ᠳᠤ 3000 ᠲᠥᠭᠦᠷᠢᠭ᠂ | ᠬᠦᠨᠳᠦ ᠡᠪᠡᠳᠴᠢᠨ ᠳᠤ ᠲᠠᠩᠰᠠ ᠲᠠᠶᠢᠯᠬᠤ ᠳᠤ 10000 ᠲᠥᠭᠦᠷᠢᠭ ᠪᠣᠯᠤᠨ᠎ᠠ᠃ | ︵ᠲᠦᠷᠪᠡ︶ ︽ᠨᠢᠭᠡ ᠥᠷᠲᠡᠭᠡ ᠮᠠᠶ᠋ᠢᠭ︾ ᠤᠨ ᠠᠪᠤᠷᠠᠨ ᠲᠤᠰᠠᠯᠠᠬᠤ | 1. ︽ᠨᠢᠭᠡ ᠥᠷᠲᠡᠭᠡ ᠮᠠᠶ᠋ᠢᠭ︾ ᠤᠨ ᠡᠮᠴᠢᠯᠡᠭᠡᠨ ᠤ ᠠᠪᠤᠷᠠᠨ ᠲᠤᠰᠠᠯᠠᠯᠳᠠ ᠬᠦᠷᠳᠡᠬᠦ ᠡᠲᠡᠭᠡᠳ ᠨᠢ ᠬᠤᠰᠢᠭᠤᠨ | ᠳᠣᠲᠣᠷᠠᠬᠢ ᠲᠤᠭᠳᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠵᠤ ᠡᠮᠨᠡᠭᠦᠯᠬᠦ ᠶᠢ ᠵᠢᠭᠠᠵᠤ ᠪᠣᠶ᠃ ᠡᠮᠨᠡᠯᠭᠡ ᠠᠴᠠ | ᠭᠠᠷᠪᠠᠯ ᠳᠠᠷᠤᠢ ᠡᠮᠨᠡᠯᠭᠡ ᠶᠢᠨ ᠲᠤᠰᠠᠯᠠᠮᠵᠢ ᠬᠦᠷᠲᠡᠵᠦ ᠪᠣᠯᠤᠨ᠎ᠠ᠃ ᠬᠤᠰᠢᠭᠤᠨ ᠤ ᠡᠮ ᠡᠮᠨᠡᠯᠭᠡ ᠶᠢᠨ | ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠶᠢᠨ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ︽ᠨᠢᠭᠡ | ᠥᠷᠲᠡᠭᠡ ᠮᠠᠶ᠋ᠢᠭ︾ ᠤᠨ ᠲᠤᠬᠠᠶ ᠶᠢᠨ ᠴᠠᠭ ᠤᠨ ᠳ᠋ᠦᠩᠨᠡᠨ ᠪᠣᠳᠣᠬᠤ ᠲᠠᠪᠴᠠᠩ ᠢ ᠨᠡᠭᠡᠭᠡᠵᠦ᠂ ᠠᠪᠤᠷᠠᠨ ᠲᠤᠰᠠᠯᠠᠬᠤ | ᠡᠲᠡᠭᠡᠳ ᠤᠨ ᠬᠦᠷᠲᠡᠬᠦ ᠡᠮᠴᠢᠯᠡᠭᠡᠨ ᠤ ᠠᠪᠤᠷᠠᠨ ᠲᠤᠰᠠᠯᠠᠯᠲᠠ ᠶᠢ ᠴᠢᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠠᠴᠠ ᠤᠷᠢᠳᠠᠪᠠᠷ ᠣᠷᠣᠯᠠᠨ ᠥᠭᠭᠦᠭᠰᠡᠨ ᠤ ᠳᠠᠷᠠᠭ᠎ᠠ ᠳᠠᠬᠢᠨ ᠡᠮᠴᠢᠯᠡᠭᠡᠨ ᠤ ᠲᠠᠭᠠᠳᠬᠠᠯ ᠢ ᠡᠷᠬᠢᠯᠡᠨ | ᠭᠦᠢᠴᠡᠳᠭᠡᠬᠦ ᠪᠠᠶᠢᠭᠤᠯᠤᠮᠵᠢ ᠯᠤᠭ᠎ᠠ ᠳ᠋ᠦᠩᠨᠡᠨ ᠪᠣᠳᠣᠬᠤ ᠬᠡᠷᠡᠭᠲᠡᠶ᠃ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ | ᠬᠥᠮᠦᠰ ᠪᠣᠯᠤᠨ ᠥᠨᠥᠴᠢᠨ ᠬᠡᠤᠬᠡᠳ ᠲᠤ ᠤᠷᠢᠳᠠᠪᠠᠷ ᠣᠨᠣᠰᠢᠯᠠᠨ ᠡᠮᠨᠡᠬᠦ᠂ ᠳᠠᠷᠠᠭ᠎ᠠ ᠨᠢ ᠰᠦᠢᠳᠭᠡᠯ ᠲᠤᠰᠢᠶᠠᠬᠤ ᠶᠢ | ᠬᠡᠷᠡᠭᠵᠢᠭᠦᠯᠦᠨ᠎ᠡ᠃ | 2. ︽ᠨᠢᠭᠡ ᠥᠷᠲᠡᠭᠡ ᠮᠠᠶ᠋ᠢᠭ︾ ᠤᠨ ᠡᠮᠴᠢᠯᠡᠭᠡᠨ ᠤ ᠠᠪᠤᠷᠠᠨ ᠲᠤᠰᠠᠯᠠᠬᠤ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠬᠠᠷᠠᠴᠢᠨ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠠᠷᠠᠴᠢᠨ ᠬᠤᠰᠢᠭᠤᠨ ᠤ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ᠂ ᠵᠢᠨᠱᠠᠨ ᠠᠮᠤᠷ ᠠᠮᠤᠭᠤᠯᠠᠩ ᠡᠮᠨᠡᠯᠭᠡ ᠶᠢᠨ ᠬᠤᠷᠢᠶ᠎ᠠ᠂ ᠡᠯ᠎ᠡ ᠰᠢᠶᠠᠩ ᠪᠠᠯᠭᠠᠰᠤ ︵ᠲᠥᠪ︶ | ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠲᠦᠷ ᠲᠣᠭᠲᠠᠭᠠᠨ᠎ᠠ᠃ | ︵ᠲᠠᠪᠤ︶ ᠬᠦᠨᠳᠦ ᠡᠪᠡᠳᠴᠢᠨ ᠡᠮᠭᠡᠭ ᠤᠨ ᠠᠪᠤᠷᠠᠨ ᠲᠤᠰᠠᠯᠠᠯᠲᠠ | 1. ᠬᠦᠨᠳᠦ ᠶᠡᠭᠡ ᠡᠪᠡᠳᠴᠢᠨ ᠤ ᠠᠪᠤᠷᠠᠨ ᠲᠤᠰᠠᠯᠠᠯᠲᠠ ᠭᠡᠳᠡᠭ ᠪᠣᠯ ᠡᠴᠦᠰ ᠤᠨ ᠬᠤᠭᠤᠴᠠᠭᠠᠨ ᠤ ᠪᠥᠭᠡᠷᠡᠨ | ᠡᠪᠡᠳᠴᠢᠨ᠂ ᠬᠦᠨᠳᠦ ᠬᠡᠯᠪᠡᠷᠢ ᠶᠢᠨ ᠮᠡᠳᠡᠷᠡᠯ ᠤᠨ ᠡᠪᠡᠳᠴᠢᠨ᠂ ᠤᠳᠠᠭᠠᠨ ᠴᠢᠨᠠᠷᠲᠠᠶ ᠮᠥᠬᠦᠯᠢᠭᠲᠦ ᠡᠰ ᠤᠨ ᠴᠢᠰᠤ | ᠴᠠᠶᠢᠬᠤ ᠡᠪᠡᠳᠴᠢᠨ᠂ ᠬᠡᠤᠬᠡᠳ ᠤᠨ ᠲᠥᠷᠥᠯᠬᠢ ᠴᠢᠨᠠᠷᠲᠠᠶ ᠵᠢᠷᠦᠬᠡᠨ ᠡᠪᠡᠳᠴᠢᠨ᠂ ᠬᠡᠤᠬᠡᠳ ᠤᠨ ᠴᠢᠰᠤ ᠴᠠᠶᠢᠬᠤ | ᠡᠪᠡᠳᠴᠢᠨ᠂ ᠬᠡᠤᠬᠡᠳ ᠤᠨ ᠹᠤᠨᠢᠯ ᠫᠷᠤᠫᠠᠨᠤᠨ ᠰᠢᠭᠡᠰᠦᠨ ᠡᠪᠡᠳᠴᠢᠨ᠂ ᠬᠡᠤᠬᠡᠳ ᠤᠨ ᠰᠢᠭᠡᠰᠦᠨ ᠵᠠᠮ ᠤᠨ | ᠳᠣᠷᠣᠭᠰᠢ ᠬᠠᠭᠠᠷᠠᠬᠤ᠂ ᠬᠡᠤᠬᠡᠳ ᠤᠨ ᠲᠠᠷᠢᠬᠢᠨ ᠤ ᠰᠠ ᠡᠪᠡᠳᠴᠢᠨ ᠪᠠ ᠬᠡᠤᠬᠡᠳ ᠤᠨ ᠰᠢᠭᠡᠰᠦᠨ | ᠬᠤᠤᠷᠠᠳᠠᠯᠭ᠎ᠠ ᠶᠢᠨ ᠡᠪᠡᠳᠴᠢᠨ ᠵᠡᠷᠭᠡ ᠬᠦᠨᠳᠦ ᠶᠡᠭᠡ ᠡᠪᠡᠳᠴᠢᠨ ᠳᠤ ᠨᠡᠷᠪᠡᠭᠳᠡᠪᠡᠯ ᠡᠮᠴᠢᠯᠡᠭᠡᠨ ᠤ ᠠᠪᠤᠷᠠᠨ | ᠲᠤᠰᠠᠯᠠᠯᠲᠠ ᠬᠢᠬᠦ ᠶᠢ ᠵᠢᠭᠠᠵᠤ ᠪᠣᠶ᠃ | 2. ᠠᠪᠤᠷᠠᠨ ᠲᠤᠰᠠᠯᠠᠬᠤ ᠬᠠᠷᠢᠴᠠᠯ᠂ ᠡᠬᠢᠯᠡᠵᠦ ᠥᠭᠬᠦ ᠱᠤᠭᠤᠮ ᠵᠢᠴᠢ ᠳᠡᠭᠡᠳᠦ ᠬᠢᠵᠠᠭᠠᠷ | ︵1︶ ᠡᠴᠦᠰ ᠤᠨ ᠬᠤᠭᠤᠴᠠᠭᠠᠨ ᠤ ᠪᠥᠭᠡᠷᠡᠨ ᠡᠪᠡᠳᠴᠢᠨ ᠢ ᠬᠠᠷᠢᠴᠠᠯ ᠲᠠᠢ ᠪᠠᠷ ᠠᠪᠤᠷᠠᠨ ᠲᠤᠰᠠᠯᠠᠬᠤ ᠪᠠ | ᠲᠣᠭᠲᠠᠭᠰᠠᠨ ᠨᠣᠷᠮ᠎ᠠ ᠪᠠᠷ ᠠᠪᠤᠷᠠᠨ ᠲᠤᠰᠠᠯᠠᠬᠤ ᠭᠡᠵᠦ ᠬᠤᠶᠠᠷ ᠬᠤᠪᠢᠶᠠᠨ᠎ᠠ᠂ ᠠᠪᠤᠷᠠᠨ ᠲᠤᠰᠠᠯᠠᠯᠳᠠ ᠬᠦᠷᠳᠡᠬᠦ | ᠡᠲᠡᠭᠡᠳ ᠨᠢ ᠪᠣᠳᠠᠲᠠᠢ ᠪᠠᠶᠢᠳᠠᠯ ᠢ ᠦᠨᠳᠦᠰᠦᠯᠡᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠡᠵᠡᠨ ᠮᠡᠳᠡᠵᠦ | ᠰᠣᠩᠭᠤᠵᠤ ᠪᠣᠯᠤᠨ᠎ᠠ᠃ ᠬᠠᠷᠢᠴᠠᠯ ᠢᠶᠠᠷ ᠠᠪᠤᠷᠠᠨ ᠲᠤᠰᠠᠯᠠᠬᠤ ᠭᠡᠳᠡᠭ ᠨᠢ ᠦᠨᠳᠦᠰᠦᠨ ᠡᠮᠨᠡᠯᠭᠡ ᠶᠢᠨ | ᠳᠠᠭᠠᠳᠬᠠᠯ ᠤᠨ ᠳᠠᠩᠰᠠ ᠲᠠᠶᠢᠯᠬᠤ᠂ ᠬᠦᠨᠳᠦ ᠡᠪᠡᠳᠴᠢᠨ ᠤ ᠳᠠᠭᠠᠳᠬᠠᠯ ᠤᠨ ᠲᠣᠭᠠᠴᠠᠭ᠎ᠠ ᠬᠢᠬᠦ᠂ ᠬᠤᠳᠠᠯᠳᠤᠭᠠᠨ ᠤ | ᠳᠠᠭᠠᠳᠬᠠᠯ ᠤᠨ ᠲᠥᠯᠥᠪᠦᠷᠢ ᠦᠭᠭᠦᠭᠰᠡᠨ ᠤ ᠳᠠᠷᠠᠭ᠎ᠠ᠂ ᠦᠯᠡᠳᠡᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ | ᠳᠣᠲᠣᠷᠠᠬᠢ ᠵᠠᠷᠤᠳᠠᠯ ᠢ ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠪᠠᠷ ᠠᠪᠤᠷᠠᠨ ᠲᠤᠰᠠᠯᠠᠨ᠎ᠠ᠃ | ᠲᠣᠭᠲᠠᠭᠰᠠᠨ ᠲᠤᠭ᠎ᠠ ᠪᠠᠷ ᠠᠪᠤᠷᠠᠨ ᠲᠤᠰᠠᠯᠠᠬᠤ ᠭᠡᠳᠡᠭ ᠨᠢ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠣᠲᠣᠷᠠᠬᠢ ᠵᠣᠭᠤᠰ ᠤᠨ ᠲᠤᠭ᠎ᠠ ᠨᠢ 5000 ᠲᠥᠭᠦᠷᠢᠭ ᠲᠠᠢ ᠲᠡᠩᠴᠡᠪᠡᠯ᠂ ᠦᠨᠳᠦᠰᠦᠨ | ᠡᠮᠨᠡᠯᠭᠡ ᠶᠢᠨ ᠳᠠᠭᠠᠳᠬᠠᠯ ᠢ 4000 ᠲᠦᠭᠦᠷᠢᠭ ᠢᠶᠠᠷ ᠲᠤᠭᠳᠠᠭᠠᠨ ᠲᠠᠩᠰᠠᠨ ᠠᠴᠠ ᠲᠠᠶᠢᠯᠤᠨ᠎ᠠ᠂ ᠲᠦᠷᠦ ᠶᠢᠨ | ᠪᠤᠳᠤᠯᠭ᠎ᠠ ᠶᠢᠨ ᠬᠡᠪᠴᠢᠶᠡᠨ ᠲᠤᠳᠤᠷᠠᠬᠢ ᠦᠯᠡᠳᠡᠪᠦᠷᠢ ᠰᠦᠢᠳᠭᠡᠯ ᠢ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ | ᠮᠦᠩᠭᠦ ᠪᠠᠷ ᠲᠤᠰᠠᠯᠠᠮᠵᠢ ᠪᠤᠯᠭᠠᠨ᠎ᠠ᠃ | ︵2︶ ᠬᠦᠨᠳᠦ ᠬᠡᠯᠪᠡᠷᠢ ᠶᠢᠨ ᠮᠡᠳᠡᠷᠡᠯ ᠤᠨ ᠡᠪᠡᠳᠴᠢᠨ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠳᠠᠩᠰᠠ ᠲᠠᠶᠢᠯᠬᠤ᠂ ᠬᠦᠨᠳᠦ ᠡᠪᠡᠳᠴᠢᠨ ᠤ ᠳᠠᠭᠠᠳᠬᠠᠯ ᠤᠨ ᠮᠥᠩᠭᠦ ᠥᠭᠬᠦ᠂ ᠬᠤᠳᠠᠯᠳᠤᠭᠠᠨ ᠤ ᠳᠠᠭᠠᠳᠬᠠᠯ ᠤᠨ | ᠲᠥᠯᠥᠪᠦᠷᠢ ᠦᠭᠭᠦᠭᠰᠡᠨ ᠤ ᠳᠠᠷᠠᠭ᠎ᠠ᠂ ᠦᠯᠡᠳᠡᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠵᠠᠷᠤᠳᠠᠯ ᠢ ᠡᠮᠴᠢᠯᠡᠭᠡ ᠪᠠᠷ ᠠᠪᠤᠷᠠᠨ ᠲᠤᠰᠠᠯᠠᠬᠤ ᠪᠠᠯᠠ ᠮᠥᠩᠭᠦ ᠪᠠᠷ ᠠᠪᠤᠷᠠᠨ ᠲᠤᠰᠠᠯᠠᠨ᠎ᠠ ︵ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠨᠢ ᠤᠯᠠᠭᠠᠨᠬᠠᠳᠠ ᠬᠤᠳᠠ ᠶᠢᠨ ᠮᠡᠳᠡᠷᠡᠯ ᠤᠨ ᠡᠪᠡᠳᠴᠢᠨ ᠢ ᠰᠡᠷᠭᠡᠶᠢᠯᠡᠨ ᠵᠠᠰᠠᠬᠤ | ᠬᠤᠷᠢᠶ᠎ᠠ᠂ ᠤᠯᠠᠭᠠᠨᠬᠠᠳᠠ ᠬᠤᠲᠠ ᠶᠢᠨ ᠠᠨ ᠳ᠋ᠢᠩ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠳᠡᠭᠡᠳᠦ | ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠬᠠᠷᠠᠴᠢᠨ ᠬᠤᠰᠢᠭᠤᠨ ᠤ ᠠᠨ ᠺᠠᠩ | ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠪᠣᠯᠤᠨ᠎ᠠ︶᠃ | ︵3︶ ᠤᠳᠠᠭᠠᠨ ᠴᠢᠨᠠᠷᠲᠠᠢ ᠮᠥᠬᠦᠯᠢᠭᠲᠦ ᠡᠰ ᠤᠨ ᠴᠢᠰᠤ ᠴᠠᠶᠢᠬᠤ ᠡᠪᠡᠳᠴᠢᠨ ᠢ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠠᠩᠰᠠ ᠠᠴᠠ ᠲᠠᠶᠢᠯᠬᠤ᠂ ᠬᠦᠨᠳᠦ ᠡᠪᠡᠳᠴᠢᠨ ᠤ ᠳᠠᠭᠠᠳᠬᠠᠯ ᠤᠨ ᠲᠥᠯᠥᠪᠦᠷᠢ᠂ | ᠬᠤᠳᠠᠯᠳᠤᠭᠠᠨ ᠤ ᠳᠠᠭᠠᠳᠬᠠᠯ ᠤᠨ ᠲᠥᠯᠥᠪᠦᠷᠢ ᠶᠢ ᠣᠯᠤᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠦᠯᠡᠳᠡᠭᠰᠡᠨ ᠵᠠᠷᠤᠳᠠᠯ ᠢ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠠᠴᠠ ᠠᠪᠤᠷᠠᠨ | ᠲᠤᠰᠠᠯᠠᠨ᠎ᠠ᠂ ᠣᠨ ᠤ ᠳᠡᠭᠡᠳᠦ ᠬᠢᠵᠠᠭᠠᠷ ᠨᠢ 500000 ᠲᠥᠭᠦᠷᠢᠭ ᠪᠣᠯᠤᠨ᠎ᠠ᠃ | ︵4︶ ᠹᠤᠨᠢᠯ ᠫᠷᠤᠫᠠᠨᠤᠨ ᠰᠢᠭᠡᠰᠦᠨ ᠭᠡᠮ ︵ᠳᠥᠷᠪᠡᠨ ᠤᠰᠤᠲᠥ᠋ᠷᠥᠭᠴᠢᠲᠦ ᠠᠮᠢᠳᠤ ᠪᠣᠳᠠᠰ ᠤᠨ ᠡᠷᠪᠡᠬᠡᠢ ᠡᠳ᠋ | ᠲᠤᠳᠠᠭᠳᠠᠬᠤ ᠡᠪᠡᠳᠴᠢᠨ ᠢ ᠪᠠᠭᠠᠳᠠᠭᠠᠨᠠ︶᠂ ᠰᠢᠭᠡᠰᠦᠨ ᠵᠠᠮ ᠤᠨ ᠳᠣᠣᠷᠠᠳᠤ ᠠᠩᠭᠠᠷᠠᠯ᠂ ᠴᠢᠰᠤ ᠴᠠᠶᠢᠬᠤ | ᠡᠪᠡᠳᠴᠢᠨ᠂ ᠲᠥᠷᠥᠯᠬᠢ ᠵᠢᠷᠦᠬᠡᠨ ᠡᠪᠡᠳᠴᠢᠨ᠂ ᠰᠢᠭᠡᠰᠦᠨ ᠬᠤᠣᠷᠳᠠᠯ ᠤᠨ ᠭᠡᠮ᠂ ᠲᠠᠷᠢᠬᠢᠨ ᠰᠠ ᠡᠪᠡᠳᠴᠢᠨ ᠲᠠᠢ | ᠬᠡᠦᠬᠡᠳ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠢᠶᠠᠷ ᠳᠠᠮᠵᠢᠨ ᠳᠠᠩᠰᠠ | ᠲᠠᠶᠢᠯᠤᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠦᠯᠡᠳᠡᠭᠰᠡᠨ ᠵᠠᠷᠤᠳᠠᠯ ᠪᠤᠯᠤᠨ᠎ᠠ᠃ | ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠃ ᠣᠨᠴᠠ ᠬᠦᠴᠢᠷᠳᠡᠯᠲᠡᠶ ᠠᠰᠠᠷᠠᠨ ᠲᠡᠵᠢᠭᠡᠭᠰᠡᠳ᠂ ᠥᠨᠥᠴᠢᠨ | ᠬᠡᠤᠬᠡᠳ ᠢ ᠠᠪᠤᠷᠠᠨ ᠲᠤᠰᠠᠯᠠᠬᠤ ᠬᠠᠷᠢᠴᠠᠯ ᠨᠢ 100%᠂ ᠤᠨ ᠤ ᠳᠡᠭᠡᠳᠦ ᠬᠢᠵᠠᠭᠠᠷ ᠨᠢ 50000 ᠲᠥᠭᠦᠷᠢᠭ | ᠪᠣᠯᠤᠨ᠎ᠠ᠃ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠥᠮᠦᠰ ᠢ ᠠᠪᠤᠷᠠᠨ ᠲᠤᠰᠠᠯᠠᠬᠤ ᠬᠠᠷᠢᠴᠠᠯ ᠨᠢ 70% ᠪᠠᠶᠢᠵᠤ᠂ ᠴᠢᠰᠤ ᠴᠠᠶᠢᠬᠤ | ᠡᠪᠡᠳᠴᠢᠨ᠂ ᠰᠢᠭᠡᠰᠦᠨ ᠬᠤᠣᠷᠳᠠᠯ ᠤᠨ ᠭᠡᠮ᠂ ᠲᠠᠷᠢᠬᠢᠨ ᠤ ᠰᠠ ᠡᠪᠡᠳᠴᠢᠨ ᠲᠠᠢ ᠬᠡᠦᠬᠡᠳ ᠤᠨ ᠵᠢᠯ ᠤᠨ ᠳᠡᠭᠡᠳᠦ | ᠬᠢᠵᠠᠭᠠᠷ ᠱᠤᠭᠤᠮ ᠨᠢ 30000 ᠲᠥᠭᠦᠷᠢᠭ᠂ ᠹᠤᠨᠢᠯ ᠫᠷᠤᠫᠠᠨᠤᠨ ᠰᠢᠭᠡᠰᠦᠨ ᠭᠡᠮ ︵ᠳᠦᠷᠪᠡᠨ | ᠤᠰᠤᠲᠥ᠋ᠷᠥᠭᠴᠢᠲᠦ ᠠᠮᠢᠳᠤ ᠪᠣᠳᠠᠰ ᠤᠨ ᠫᠦᠷᠢᠨ ᠳᠤᠲᠠᠭᠳᠠᠬᠤ ᠶᠢ ᠪᠠᠭᠲᠠᠭᠠᠨ᠎ᠠ︶᠂ ᠰᠢᠭᠡᠰᠦᠨ ᠵᠠᠮ ᠨᠢ ᠬᠠᠭᠠᠷᠠᠬᠤ | ᠂ ᠲᠥᠷᠥᠯᠬᠢ ᠵᠢᠷᠦᠬᠡᠨ ᠡᠪᠡᠳᠴᠢᠨ ᠲᠠᠢ ᠬᠡᠦᠬᠡᠳ ᠤᠨ ᠡᠩ ᠤᠨ ᠡᠪᠡᠳᠴᠢᠨ ᠢ ᠳᠠᠩᠰᠠᠨ ᠠᠴᠠ ᠲᠠᠶᠢᠯᠬᠤ ᠣᠨ ᠤ | ᠬᠠᠮᠤᠭ ᠲᠡᠭᠡᠳᠦ ᠬᠢᠵᠠᠭᠠᠷ ᠱᠤᠭᠤᠮ ᠨᠢ 10000 ᠲᠥᠭᠦᠷᠢᠭ ᠪᠣᠯᠤᠨ᠎ᠠ᠃ ᠬᠦᠨᠳᠦ ᠡᠪᠡᠳᠴᠢᠨ ᠤ ᠲᠠᠩᠰᠠ | ᠲᠠᠶᠢᠯᠬᠤ ᠣᠨ ᠤ ᠳᠡᠭᠡᠳᠦ ᠬᠢᠵᠠᠭᠠᠷ ᠨᠢ 20000 ᠲᠥᠭᠦᠷᠢᠭ ᠪᠣᠯᠤᠨ᠎ᠠ᠃ | ︵5︶ ᠪᠤᠰᠤᠳ ᠬᠦᠨᠳᠦ ᠶᠡᠭᠡ ᠡᠪᠡᠳᠴᠢᠨ ᠡᠮᠭᠡᠭ ᠢ ᠦᠨᠡᠯᠡᠨ ᠲᠤᠭᠳᠠᠭᠠᠬᠤ ᠵᠢᠴᠢ ᠠᠪᠤᠷᠠᠨ ᠲᠤᠰᠠᠯᠠᠬᠤ ᠬᠠᠷᠢᠴᠠᠯ | ᠵᠡᠷᠭᠡ ᠬᠠᠮᠢᠶ᠎ᠠ ᠪᠦᠬᠦᠢ ᠤᠴᠢᠷ ᠢ ᠳᠡᠭᠡᠳᠦ ᠱᠠᠲᠤᠨ ᠤ ᠰᠢᠨ᠎ᠡ ᠲᠣᠭᠲᠠᠭᠠᠯ ᠢ ᠦᠨᠳᠦᠰᠦᠯᠡᠨ ᠲᠣᠬᠢᠷᠠᠭᠤᠯᠤᠯᠲᠠ | ᠬᠢᠨ᠎ᠡ᠃ | ᠲᠠᠪᠤᠳᠤᠭᠠᠷ ᠪᠦᠯᠦᠭ ᠪᠡᠯᠠ ᠮᠥᠩᠭᠦ ᠶᠢᠨ ᠢᠷᠡᠯᠳᠠ᠂ ᠬᠠᠮᠢᠶᠠᠷᠤᠯᠲᠠ | ᠳᠣᠯᠣᠳᠤᠭᠠᠷ ᠵᠦᠢᠯ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠭᠤᠤᠯᠳᠠᠭᠤ ᠬᠤᠰᠢᠭᠤᠨ ᠤ | ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮ ᠡᠮᠨᠡᠯᠭᠡ ᠶᠢᠨ | ᠠᠪᠤᠷᠠᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠣᠯᠬᠤ ᠵᠢᠴᠢ ᠨᠡᠶᠢᠭᠡᠮ ᠤᠨ ᠨᠢᠭᠦᠯᠡᠰᠦᠩᠭᠦᠶ ᠶᠢᠨ | ᠲᠤᠰᠠᠯᠠᠮᠵᠢ ᠪᠠᠷ ᠳᠠᠮᠵᠢᠨ ᠣᠯᠤᠨ᠎ᠠ᠃ ᠬᠤᠰᠢᠭᠤᠨ ᠤ ᠡᠳ᠋ ᠤᠨ ᠵᠠᠰᠠᠭ ᠤᠨ ᠵᠢᠯ ᠪᠦᠷᠢ ᠶᠢᠨ ᠲᠣᠬᠢᠷᠠᠭᠤᠯᠤᠭᠰᠠᠨ | ᠪᠡᠯᠡ ᠮᠥᠩᠭᠦ ᠨᠢ ᠪᠦᠬᠦ ᠬᠤᠰᠢᠭᠤᠨ ᠤ ᠶᠡᠷᠦᠩᠬᠡᠢ ᠬᠥᠮᠦᠨ ᠠᠮᠠ ᠶᠢᠨ ᠬᠥᠮᠦᠨ ᠪᠦᠷᠢ ᠳᠤ 9 ᠲᠥᠭᠦᠷᠢᠭ ᠤᠨ | ᠪᠠᠷᠢᠮᠵᠢᠶ᠎ᠠ ᠠᠴᠠ ᠪᠠᠭ᠎ᠠ ᠪᠠᠶᠢᠵᠤ ᠪᠣᠯᠬᠤ ᠦᠭᠡᠢ᠃ ᠡᠭᠦᠨ ᠤ ᠬᠠᠮᠲᠤ ᠠᠪᠤᠷᠠᠨ ᠲᠤᠰᠠᠯᠠᠭᠰᠠᠨ ᠪᠠᠶᠢᠳᠠᠯ ᠢ | ᠦᠨᠳᠦᠰᠦᠯᠡᠨ ᠲᠥᠰᠦᠪ ᠤᠨ ᠬᠦᠢᠴᠡᠳᠭᠡᠬᠦ ᠲᠤᠭ᠎ᠠ ᠶᠢ ᠵᠤᠬᠢᠰᠳᠡᠢ ᠪᠠᠷ ᠨᠡᠬᠡᠮᠵᠢᠯᠡᠨ ᠨᠡᠮᠡᠨ᠎ᠡ᠃ | ᠨᠠᠶᠢᠮᠠᠳᠤᠭᠠᠷ ᠵᠦᠢᠯ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠳᠤ ᠲᠤᠰᠬᠠᠶ ᠳᠠᠩᠰᠠ ᠶᠢᠨ | ᠬᠠᠮᠢᠶᠠᠷᠤᠯᠳᠠ ᠶᠢ ᠬᠡᠷᠡᠭᠵᠢᠭᠦᠯᠵᠦ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ ᠶᠢᠨ ᠡᠬᠢᠨ ᠳᠤ ᠠᠪᠤᠷᠠᠨ | ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠲᠤᠰᠬᠠᠶ ᠡᠷᠦᠬᠡ ᠳᠤ ᠰᠢᠯᠵᠢᠭᠦᠯᠦᠨ ᠣᠷᠣᠭᠤᠯᠵᠤ᠂ ᠲᠤᠰᠬᠠᠶ | ᠵᠣᠭᠤᠰ ᠢ ᠲᠤᠰᠬᠠᠶ ᠬᠡᠷᠡᠭᠯᠡᠬᠦ ᠲᠣᠰ ᠵᠢᠯ ᠳᠤ ᠥᠭᠴᠦ᠂ ᠦᠯᠡᠳᠡᠪᠦᠷᠢ ᠪᠠᠯᠠ ᠮᠥᠩᠭᠦ ᠶᠢ ᠪᠥᠬᠦ ᠵᠢᠯ ᠤᠨ | ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ 10% ᠠᠴᠠ ᠬᠡᠲᠦᠷᠡᠭᠦᠯᠵᠦ ᠪᠣᠯᠬᠤ | ᠥᠬᠡᠶ᠃ | ᠶᠢᠰᠦᠳᠦᠭᠡᠷ ᠵᠦᠢᠯ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢᠨ ᠬᠡᠷᠡᠭᠯᠡᠯᠲᠡ ᠨᠢ ᠢᠯᠡ᠂ ᠲᠥᠪ | ᠭᠤᠣᠯᠴᠢ᠂ ᠲᠥᠪ ᠭᠤᠣᠯᠴᠢ ᠪᠠᠶᠢᠬᠤ ᠵᠠᠷᠴᠢᠮ ᠢ ᠵᠢᠷᠤᠮᠯᠠᠵᠤ᠂ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ | ᠬᠤᠰᠢᠭᠤᠨ ᠤ ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠤᠨ ᠬᠢᠨᠠᠯᠲᠠ ᠪᠠ ᠪᠠᠶᠢᠴᠠᠭᠠᠯᠲᠠ ᠶᠢ | ᠬᠦᠯᠢᠶᠡᠵᠦ᠂ ᠡᠭᠦᠨ ᠤ ᠬᠠᠮᠲᠤ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ | ᠵᠢᠷᠭᠤᠳᠤᠭᠠᠷ ᠪᠦᠯᠦᠭ ᠠᠵᠢᠯ ᠤᠨ ᠱᠠᠭᠠᠷᠳᠠᠯᠭ᠎ᠠ | ᠠᠷᠪᠠᠳᠤᠭᠠᠷ ᠵᠦᠢᠯ ᠵᠣᠬᠢᠶᠠᠨ ᠪᠠᠶᠢᠭᠤᠯᠤᠯᠲᠠ ᠪᠠᠶᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ | ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠤᠨ | ᠤᠳᠤᠷᠢᠳᠤᠯᠭ᠎ᠠ ᠪᠠ ᠵᠣᠬᠢᠴᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠰᠢᠭᠤᠨ ᠤ | ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠡᠷᠡᠭᠦᠯ ᠬᠠᠮᠠᠭᠠᠯᠠᠯ᠂ ᠶᠠᠳᠠᠭᠤ ᠶᠢ | ᠲᠡᠳᠬᠦᠬᠦ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠪᠠᠶᠢᠭᠤᠯᠵᠤ᠂ | ᠪᠣᠳᠠᠲᠠᠶ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠦᠵᠡᠯ ᠰᠠᠨᠠᠭ᠎ᠠ ᠪᠠᠨ ᠨᠢᠭᠡᠳᠬᠡᠵᠦ᠂ ᠨᠢᠭᠲᠠ ᠬᠠᠮᠵᠢᠯᠴᠠᠬᠤ ᠬᠡᠷᠡᠭᠲᠡᠶ᠃ ᠡᠯ᠎ᠡ ᠰᠢᠶᠠᠩ | ᠪᠠᠯᠭᠠᠰᠤ ︵ᠵᠡᠭᠡᠯᠢ ᠭᠤᠳᠤᠮᠵᠢ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠢᠳᠡᠪᠬᠢᠲᠡᠶ ᠪᠠᠷ ᠬᠠᠮᠵᠢᠯᠴᠠᠨ᠂ | ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠰᠠᠶᠢᠲᠤᠷ ᠠᠳᠬᠤᠬᠤ ᠬᠡᠷᠡᠭᠲᠡᠶ᠃ ᠬᠤᠰᠢᠭᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠭᠦᠢᠴᠡᠳ ᠲᠤᠭ᠎ᠠ ᠪᠠᠷ ᠵᠢᠭᠰᠠᠭᠠᠵᠤ᠂ | ᠲᠡᠭᠡᠳᠦ ᠱᠠᠲᠤᠨ ᠠᠴᠠ ᠰᠠᠯᠭᠠᠨ ᠥᠭᠭᠦᠭᠰᠡᠨ ᠡᠮ ᠡᠮᠨᠡᠯᠭᠡ ᠶᠢᠨ ᠠᠪᠤᠷᠠᠨ ᠲᠤ ᠰᠠᠯᠠᠬᠤ ᠪᠡᠯᠡ ᠮᠥᠩᠭᠦ ᠶᠢᠨ | 2% ᠤᠨ ᠪᠠᠷᠢᠮᠵᠢᠶ᠎ᠠ ᠶᠣᠰᠣᠭᠠᠷ ᠠᠯᠪᠠᠨ ᠵᠠᠷᠤᠳᠠᠯ ᠢ ᠰᠠᠯᠭᠠᠨ ᠥᠭᠬᠦ ᠬᠡᠷᠡᠭᠲᠡᠶ᠃ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠤᠳ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ | ᠡᠵᠡᠮᠰᠢᠵᠦ᠂ ᠠᠵᠢᠯ ᠤᠨ ᠳᠡᠰ ᠳᠠᠷᠠᠭᠠᠯᠠᠯ ᠢ ᠳᠥᠭᠦᠮᠴᠢᠯᠡᠵᠦ ᠲᠡᠭᠦᠯᠳᠡᠷᠵᠢᠭᠦᠯᠬᠦ ᠶᠢᠨ ᠬᠠᠮᠲᠤ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠬᠢᠭᠡᠳ ᠡᠮ ᠡᠮᠨᠡᠯᠭᠡ ᠶᠢᠨ | ᠠᠪᠤᠷᠠᠨ ᠲᠤᠰᠠᠯᠠᠬᠤ ᠳᠦᠷᠢᠮ ᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠭᠠᠷᠳᠠᠮ ᠢ ᠴᠠᠭ | ᠲᠤᠬᠠᠶ ᠳᠤᠨᠢ ᠬᠢᠵᠦ ᠥᠭᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠰᠠᠬᠢᠯᠭ᠎ᠠ ᠪᠠᠲᠤ ᠶᠢ ᠴᠢᠩᠳᠠᠯᠠᠵᠤ᠂ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ | ᠮᠥᠩᠭᠦ ᠶᠢᠨ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠪᠠ ᠬᠢᠨᠠᠨ ᠪᠣᠳᠣᠯᠲᠠ ᠪᠠᠨ ᠴᠢᠩᠭᠠᠳᠬᠠᠵᠤ᠂ ᠡᠮ | ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠵᠤ᠂ ᠰᠢᠬᠠᠨ | ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠦᠵᠡᠭᠳᠡᠯ ᠭᠠᠷᠬᠤ ᠶᠢ ᠡᠷᠡᠰ ᠵᠣᠭᠰᠣᠭᠠᠬᠤ ᠬᠡᠷᠡᠭᠲᠡᠶ᠃ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠬᠢᠵᠦ ᠪᠠᠶᠢᠭ᠎ᠠ ᠠᠵᠢᠯᠲᠠᠳ ᠡᠭᠦᠷᠭᠡ ᠲᠤᠰᠢᠶᠠᠯ ᠳᠠᠭᠠᠨ ᠣᠰᠣᠯᠳᠠᠵᠤ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠵᠦ᠂ ᠡᠰᠡᠬᠦᠯ᠎ᠡ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ | ᠮᠥᠩᠭᠦ ᠶᠢ ᠱᠠᠮᠰᠢᠵᠤ᠂ ᠨᠡᠭᠦᠯᠭᠡᠨ ᠬᠡᠷᠡᠭᠯᠡᠭᠰᠡᠨ ᠪᠠᠶᠢᠪᠠᠯ᠂ ᠬᠠᠤᠯᠢ ᠶᠣᠰᠣᠭᠠᠷ ᠰᠢᠭᠦᠮᠵᠢᠯᠡᠨ ᠰᠤᠷᠭᠠᠬᠤ ᠪᠠ ᠵᠠᠰᠠᠭ | ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ | ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠬᠤ᠂ | ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠠᠪᠴᠤ᠂ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢ | ᠮᠡᠬᠡᠯᠡᠨ ᠠᠪᠤᠭᠰᠠᠨ ᠪᠠᠶᠢᠪᠠᠯ᠂ ᠰᠢᠭᠦᠮᠵᠢᠯᠡᠨ ᠰᠤᠷᠭᠠᠬᠤ ᠶᠢᠨ ᠬᠠᠮᠲᠤ ᠬᠠᠭᠤᠷᠮᠠᠭᠯᠠᠨ ᠠᠪᠤᠭᠰᠠᠨ ᠠᠪᠤᠷᠠᠨ | ᠲᠤᠰᠠᠯᠠᠬᠤ ᠪᠡᠯᠡ ᠮᠥᠩᠭᠦ ᠶᠢ ᠨᠡᠬᠡᠮᠵᠢᠯᠡᠨ ᠠᠪᠴᠢᠷᠠᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ | ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠭᠤᠷᠪᠠᠳᠤᠭᠠᠷ ᠵᠦᠢᠯ ᠥᠷᠭᠡᠨ ᠢᠶᠠᠷ ᠤᠬᠠᠭᠤᠯᠵᠤ᠂ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠣᠯᠠᠨ ᠲᠦᠮᠡᠨ ᠳᠤ ᠦᠢᠯᠡᠴᠢᠯᠡᠬᠦ᠂ | ᠤᠯᠠᠨ ᠲᠦᠮᠡᠨ ᠳᠤ ᠳᠥᠭᠦᠮ ᠦᠵᠡᠭᠦᠯᠬᠦ ᠵᠢᠴᠢ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ | ᠶᠣᠰᠣᠭᠠᠷ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ᠂ ᠢᠯᠠᠩᠭᠤᠶ᠎ᠠ ᠠᠮᠢᠳᠤᠷᠠᠯ ᠨᠢ | ᠬᠦᠴᠢᠷᠳᠡᠯᠲᠡᠶ ᠨᠡᠶᠢᠭᠡᠮ ᠤᠨ ᠪᠠᠭᠤᠷᠠᠶ ᠬᠥᠮᠦᠰ ᠲᠤ ᠬᠠᠨᠳᠤᠭᠤᠯᠤᠨ᠂ ᠬᠦᠨᠳᠦ ᠡᠪᠡᠳᠴᠢᠨ ᠤ ᠡᠮᠴᠢᠯᠡᠭᠡ ᠪᠠᠷ | ᠠᠪᠤᠷᠠᠨ ᠲᠤᠰᠠᠯᠠᠬᠤ ᠳᠦᠷᠢᠮ ᠪᠠ ᠬᠠᠮᠢᠶ᠎ᠠ ᠪᠦᠬᠦᠢ ᠠᠵᠢᠯ ᠤᠨ ᠳᠡᠰ ᠳᠠᠷᠠᠭᠠᠯᠠᠯ ᠢ ᠥᠷᠭᠡᠨ ᠢᠶᠠᠷ ᠤᠬᠠᠭᠤᠯᠤᠨ᠎ᠠ᠃ | ᠡᠭᠦᠨ ᠤ ᠬᠠᠮᠲᠤ᠂ ᠠᠵᠢᠯᠯᠠᠭ᠎ᠠ ᠶᠢ ᠵᠢᠷᠤᠮᠵᠢᠭᠤᠯᠵᠤ᠂ ᠢᠯᠡ ᠨᠡᠶᠢᠲᠡᠯᠡᠬᠦ ᠳᠡᠰ ᠳᠠᠷᠠᠭᠠᠯᠠᠯ ᠢ ᠴᠢᠩᠳᠠᠯᠠᠵᠤ᠂ ᠥᠷᠭᠡᠨ | ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠣᠯᠤᠨ ᠬᠢᠨᠠᠯᠲᠠ ᠲᠠᠯᠪᠢᠬᠤ ᠡᠷᠬᠡ ᠶᠢ ᠦᠨᠡᠨᠬᠦ | ᠪᠠᠲᠤᠯᠠᠵᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠤᠨ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠲᠣᠰ ᠬᠡᠷᠡᠭᠵᠢᠭᠦᠯᠬᠦ ᠠᠷᠭ᠎ᠠ ᠶᠢ 2020 ᠣᠨ ᠤ 4 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠤᠤᠯ ᠤᠨ ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠡᠮ | ᠡᠮᠨᠡᠯᠭᠡ ᠶᠢᠨ ᠠᠪᠤᠷᠠᠨ ᠲᠤᠰᠠᠯᠠᠬᠤ ᠶᠢᠨ ᠬᠡᠷᠡᠭᠵᠢᠭᠦᠯᠬᠦ ᠠᠷᠭ᠎ᠠ︾ ︵ᠬᠠᠷᠠᠴᠢᠨ ᠵᠠᠰᠠᠭ ᠲᠠᠷᠬᠠᠭᠠᠭᠰᠠᠨ ︹2018 | ︺51 ᠳ᠋ᠦ᠋ᠭᠡᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ᠠᠷᠪᠠᠨ ᠲᠠᠪᠤᠳᠤᠭᠠᠷ ᠵᠦᠢᠯ ᠲᠤᠰ ᠬᠡᠷᠡᠭᠵᠢᠭᠦᠯᠬᠦ ᠠᠷᠭ᠎ᠠ ᠶᠢ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠁ |