| ᠬᠠᠷᠠᠴᠢᠨ ᠵᠠᠰᠠᠭ ᠥᠰᠥᠭ ︹ 2020 ︺54 ᠳ᠋ᠦ᠋ᠭᠡᠷ ᠲᠣᠭᠠᠲᠤ | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ | ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠄ | | ᠡᠳᠦᠭᠡ ︽ᠬᠠᠷᠠᠴᠢᠨ ᠬᠤᠰᠢᠭᠤᠨ ᠤ 2020 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ | ᠨᠥᠬᠦᠪᠥᠷᠢ ᠪᠠᠯᠠ ᠮᠥᠩᠭᠦ ᠣᠯᠭᠤᠬᠤ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ | ᠲᠣᠪᠴᠢᠯᠠᠨ᠎ᠠ︶ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠃ ︽ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠶᠢᠨ | ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠲᠠᠷᠬᠠᠭᠠᠬᠤ ᠠᠵᠢᠯ ᠢ ᠲᠣᠭᠲᠠᠭᠠᠯ ᠶᠣᠰᠣᠭᠠᠷ ᠶᠠᠪᠤᠭᠳᠠᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ | | 2020 ᠣᠨ ᠤ 4 ᠰᠠᠷ᠎ᠠ ᠶᠢᠨ 8 ᠤ ᠡᠳᠦᠷ | | ᠬᠠᠷᠠᠴᠢᠨ ᠬᠤᠰᠢᠭᠤᠨ ᠤ 2020 ᠣᠨ ᠤ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠪᠡᠯᠡ | ᠮᠥᠩᠭᠦ ᠣᠯᠭᠤᠬᠤ ᠬᠡᠷᠡᠭᠵᠢᠭᠦᠯᠬᠦ ᠲᠥᠰᠦᠯ | ᠲᠠᠷᠢᠶᠠᠯᠠᠩ ᠤᠨ ᠨᠥᠬᠦᠪᠥᠷᠢ ᠶᠢᠨ ᠳᠦᠷᠢᠮ ᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠶᠢᠨ | ᠲᠥᠯᠥᠭᠡ᠂ ᠲᠠᠷᠢᠮᠠᠯ ᠤᠨ ᠰᠠᠶᠢᠨ ᠦᠷ᠎ᠡ ᠶᠢᠨ ᠨᠥᠬᠦᠪᠥᠷᠢ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠰᠢᠭᠤᠳ | ᠨᠥᠬᠦᠪᠥᠷᠢ ᠪᠣᠯᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠵᠡᠷᠭᠡ | ᠲᠠᠷᠢᠶᠠᠯᠠᠩ ᠤᠨ ︽ᠭᠤᠷᠪᠠᠨ ᠵᠦᠶ᠋ᠯ ᠤᠨ ᠨᠥᠬᠦᠪᠥᠷᠢ︾ ᠶᠢ ᠨᠡᠶᠢᠯᠡᠭᠦᠯᠦᠭᠡᠳ ︽ᠲᠠᠷᠢᠶᠠᠨ ᠭᠠᠵᠠᠷ ᠤᠨ ᠭᠠᠵᠠᠷ ᠤᠨ | ᠰᠢᠮ᠎ᠡ ᠶᠢ ᠬᠠᠮᠠᠭᠠᠯᠠᠬᠤ ᠨᠥᠬᠦᠪᠥᠷᠢ︾ ᠪᠣᠯᠭᠠᠵᠤ᠂ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠲᠠᠷᠢᠶᠠᠨ ᠭᠠᠵᠠᠷ ᠤᠨ | ᠭᠠᠵᠠᠷ ᠤᠨ ᠰᠢᠮ᠎ᠡ ᠶᠢ ᠬᠠᠮᠠᠭᠠᠯᠠᠬᠤ ᠪᠠ ᠠᠮᠤ ᠪᠤᠳᠠᠭᠠᠨ ᠤ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠳᠡᠮᠵᠢᠬᠦ | ᠪᠣᠯᠭᠠᠨ ᠳᠤᠬᠢᠷᠠᠭᠤᠯᠤᠨ᠎ᠠ᠃ ︽ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠤᠪᠴᠢᠶ᠎ᠠ ᠶᠢᠨ ︿ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠭᠤᠷᠪᠠᠨ ᠵᠦᠢᠯ ᠤᠨ | ᠨᠥᠬᠦᠪᠥᠷᠢ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠤᠬᠠᠶ ᠮᠡᠳᠡᠭᠳᠡᠯ ︵ᠤᠯᠠᠭᠠᠨᠬᠠᠳᠠ | ᠡᠳ᠋ ᠤᠨ ᠵᠠᠰᠠᠭ ᠲᠠᠷᠢᠶᠠᠯᠠᠩ ︵︹ 2016 ︺306 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ | ᠦᠨᠳᠦᠰᠦᠯᠡᠨ᠂ ᠮᠠᠨ ᠤ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠮᠥᠩᠭᠦ | ᠲᠠᠷᠬᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠢᠳᠠᠯ ᠲᠠᠢ | ᠤᠶᠠᠯᠳᠤᠭᠤᠯᠤᠨ᠂ ᠲᠤᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠤᠭᠲᠠᠭᠠᠪᠠ᠄ | ᠨᠢᠭᠡ᠂ ᠴᠢᠬᠤᠯᠠ ᠠᠴᠢ ᠬᠤᠯᠪᠣᠭᠳᠠᠯ | ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠨᠢ ᠥᠷᠭᠡᠨ ᠣᠯᠠᠨ ᠲᠠᠷᠢᠶᠠᠴᠢᠨ ᠲᠦᠮᠡᠨ ᠤ | ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ | ᠲᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠨᠢ ︽ | ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠭᠤᠷᠪᠠᠨ ᠵᠦᠶ᠋ᠯ ᠤᠨ ᠨᠥᠬᠦᠪᠥᠷᠢ ᠶᠢᠨ ᠥᠭᠡᠷᠡᠴᠢᠯᠡᠯᠲᠡ ᠶᠢ | ᠬᠡᠷᠡᠭᠵᠢᠭᠦᠯᠬᠦ ᠲᠥᠰᠦᠯ︾ ︵ᠤᠯᠠᠭᠠᠨᠬᠠᠳᠠ ᠡᠳ᠋ ᠤᠨ ᠵᠠᠰᠠᠭ ᠲᠠᠷᠢᠶᠠᠯᠠᠩ ︹ 2016 ︺306︶ ᠪᠠ ︽ | ᠲᠠᠷᠢᠶᠠᠯᠠᠩ ᠢ ᠲᠡᠳᠬᠦᠨ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ | ᠤᠯᠠᠭᠠᠨᠬᠠᠳᠠ ᠡᠳ᠋ ᠤᠨ ᠵᠠᠰᠠᠭ ᠲᠠᠷᠢᠶᠠᠯᠠᠩ ︹ 2016 ︺ 407 ᠳ᠋ᠤᠭᠠᠷ ᠲᠣᠭᠠᠲᠤ ᠳᠠᠮᠵᠢᠭᠤᠯᠬᠤ︶ ᠶᠢᠨ | ᠱᠠᠭᠠᠷᠳᠠᠯᠭ᠎ᠠ ᠶᠣᠰᠣᠭᠠᠷ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠥᠷᠥ ᠶᠢᠨ ᠪᠣᠳᠣᠯᠭ᠎ᠠ ᠶᠢᠨ ᠪᠣᠳᠠᠲᠠᠢ | ᠬᠡᠷᠡᠭᠵᠢᠭᠦᠯᠦᠭᠳᠡᠬᠦ ᠶᠢ ᠪᠠᠳᠤᠯᠠᠬᠤ ᠬᠡᠷᠡᠭᠲᠡᠢ᠃ | ᠬᠤᠶᠠᠷ᠂ ᠪᠣᠳᠠᠲᠠᠶ ᠠᠭᠤᠯᠭ᠎ᠠ | 1. ᠪᠡᠯᠡ ᠮᠥᠩᠭᠦ ᠶᠢᠨ ᠨᠥᠬᠦᠪᠥᠷᠢ ᠬᠦᠷᠲᠡᠬᠦ ᠡᠲᠡᠭᠡᠳ᠃ ᠲᠠᠷᠢᠶᠠᠨ ᠭᠠᠵᠠᠷ ᠳᠠᠭᠠᠭᠠᠴᠢᠯᠠᠬᠤ ᠡᠷᠬᠡ ᠲᠠᠢ ᠲᠠᠷᠢᠶ᠎ᠠ | ᠲᠠᠷᠢᠬᠤ ᠲᠠᠷᠢᠶᠠᠴᠢᠨ᠃ | 2. ᠪᠡᠯᠡ ᠮᠥᠩᠭᠦ ᠶᠢᠨ ᠨᠥᠬᠦᠪᠥᠷᠢ ᠦᠭᠬᠦ ᠬᠡᠪᠴᠢᠶ᠎ᠡ᠃ ᠨᠥᠬᠦᠪᠥᠷᠢ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ | ᠲᠠᠷᠢᠶᠠᠨ ᠭᠠᠵᠠᠷ ᠤᠨ ᠲᠠᠯᠠᠪᠠᠢ ᠲᠠᠢ ᠬᠤᠯᠪᠣᠭᠳᠠᠭᠤᠯᠤᠨ᠎ᠠ᠂ ᠲᠠᠷᠢᠶᠠᠨ ᠭᠠᠵᠠᠷ ᠤᠨ ᠲᠠᠯᠠᠪᠠᠶ ᠶᠢ ᠬᠥᠳᠡᠭᠡ | ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠦᠨᠡᠮᠯᠡᠯ | ᠣᠯᠭᠤᠭᠰᠠᠨ ᠲᠠᠯᠠᠪᠠᠶ ᠪᠠᠷ ᠰᠠᠭᠤᠷᠢ ᠪᠣᠯᠭᠠᠵᠤ᠂ ᠲᠦᠷ ᠬᠡᠷᠡᠭᠯᠡᠬᠦ ᠡᠷᠬᠡ ᠶᠢ ᠨᠢ ᠨᠤᠲᠠᠯᠠᠨ ᠲᠣᠭᠲᠠᠭᠠᠭᠰᠠᠨ ᠦᠭᠡᠶ | ᠲᠠᠷᠢᠶᠠᠨ ᠭᠠᠵᠠᠷ ᠲᠤ ᠤᠤᠯ ᠤᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠭᠠᠶᠢᠯᠢ | ᠪᠣᠳᠣᠬᠤ ᠲᠠᠯᠠᠪᠠᠢ ᠪᠠᠷ ᠰᠠᠭᠤᠷᠢ ᠪᠣᠯᠭᠠᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ | ᠳᠠᠭᠤᠰᠤᠭᠰᠠᠨ ᠤ ᠳᠠᠷᠠᠭ᠎ᠠ᠂ ᠡᠷᠬᠡ ᠶᠢ ᠨᠤᠲᠠᠯᠠᠨ ᠦᠨᠡᠮᠯᠡᠯ ᠣᠯᠭᠤᠭᠰᠠᠨ ᠲᠠᠯᠠᠪᠠᠶ ᠪᠠᠷ ᠲᠤᠭᠠᠴᠠᠯᠳᠠ ᠬᠢᠨ᠎ᠡ᠃ | ᠨᠢᠭᠡᠨᠲᠡ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ | ᠣᠶᠢᠲᠤ ᠭᠠᠵᠠᠷ ᠂ ᠬᠡᠰᠡᠭ ᠠᠮᠤ ᠪᠤᠳᠠᠭᠠᠨ ᠤ ᠲᠠᠷᠢᠶ᠎ᠠ ᠶᠢ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ | ᠪᠣᠯᠭᠠᠨ ᠬᠤᠪᠢᠷᠠᠭᠤᠯᠵᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠲᠠᠲᠠᠪᠤᠷᠢᠯᠠᠨ ︵ᠡᠵᠡᠯᠡᠬᠦ︶ ᠬᠡᠷᠡᠭᠯᠡᠭᠰᠡᠨ | ᠵᠡᠷᠭᠡ ᠬᠡᠷᠡᠭᠴᠡᠭᠡ ᠪᠠᠨ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ ᠵᠢᠴᠢ ᠤᠷᠲᠤ ᠬᠤᠭᠤᠴᠠᠭ᠎ᠠ ᠪᠠᠷ | ᠠᠲᠠᠷᠰᠢᠭᠤᠯᠤᠭᠰᠠᠨ ᠭᠠᠵᠠᠷ ᠰᠢᠷᠣᠶ᠂ ᠨᠢᠭᠡᠨᠲᠡ ᠲᠠᠲᠠᠪᠤᠷᠢᠯᠠᠨ ᠡᠵᠡᠯᠡᠵᠦ ᠰᠢᠯᠵᠡᠭᠦᠯᠦᠨ ᠬᠤᠳᠠᠯᠳᠤᠭᠰᠠᠨ ᠭᠠᠵᠠᠷ | ᠰᠢᠷᠣᠶ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠯᠬᠦ ᠠᠵᠢᠯ ᠳᠤᠮᠳᠠ ︽ ᠨᠦᠬᠦᠪᠦᠷᠢᠯᠡᠬᠦ︾ ᠲᠠᠯᠠᠪᠠᠢ ᠪᠣᠯᠤᠨ | ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠬᠦᠷᠬᠦ ᠦᠭᠡᠢ ᠵᠡᠷᠭᠡ ᠲᠠᠷᠢᠶᠠᠨ ᠭᠠᠵᠠᠷ ᠲᠤ ᠳᠠᠬᠢᠵᠤ ᠨᠥᠬᠦᠪᠥᠷᠢ | ᠥᠭᠬᠦ ᠦᠭᠡᠢ᠃ | 3. ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ᠃ ᠬᠤᠰᠢᠭᠤᠨ ᠤ ᠵᠠᠰᠠᠭ ᠤᠨ ᠣᠷᠳᠣᠨ ᠨᠢ ᠬᠤᠲᠠ ᠶᠢᠨ | ᠪᠠᠭᠤᠯᠭᠠᠭᠰᠠᠨ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠵᠢᠴᠢ ᠨᠥᠬᠦᠪᠦᠷᠢ ᠥᠭᠬᠦ ᠨᠥᠬᠦᠴᠡᠯ ᠳᠤ ᠨᠡᠶᠢᠴᠡᠬᠦ ᠭᠠᠵᠠᠷ | ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠢ ᠨᠤᠲᠠᠯᠠᠭᠰᠠᠨ ᠲᠠᠯᠠᠪᠠᠢ ᠶᠢ ᠶᠡᠷᠦᠩᠬᠡᠶᠢᠯᠡᠨ ᠲᠥᠰᠦᠭᠡᠯᠡᠨ | ᠪᠣᠳᠣᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠡᠨᠡ ᠬᠦ ᠠᠷᠭ᠎ᠠ ᠪᠠᠷ ᠭᠠᠴᠠᠭ᠎ᠠ ᠪᠠ ᠡᠷᠦᠬᠡ ᠳᠤ | ᠬᠦᠷᠲᠡᠯ᠎ᠡ ᠲᠤᠭᠠᠴᠠᠯᠠᠨ ᠪᠣᠳᠣᠨ᠎ᠠ᠃ | 4. ᠡᠰᠢ ᠰᠦᠷᠡᠯ ᠢ ᠵᠠᠳᠠᠭᠠᠶ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠶᠢᠨ ᠶᠠᠮᠤᠨ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ | ᠶᠠᠮᠤᠨ ᠤ ︽ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠬᠤᠷᠢᠭᠯᠠᠬᠤ ᠠᠵᠢᠯ ᠢ | ᠴᠢᠩᠭᠠᠳᠬᠠᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠤᠭᠤᠷᠢᠨ ﹇2013﹈ | 930 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠨ ᠭᠠᠵᠠᠷ ᠤᠨ ᠭᠠᠵᠠᠷ ᠤᠨ ᠰᠢᠮ᠎ᠡ ᠶᠢ | ᠰᠡᠷᠭᠦᠭᠡᠬᠦ ᠪᠠ ᠳᠡᠭᠡᠭᠰᠢᠯᠡᠭᠦᠯᠬᠦ ᠶᠢ ᠪᠠᠲᠤᠯᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠪᠠᠭᠠᠰᠬᠠᠬᠤ ᠶᠢᠨ ᠲᠥᠯᠥᠭᠡ᠂ ᠮᠠᠨ ᠤ ᠬᠤᠰᠢᠭᠤᠨ ᠤ ᠬᠢᠵᠠᠭᠠᠷ | ᠲᠤᠳᠤᠷ᠎ᠠ ᠬᠡᠭᠡᠷ᠎ᠡ ᠭᠠᠳᠠᠭ᠎ᠠ ᠡᠰᠢ ᠰᠦᠷᠡᠯ ᠰᠢᠲᠠᠭᠠᠬᠤ ᠶᠢ ᠪᠥᠬᠦ ᠲᠠᠯ᠎ᠠ ᠪᠠᠷ ᠴᠠᠭᠠᠵᠠᠯᠠᠵᠤ᠂ ᠨᠥᠬᠦᠪᠥᠷᠢ ᠮᠥᠩᠭᠦ | ᠣᠯᠭᠤᠬᠤ ᠪᠠ ᠡᠰᠢ ᠰᠦᠷᠡᠯ ᠰᠢᠲᠠᠭᠠᠬᠤ ᠶᠢ ᠬᠤᠷᠢᠭᠯᠠᠬᠤ ᠠᠵᠢᠯ ᠢ ᠪᠥᠬᠦ ᠲᠠᠯ᠎ᠠ ᠪᠠᠷ ᠤᠶᠠᠯᠳᠤᠭᠤᠯᠤᠨ᠎ᠠ᠃ ᠡᠯ᠎ᠡ | ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠮᠢᠶ᠎ᠠ ᠪᠦᠬᠦᠢ | ᠨᠠᠷᠢᠯᠢᠭ ᠳᠦᠷᠢᠮ ᠲᠣᠭᠲᠠᠭᠠᠵᠤ᠂ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢ ᠲᠣᠰᠬᠤᠨ᠂ ᠡᠷᠦᠬᠡ᠂ ᠬᠥᠮᠦᠨ ᠳᠤ ᠬᠦᠷᠲᠡᠯ᠎ᠡ ᠤᠬᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ | ᠬᠤᠰᠢᠭᠤᠨ ᠠᠴᠠ ᠪᠠᠭᠤᠯᠭᠠᠭᠰᠠᠨ ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠲᠤᠰ ᠬᠠᠷᠢᠶ᠎ᠠ ᠣᠷᠣᠨ ᠤ ᠪᠠᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ ᠪᠣᠳᠠᠲᠤ | ᠪᠠᠶ᠋ᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠬᠡᠯᠪᠡᠷᠢ ᠪᠠᠷ ᠨᠦᠬᠦᠪᠦᠷᠢ ᠵᠢᠨᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠤᠬᠠᠭᠤᠯᠭ᠎ᠠ ᠶᠢᠨ ᠲᠥᠰᠦᠯ | ᠲᠣᠭᠲᠠᠭᠠᠵᠤ᠂ ᠣᠯᠠᠨ ᠵᠦᠢᠯ ᠤᠨ ᠬᠡᠯᠪᠡᠷᠢ ᠪᠣᠯᠤᠨ ᠠᠷᠭ᠎ᠠ ᠵᠠᠮ ᠢᠶᠠᠷ ᠳᠠᠮᠵᠢᠭᠤᠯᠤᠨ᠂ ᠥᠭᠡᠷᠡᠴᠢᠯᠡᠯᠲᠡ ᠶᠢᠨ | ᠭᠤᠣᠯ ᠠᠭᠤᠯᠭ᠎ᠠ ᠶᠢ ᠲᠤᠤᠱᠲᠠᠢ ᠤᠬᠠᠭᠤᠯᠵᠤ᠂ ᠣᠯᠠᠨ ᠲᠦᠮᠡᠨ ᠪᠠ ᠵᠠᠭᠤᠴᠢᠯᠠᠭᠤᠷ ᠤᠨ ᠬᠢᠨ ᠤ ᠮᠠᠳᠠᠭ ᠲᠠᠢ | ᠵᠦᠢᠯ ᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠢ ᠪᠠᠶᠢᠭ᠎ᠠ ᠠᠰᠠᠭᠤᠳᠠᠯ ᠳᠤ | ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠢ᠃ | ︵ᠭᠤᠷᠪᠠ︶ ᠳᠠᠩᠰᠠᠯᠠᠭᠤᠯᠤᠭᠰᠠᠨ ᠨᠥᠬᠦᠪᠥᠷᠢ ᠥᠭᠬᠦ ᠲᠠᠯᠠᠪᠠᠢ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠨᠢ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ | ᠡᠷᠬᠡ ᠶᠢᠨ ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠢ ᠶᠢᠨ ᠪᠠᠶᠢᠳᠠᠯ ᠢ ᠦᠨᠳᠦᠰᠦᠯᠡᠨ᠂ ᠨᠥᠬᠦᠪᠥᠷᠢ ᠥᠭᠬᠦ | ᠲᠠᠯᠠᠪᠠᠢ ᠶᠢ ᠡᠷᠦᠬᠡ ᠳᠤ ᠬᠦᠷᠲᠡᠯ᠎ᠡ ᠲᠤᠭᠠᠴᠠᠭᠠᠯᠠᠭᠰᠠᠨ ᠪᠠᠶᠢᠳᠠᠯ ᠢ ᠳᠠᠩᠰᠠᠯᠠᠬᠤ ᠪᠠ ᠬᠢᠨᠠᠨ ᠬᠠᠷᠭᠤᠭᠤᠯᠬᠤ ᠠᠵᠢᠯ ᠢ | ᠰᠠᠶᠢᠲᠤᠷ ᠬᠢᠵᠦ᠂ ᠲᠣᠰ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠥᠬᠦᠪᠥᠷᠢ ᠥᠭᠬᠦ ᠲᠠᠯᠠᠪᠠᠢ ᠶᠢᠨ ᠰᠠᠭᠤᠷᠢ | ᠮᠡᠳᠡᠭᠡ ᠵᠠᠩᠭᠢ ᠶᠢᠨ ᠬᠦᠰᠦᠨᠦᠭᠲᠦ ᠶᠢ ᠵᠣᠬᠢᠶᠠᠨ᠎ᠠ᠃ ᠬᠢᠨᠠᠨ ᠬᠠᠷᠭᠤᠭᠤᠯᠤᠭᠰᠠᠨ ᠤ ᠳᠠᠷᠠᠭᠠᠬᠢ ᠲᠣᠳᠣᠷᠬᠠᠶ | ᠪᠠᠶᠢᠳᠠᠯ ᠢ ᠭᠠᠴᠠᠭᠠᠨ ᠤ ᠱᠠᠲᠤᠨ ᠳᠤ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠠᠭᠤᠯᠭ᠎ᠠ ᠳᠤ ᠡᠷᠬᠡᠪᠰᠢ | ᠲᠠᠷᠢᠶᠠᠴᠢᠨ ᠡᠷᠦᠬᠡ ᠨᠢᠭᠡᠪᠦᠷᠢ ᠶᠢᠨ ᠨᠥᠬᠦᠪᠥᠷᠢ ᠥᠭᠬᠦ ᠲᠠᠯᠠᠪᠠᠢ᠂ ᠨᠥᠬᠦᠪᠥᠷᠢ ᠥᠭᠬᠦ ᠪᠠᠷᠢᠮᠵᠢᠶ᠎ᠠ᠂ ᠨᠥᠬᠦᠪᠥᠷᠢ | ᠥᠭᠬᠦ ᠵᠣᠭᠤᠰ ᠤᠨ ᠲᠤᠭ᠎ᠠ᠂ ᠨᠥᠬᠦᠪᠥᠷᠢ ᠥᠭᠬᠦ ᠬᠡᠪᠴᠢᠶ᠎ᠡ ᠶᠢ ᠪᠠᠭᠲᠠᠭᠠᠬᠤ ᠬᠡᠷᠡᠭᠲᠡᠶ᠃ ᠨᠡᠶᠢᠲᠡᠯᠡᠬᠦ ᠴᠠᠭ ᠨᠢ 7 | ᠡᠳᠦᠷ ᠠᠴᠠ ᠳᠤᠲᠠᠭᠤ ᠦᠭᠡᠢ ᠪᠠᠶᠢᠵᠤ᠂ ᠭᠡᠷᠡᠯ ᠵᠢᠷᠤᠭ ᠤᠨ ᠬᠡᠯᠪᠡᠷᠢ ᠪᠠᠷ ᠮᠠᠲ᠋ᠧᠷᠢᠶᠠᠯ ᠪᠣᠯᠭᠠᠨ ᠦᠯᠡᠳᠡᠭᠡᠵᠦ᠂ | ᠵᠠᠷᠯᠠᠨ ᠨᠡᠶᠢᠲᠡᠯᠡᠬᠦ ᠬᠤᠭᠤᠴᠠᠭᠠᠨ ᠳᠤ ᠬᠤᠰᠢᠭᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ᠳᠤ | ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠬᠤᠰᠢᠭᠤᠨ ᠤ ᠲᠡᠰ ᠤᠨ ᠢᠯᠡᠴᠢᠯᠡᠨ ᠮᠡᠳᠡᠭᠦᠯᠬᠦ ᠤᠲᠠᠰᠤᠨ ᠳ᠋ᠤᠭᠠᠷ | 0476-3751590 ᠢ ᠢᠯᠡ ᠨᠡᠶᠢᠲᠡᠯᠡᠬᠦ ᠬᠡᠷᠡᠭᠲᠡᠢ᠃ ᠲᠠᠷᠢᠶᠠᠴᠢᠨ ᠲᠦᠮᠡᠨ ᠤ ᠰᠠᠨᠠᠯ ᠢ ᠭᠦᠢᠴᠡᠳ ᠰᠣᠨᠣᠰᠴᠤ᠂ | ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ | ᠵᠠᠯᠠᠷᠠᠭᠤᠯᠬᠤ ᠬᠡᠷᠡᠭᠲᠡᠶ᠃ ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠨᠥᠬᠦᠪᠥᠷᠢ | ᠣᠯᠭᠤᠬᠤ ᠡᠲᠡᠭᠡᠳ ᠤᠨ ᠲᠡᠷᠤᠮᠯᠠᠭᠰᠠᠨ ᠬᠦᠰᠦᠨᠦᠭᠲᠦ ᠶᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠣᠯ | ᠬᠠᠷᠢᠭᠤᠴᠠᠯᠭᠠᠲᠠᠨ ᠢᠶᠠᠷ ᠬᠢᠨᠠᠨ ᠪᠠᠶᠢᠴᠠᠭᠠᠯᠭᠠᠵᠤ᠂ ᠭᠠᠷ ᠤᠨ ᠦᠰᠦᠭ ᠵᠢᠷᠤᠭᠤᠯᠵᠤ ᠲᠠᠮᠠᠭ᠎ᠠ ᠳᠠᠷᠤᠭᠤᠭᠰᠠᠨ ᠤ | ᠳᠠᠷᠠᠭ᠎ᠠ᠂ ︽ᠬᠠᠷᠠᠴᠢᠨ ᠬᠤᠰᠢᠭᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠥᠭᠬᠦ ᠭᠤᠶᠤᠴᠢᠯᠠᠯ ᠤᠨ | ᠪᠢᠴᠢᠭ︾ ᠲᠠᠢ ᠬᠠᠮᠲᠤ 6 ᠰᠠᠷ᠎ᠠ ᠶᠢᠨ 15 ᠤ ᠡᠳᠦᠷ ᠠᠴᠠ ᠡᠮᠦᠨ᠎ᠡ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠦᠨ᠎ᠡ᠃ ᠨᠥᠬᠦᠪᠥᠷᠢ ᠶᠢᠨ ᠮᠡᠳᠡᠭᠡ ᠵᠠᠩᠭᠢ ᠶᠢ ︽ᠪᠦᠬᠦᠨ ᠳᠤ ᠲᠣᠬᠢᠷᠠᠬᠤ ᠺᠠᠷᠲ︾ ᠤᠨ | ᠰᠢᠰᠲ᠋ᠧᠮ ᠳᠤ ᠵᠡᠷᠭᠡᠪᠡᠷ ᠣᠷᠣᠭᠤᠯᠬᠤ ᠬᠡᠷᠡᠭᠲᠡᠶ᠃ ᠦᠨᠡᠨ ᠮᠥᠨ ᠢᠶᠠᠷ ᠨᠢ ᠮᠡᠳᠡᠭᠦᠯᠬᠦ ᠵᠠᠷᠴᠢᠮ ᠢ ᠪᠠᠷᠢᠮᠲᠠᠯᠠᠨ᠂ | ᠢᠯᠡᠭᠦᠤ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠵᠦ ᠪᠣᠯᠬᠤ ᠦᠭᠡᠢ᠃ | ︵ᠳᠥᠷᠪᠡ︶ ᠨᠥᠬᠦᠪᠥᠷᠢ ᠪᠠᠯᠠ ᠮᠥᠩᠭᠦ ᠶᠢ ᠥᠭᠬᠦ᠃ ᠬᠢᠵᠢᠭ ᠤᠨ ᠪᠠᠢᠳᠠᠯ ᠤᠨ ᠬᠤᠭᠤᠴᠠᠭᠠᠨ ᠳᠤ᠂ ᠡᠯ᠎ᠡ ᠰᠢᠶᠠᠩ | ᠪᠠᠯᠭᠠᠰᠤ ︵ᠵᠡᠭᠡᠯᠢ ᠭᠤᠳᠤᠮᠵᠢ︶ ᠨᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ 6 ᠰᠠᠷ᠎ᠠ ᠶᠢᠨ 30 ᠠᠴᠠ ᠡᠮᠦᠨ᠎ᠡ | ᠪᠦᠬᠦ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠦᠷᠢ ᠮᠥᠩᠭᠦ ᠶᠢ ᠪᠦᠬᠦᠨ ᠳᠤ ᠲᠣᠬᠢᠷᠠᠬᠤ | ᠺᠠᠷᠲ ᠳᠤ ᠬᠢᠬᠦ ᠬᠡᠯᠪᠡᠷᠢ ᠪᠠᠷ ᠨᠥᠬᠦᠪᠥᠷᠢ ᠥᠭᠬᠦ ᠡᠲᠡᠭᠡᠳ ᠲᠤ ᠲᠦᠭᠡᠭᠡᠨ ᠦᠭᠬᠦᠨ᠎ᠡ᠂ ᠡᠭᠦᠷᠭᠡ ᠪᠠᠨ ᠬᠤᠭᠤᠴᠠᠭ᠎ᠠ | ᠶᠣᠰᠣᠭᠠᠷ ᠪᠡᠶᠡᠯᠡᠭᠦᠯᠵᠦ ᠳᠡᠶᠢᠯᠬᠦ ᠦᠭᠡᠶ ᠰᠢᠶᠠᠩ ᠪᠠᠯᠭᠠᠰᠤ ᠵᠡᠭᠡᠯᠢ ᠭᠤᠳᠤᠮᠵᠢ ᠳᠤ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠨᠥᠬᠦᠪᠦᠷᠢ ᠮᠥᠩᠭᠦ ᠪᠠᠭᠤᠯᠭᠠᠬᠤ ᠶᠢ | ᠱᠠᠭᠠᠷᠳᠠᠨ ᠰᠢᠢᠳᠪᠦᠷᠢᠯᠡᠬᠦ ᠠᠯᠪᠠᠨ ᠪᠢᠴᠢᠭ ᠪᠠᠭᠤᠯᠭᠠᠵᠤ᠂ ᠮᠥᠨ ᠬᠦ ᠳᠠᠬᠢᠨᠲᠠᠤᠳᠠᠭᠠᠰᠢᠷᠠᠭᠤᠯᠤᠭᠰᠠᠨ ᠪᠠᠶᠢᠪᠠᠯ᠂ | ᠬᠤᠰᠢᠭᠤᠨ ᠤ ᠵᠠᠰᠠᠭ ᠤᠨ ᠣᠷᠳᠣᠨ ᠵᠠᠷᠯᠠᠨ ᠰᠢᠭᠦᠮᠵᠢᠯᠡᠨ᠎ᠡ᠃ | ︵ᠲᠠᠪᠤ︶ ᠦᠯᠡᠳᠡᠪᠦᠷᠢ ᠮᠥᠩᠭᠦ ᠬᠢᠭᠡᠳ ᠰᠢᠯᠵᠢᠭᠦᠯᠦᠭᠰᠡᠨ ᠪᠠᠯᠠ ᠮᠥᠩᠭᠦ ᠶᠢ ᠬᠡᠷᠡᠭᠯᠡᠬᠦ᠃ ᠵᠠᠷᠴᠢᠮ ᠳᠡᠭᠡᠷ᠎ᠡ ᠪᠠᠨ | ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠨᠢ ᠲᠤᠬᠠᠶ ᠶᠢᠨ ᠵᠢᠯ ᠳᠡᠭᠡᠨ ᠲᠠᠷᠢᠶᠠᠴᠢᠨ ᠡᠷᠦᠬᠡ ᠳᠤ ᠥᠭᠬᠦ ᠲᠠᠷᠢᠶᠠᠨ | ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠪᠡᠯᠡ ᠮᠥᠩᠭᠦ ᠶᠢ ᠪᠦᠬᠦᠨ ᠢ ᠣᠯᠭᠤᠬᠤ ᠶᠤᠰᠤᠲᠠᠢ ᠲᠠᠷᠢᠶᠠᠴᠢᠨ | ᠡᠷᠦᠬᠡ ᠳᠤ ᠥᠭᠬᠦ ᠬᠡᠷᠡᠭᠲᠡᠶ᠃ ᠦᠯᠡᠳᠡᠪᠦᠷᠢ ᠭᠠᠷᠴᠤ ᠪᠣᠯᠬᠤ ᠦᠭᠡᠢ᠃ ᠪᠡᠯᠡ ᠮᠥᠩᠭᠦᠨ ᠤ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ᠣᠨᠴᠠᠭᠠᠶ ᠪᠠᠶᠢᠳᠠᠯ ᠳᠣᠤᠷ᠎ᠠ ᠪᠤᠢ ᠪᠤᠯᠤᠭᠰᠠᠨ ᠲᠤᠰ ᠵᠢᠯ ᠳᠤ ᠪᠠᠨ ᠬᠡᠷᠡᠭᠯᠡᠵᠦ | ᠪᠠᠷᠠᠭᠰᠠᠨ ᠥᠬᠡᠶ ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ ᠲᠤᠬᠠᠶ ᠶᠢᠨ | ᠵᠢᠯ ᠤᠨ ᠨᠥᠬᠦᠪᠥᠷᠢ ᠣᠯᠭᠤᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠠᠮᠤ ᠪᠤᠳᠠᠭᠠᠨ ᠤ ᠠᠶᠤᠯ | ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠶ ᠳᠠᠩᠰᠠᠨ ᠳᠤ ᠨᠢᠭᠡᠳᠦᠯᠲᠡᠶ ᠬᠤᠪᠢᠶᠠᠷᠢᠯᠠᠨ ᠰᠢᠯᠵᠢᠭᠦᠯᠵᠦ | ᠲᠥᠪᠯᠡᠷᠡᠭᠦᠯᠦᠨ ᠬᠠᠮᠢᠶᠠᠷᠤᠭᠤᠯᠵᠤ᠂ ᠳᠠᠷᠠᠭ᠎ᠠ ᠵᠢᠯ ᠳᠤ ᠲᠠᠷᠢᠶᠠᠨ ᠭᠠᠵᠠᠷ ᠤᠨ ᠰᠢᠮ᠎ᠡ ᠬᠠᠮᠠᠭᠠᠯᠠᠬᠤ ᠳᠤ ᠬᠡᠷᠡᠭᠯᠡᠬᠦ | ᠨᠥᠬᠦᠪᠥᠷᠢ ᠶᠢᠨ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠨᠢᠭᠡᠲᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠶ᠃ | ᠬᠤᠶᠠᠷ ᠵᠢᠯ ᠳᠠᠷᠠᠭᠠᠯᠠᠨ ᠬᠡᠷᠡᠭᠯᠡᠵᠦ ᠳᠠᠭᠤᠰᠤᠭᠠᠳᠤᠶ ᠦᠯᠡᠳᠡᠪᠦᠷᠢ ᠨᠥᠬᠦᠪᠦᠷᠢ ᠪᠡᠯᠡ ᠮᠥᠩᠭᠦ ᠶᠢ ᠥᠪᠡᠷᠲᠡᠭᠡᠨ | ᠵᠠᠰᠠᠬᠤ ᠣᠷᠣᠨ ᠠᠴᠠ ᠬᠤᠷᠢᠶᠠᠨ ᠠᠪᠬᠤ ᠶᠢᠨ ᠬᠠᠮᠲᠤ ᠳᠡᠭᠡᠭᠰᠢ ᠲᠥᠪ ᠲᠤ ᠲᠤᠰᠢᠶᠠᠬᠤ ᠪᠣᠯᠤᠨ᠎ᠠ᠃ | ︵ᠵᠢᠷᠭᠤᠭ᠎ᠠ︶ ᠳ᠋ᠦᠩᠨᠡᠯᠲᠡ ᠬᠢᠬᠦ᠃ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠲᠠᠷᠢᠶᠠᠨ ᠭᠠᠵᠠᠷ ᠤᠨ | ᠰᠢᠮ᠎ᠡ ᠶᠢ ᠬᠠᠮᠠᠭᠠᠯᠠᠬᠤ ᠨᠥᠬᠦᠪᠦᠷᠢ ᠮᠥᠩᠭᠦ ᠣᠯᠭᠤᠬᠤ ᠠᠵᠢᠯ ᠢᠶᠠᠨ ᠬᠢᠨᠠᠮᠠᠭᠠᠶ ᠳ᠋ᠦᠩᠨᠡᠵᠦ᠂ ᠣᠯᠭᠤᠬᠤ | ᠶᠠᠪᠤᠴᠠ ᠳᠤ ᠢᠯᠡᠷᠡᠭᠰᠡᠨ ᠠᠰᠠᠭᠤᠳᠠᠯ ᠢ ᠡᠮᠬᠢᠯᠡᠵᠦ᠂ ᠲᠠᠷᠢᠶᠠᠨ ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ | ᠪᠡᠯᠡ ᠮᠥᠩᠭᠦ ᠣᠯᠭᠤᠬᠤ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠳᠡᠭᠡᠷ᠎ᠡ ᠱᠠᠲᠤᠨ ᠳᠤ | ᠮᠡᠳᠡᠭᠦᠯᠬᠦ ᠬᠡᠷᠡᠭᠲᠡᠶ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠨᠦᠬᠦᠪᠦᠷᠢ ᠮᠥᠩᠭᠦ ᠣᠯᠭᠤᠬᠤ ᠠᠵᠢᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠨᠥᠬᠦᠪᠥᠷᠢ ᠪᠡᠯᠡ ᠮᠥᠩᠭᠦ ᠣᠯᠭᠤᠬᠤ ᠠᠵᠢᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ | ᠳᠥᠷᠪᠡ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠤᠨ | ᠭᠠᠵᠠᠷ ᠤᠨ ᠰᠢᠮ᠎ᠡ ᠶᠢ ᠬᠠᠮᠠᠭᠠᠯᠠᠬᠤ ᠨᠥᠬᠦᠪᠥᠷᠢ ᠪᠡᠯᠡ ᠮᠥᠩᠭᠦ ᠣᠯᠭᠤᠬᠤ ᠠᠵᠢᠯ ᠢ ᠬᠤᠰᠢᠭᠤᠨ ᠤ ᠵᠠᠰᠠᠭ ᠤᠨ | ᠣᠷᠳᠣᠨ ᠨᠢ ᠶᠡᠷᠦᠩᠬᠡᠶ ᠬᠠᠷᠢᠭᠤᠴᠠᠯᠭ᠎ᠠ ᠡᠭᠦᠷᠭᠡᠯᠡᠨ᠎ᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠪᠠᠯᠠ | ᠮᠥᠩᠭᠦ ᠲᠠᠷᠬᠠᠭᠠᠬᠤ ᠠᠵᠢᠯ ᠢ ᠬᠠᠷᠢᠭᠤᠴᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ | ᠨᠥᠬᠦᠪᠥᠷᠢ ᠶᠢᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠠᠵᠢᠯ ᠢ | ᠬᠠᠷᠢᠭᠤᠴᠠᠨ᠎ᠠ︔ ᠨᠥᠬᠦᠪᠥᠷᠢ ᠪᠡᠯᠡ ᠮᠥᠩᠭᠦ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ | ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠨᠥᠬᠦᠪᠥᠷᠢ | ᠪᠡᠯᠡ ᠮᠥᠩᠭᠦ ᠶᠢᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠂ ᠨᠥᠬᠦᠪᠥᠷᠢ ᠥᠭᠬᠦ ᠡᠲᠡᠭᠡᠳ ᠪᠣᠯᠤᠨ | ᠨᠥᠬᠦᠪᠥᠷᠢ ᠥᠭᠬᠦ ᠲᠠᠯᠠᠪᠠᠶ ᠶᠢ ᠱᠠᠲᠤ ᠱᠠᠲᠤ ᠪᠠᠷ ᠡᠵᠡᠮᠳᠡᠬᠦ ᠶᠢ ᠬᠠᠷᠢᠭᠤᠴᠠᠨ᠎ᠠ᠃ ᠢᠯᠠᠩᠭᠤᠶ᠎ᠠ ᠨᠥᠬᠦᠪᠥᠷᠢ ᠥᠭᠬᠦ | ᠲᠠᠯᠠᠪᠠᠢ ᠶᠢ ᠬᠢᠨᠠᠨ ᠵᠥᠪᠰᠢᠶᠡᠷᠡᠵᠦ᠂ ᠮᠡᠷᠭᠡᠵᠢᠯ ᠤᠨ ᠠᠷᠭ᠎ᠠ ᠪᠠᠷᠢᠯ ᠢ ᠠᠰᠢᠭᠯᠠ ᠰᠤᠩᠭᠤᠨ ᠪᠠᠶᠢᠴᠠᠭᠠᠬᠤ ᠪᠠ ᠳᠠᠬᠢᠨ | ᠪᠠᠶᠢᠴᠠᠭᠠᠬᠤ᠂ ᠨᠥᠬᠦᠪᠥᠷᠢ ᠥᠭᠬᠦ ᠲᠠᠯᠠᠪᠠᠢ ᠶᠢ ᠪᠦᠷᠢᠳᠬᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ | ᠪᠣᠭᠤᠮᠲᠠ ᠶᠢ ᠰᠠᠬᠢᠬᠤ᠂ ᠢᠯᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢᠨ | ᠲᠠᠶᠢᠯᠪᠤᠷᠢᠯᠠᠯᠲᠠ ᠵᠢᠴᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ | ᠬᠢᠨ᠎ᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠬᠡᠷᠡᠭᠵᠢᠭᠦᠯᠬᠦ ᠲᠥᠰᠦᠯ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠱᠠᠭᠠᠷᠳᠠᠯᠭ᠎ᠠ ᠶᠣᠰᠣᠭᠠᠷ᠂ ᠲᠣᠰ | ᠲᠣᠰ ᠤᠨ ᠡᠭᠦᠷᠭᠡ ᠲᠤᠰᠢᠶᠠᠯ᠂ ᠬᠠᠷᠢᠭᠤᠴᠠᠯᠭ᠎ᠠ ᠪᠠᠨ ᠭᠦᠢᠴᠡᠳᠬᠡᠵᠦ ᠂ ᠨᠢᠭᠲᠠ ᠬᠠᠮᠵᠢᠯᠴᠠᠨ᠂ ᠡᠯ᠎ᠡ ᠵᠦᠢᠯ ᠤᠨ | ᠠᠵᠢᠯ ᠢ ᠬᠠᠮᠵᠢᠯᠴᠠᠨ ᠠᠬᠢᠭᠤᠯᠤᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠠᠪᠴᠠᠯᠳᠤᠯᠲᠠ ᠶᠢ ᠰᠠᠶᠢᠲᠤᠷ ᠬᠢᠵᠦ᠂ ᠳᠠᠩᠰᠠ ᠡᠪᠬᠡᠮᠡᠯ ᠤᠨ ᠮᠡᠳᠡᠭᠡ | ᠵᠠᠩᠭᠢ ᠪᠦᠷᠢᠨ ᠭᠦᠶ᠋ᠴᠡᠳ ᠪᠠᠶᠢᠬᠤ ᠬᠡᠷᠡᠭᠲᠡᠢ᠃ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠠᠪᠴᠠᠯᠳᠤᠯᠲᠠ | ᠪᠠ ᠰᠢᠯᠵᠢᠯᠲᠡ ᠶᠢ ᠢᠳᠡᠪᠬᠢᠲᠡᠶ ᠰᠠᠶᠢᠲᠤᠷ ᠬᠢᠵᠦ᠂ 2018 ᠣᠨ ᠠᠴᠠ ᠡᠬᠢᠯᠡᠨ᠂ ᠲᠣᠰ ᠪᠠᠯᠠ ᠮᠥᠩᠭᠦ ᠶᠢ | ᠲᠠᠷᠢᠶᠠᠨ ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠭᠡᠵᠦ ᠨᠢᠭᠡᠳᠦᠯᠲᠡᠶ ᠨᠡᠷᠡᠯᠡᠨ᠎ᠡ᠃ | ᠪᠡᠯᠡ ᠮᠥᠩᠭᠦ ᠲᠠᠷᠬᠠᠭᠠᠬᠤ ᠶᠠᠪᠤᠴᠠ ᠳᠤ ᠨᠥᠬᠦᠪᠥᠷᠢ ᠥᠭᠬᠦ ᠨᠡᠷᠡᠰ ᠦᠨᠲ᠋ᠡᠪᠲᠡᠷ ᠢ ᠪᠢᠴᠢᠨ ᠦᠯᠡᠳᠡᠭᠡᠬᠦ ᠬᠡᠷᠡᠭᠲᠡᠢ᠃ | ︵ᠭᠤᠷᠪᠠ︶ ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠬᠤᠰᠢᠭᠤ ᠵᠠᠰᠠᠭ ᠤᠨ ᠤᠷᠳᠤᠨ ᠤ ᠱᠠᠭᠠᠷᠳᠠᠨ | ᠪᠠᠶᠢᠴᠠᠭᠠᠬᠤ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠱᠠᠭᠠᠷᠳᠠᠨ ᠪᠠᠶᠢᠴᠠᠭᠠᠬᠤ ᠲᠤᠭᠤᠶᠢᠯᠠᠩ | ᠪᠠᠶᠢᠭᠤᠯᠵᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠲᠤᠭᠳᠠᠮᠠᠯ ᠪᠤᠰᠤ ᠬᠤᠭᠤᠴᠠᠭᠠᠨ ᠳᠤ ᠬᠢᠨᠠᠨ | ᠪᠠᠶᠢᠴᠠᠭᠠᠯᠳᠠ ᠬᠢᠬᠦ ᠬᠡᠷᠡᠭᠳᠡᠢ᠃ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠭᠰᠡᠨ ᠦᠭᠡᠢ᠂ | ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠳᠡ ᠬᠦᠴᠦᠳᠡᠢ ᠪᠢᠰᠢ ᠪᠠᠶᠢᠭ᠎ᠠ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠠᠵᠢᠯ ᠢ ᠴᠠᠭ ᠲᠤᠬᠠᠢ ᠳᠤ ᠨᠢ ᠢᠯᠡᠷᠡᠬᠦᠯᠵᠦ ᠵᠠᠯᠠᠷᠠᠭᠤᠯᠤᠭᠰᠠᠨ ᠪᠠᠶᠢᠬᠤ ᠬᠡᠷᠡᠭᠳᠡᠢ᠃ᠲᠠᠷᠢᠶᠠᠨ | ᠭᠠᠵᠠᠷ ᠤᠨ ᠰᠢᠮ᠎ᠡ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ ᠬᠠᠭᠤᠷᠤᠨ ᠮᠡᠭᠡᠯᠡᠵᠦ᠂ ᠱᠠᠮᠰᠢᠭᠰᠠᠨ᠂ | ᠰᠢᠬᠠᠨ ᠡᠵᠡᠯᠡᠭᠰᠡᠨ᠂ ᠨᠡᠭᠦᠯᠭᠡᠨ ᠬᠡᠷᠡᠭᠡᠯᠡᠭᠰᠡᠨ᠂ ᠲᠦᠷᠢᠮ ᠢ ᠵᠦᠷᠢᠴᠡᠨ ᠲᠠᠷᠢᠶᠠᠨ ᠭᠠᠵᠠᠷ ᠤᠨ ᠰᠢᠮ᠎ᠡ ᠶᠢᠨ | ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ ᠲᠠᠷᠬᠠᠭᠠᠭᠰᠠᠨ ᠠᠵᠢᠯᠯᠠᠭ᠎ᠠ ᠶᠢ ᠬᠠᠤᠯᠢ ᠲᠦᠷᠢᠮ ᠶᠤᠰᠤᠭᠠᠷ | ᠴᠢᠩᠭ᠎ᠠ ᠰᠢᠢᠳᠪᠦᠷᠢᠯᠡᠬᠦ ᠬᠡᠷᠡᠭᠳᠡᠢ᠃ ᠨᠦᠬᠦᠪᠦᠷᠢ ᠶᠢᠨ ᠪᠡᠯᠡ ᠮᠦᠩᠬᠦ ᠶᠢ ᠬᠠᠭᠤᠷᠤᠨ ᠠᠪᠬᠤ ᠳᠤ ᠤᠷᠤᠯᠴᠠᠭᠰᠠᠨ | ᠪᠤᠶᠤ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ ᠬᠡᠷᠡᠭᠵᠢᠬᠦᠯᠦᠭᠰᠡᠨ ᠦᠭᠡᠢ ᠪᠠᠶᠢᠵᠤ ᠡᠳ᠋ ᠤᠨ ᠵᠠᠰᠠᠭ ᠪᠡᠯᠡ | ᠮᠦᠩᠭᠦ ᠳᠤ ᠬᠤᠬᠢᠷᠠᠯ ᠦᠵᠡᠭᠦᠯᠦᠭᠰᠡᠳ ᠬᠠᠮᠢᠶ᠎ᠠ ᠪᠦᠬᠦᠢ ᠬᠦᠮᠦᠰ ᠢ ︽ᠡᠳ᠋ ᠤᠨ ᠵᠠᠰᠠᠭ ᠤᠨ ᠬᠠᠤᠯᠢ ᠵᠦᠷᠢᠴᠡᠭᠰᠡᠨ | ᠠᠵᠢᠯᠯᠠᠭ᠎ᠠ ᠳᠤ ᠰᠢᠳᠭᠡᠯ ᠦᠭᠬᠦ ᠵᠤᠷᠪᠤᠰ︾ ᠵᠢᠴᠢ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ ᠬᠠᠷᠢᠭᠤᠴᠠᠯᠭ᠎ᠠ | ᠨᠡᠬᠡᠮᠵᠢᠯᠡᠬᠦ ᠪᠠ ᠰᠢᠳᠭᠡᠯ ᠦᠭᠴᠦ᠂ ᠶᠠᠯ᠎ᠠ ᠬᠢᠭᠰᠡᠨ ᠰᠡᠵᠢᠭ ᠲᠠᠢ ᠪᠤᠯ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠰᠢᠢᠳᠪᠦᠷᠢᠯᠡᠨ᠎ᠡ᠃ | | |