ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠷᠠᠴᠢᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/7/10
   ᠬᠠᠷᠠᠴᠢᠨ ᠵᠠᠰᠠᠭ ᠠᠯᠪᠠᠨ ᠥᠰᠥᠭ︹ 2020 ︺35 ᠳ᠋ᠤᠭᠠᠷ ᠲᠣᠭᠠᠲᠤᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠵᠦᠪᠯᠡᠯ ᠠᠯᠪᠠᠨ ᠭᠡᠷ ᠲᠤᠪᠴᠢᠶ᠎ᠠ᠄ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠠᠴᠠ ᠬᠠᠷᠠᠴᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ  ᠡᠭᠦᠳᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄ ᠵᠠᠩ ᠭᠦᠸᠧ ᠬᠤᠸᠠ   ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠸᠠᠩ ᠱᠤᠸᠠᠢ   ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ    ᠭᠡᠰᠢᠭᠦᠨ᠄ ᠴᠧᠨ ᠬᠠᠶ ᠴᠤᠤ    ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ             ᠯᠢ ᠭᠤᠸᠠᠩ ᠵᠢᠶᠦ᠋ᠨ    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ            ᠯᠢᠦ ᠹᠧᠩ ᠬᠤᠸᠠ     ᠬᠤᠰᠢᠭᠤᠨ ᠤ ᠠᠵᠤ ᠦᠶ᠋ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪ ᠴᠢᠶᠠᠨ ᠤ ᠳᠠᠷᠤᠭ᠎ᠠ            ᠮᠠ ᠭᠤᠸᠠᠩ ᠴᠧᠩ     ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ            ᠷᠦᠩ ᠰᠢ ᠹᠧᠩ    ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ            ᠴᠧᠩ ᡁᠢ ᠹᠸᠢ    ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ            ᠯᠢᠦ ᠰᠢᠶᠣᠤ ᠱᠧᠩ    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ            ᠯᠦ ᠸᠧᠨ ᠵᠢᠶᠧ   ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ     ᠵᠧᠩ ᠰᠢᠶᠠᠨ ᠹᠧᠩ    ᠠᠷᠠᠳ ᠤᠨ ᠪᠠᠩᠬᠢ ᠶᠢᠨ ᠬᠠᠷᠠᠴᠢᠨ ᠬᠤᠰᠢᠭᠤᠨ ᠤ ᠰᠠᠯᠪᠤᠷᠢ ᠪᠠᠩᠬᠢ ᠶᠢᠨ ᠳᠠᠷᠤᠭ᠎ᠠᠬᠤᠶᠠᠷ᠂ ᠪᠤᠰᠤᠳ ᠵᠦᠶ᠋ᠯ︵ᠨᠢᠭᠡ︶ ᠤᠳᠤᠷᠢᠳᠬᠤ ᠪᠠᠭ᠎ᠠ ᠳᠤᠭᠤᠶᠢᠯᠠᠩ ᠤᠨ ᠭᠤᠤᠯ ᠡᠭᠦᠷᠭᠡ ᠬᠠᠷᠢᠭᠤᠴᠠᠯᠭ᠎ᠠ᠄ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠰᠤᠳᠤᠯᠤᠨ ᠬᠢᠨᠠᠵᠦ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ︔ ᠤᠯᠤᠰ ᠤᠨ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠤᠤᠱᠯᠠᠭᠤᠯᠤᠨ ᠨᠠᠢᠳᠠᠪᠤᠷᠢᠵᠢᠭᠤᠯᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠴᠢᠬᠤᠯᠠ ᠶᠡᠭᠡ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠵᠡᠷᠭᠡ︔ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠵᠦᠢᠯᠡᠰ ᠢ ᠵᠣᠬᠢᠴᠠᠭᠤᠯᠤᠨ᠎ᠠ᠃︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠯᠢᠦ ᠹᠧᠩ ᠬᠤᠸᠠ ᠬᠠᠪᠰᠤᠷᠭᠠᠨ ᠬᠠᠷᠢᠭᠤᠴᠠᠨ᠎ᠠ᠃︵ᠭᠤᠷᠪᠠ︶ ᠬᠤᠶᠢᠰᠢᠳᠠ ᠤᠳᠤᠷᠢᠳᠬᠤ ᠳᠤᠭᠤᠶᠢᠯᠠᠩ ᠨᠢ ᠬᠡᠷᠪᠡ ᠠᠵᠢᠯᠲᠠᠨ ᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠳᠠᠭᠢᠵᠤ ᠲᠤᠰ ᠲᠤᠨᠢ ᠪᠢᠴᠢᠭ ᠮᠠᠲ᠋ᠧᠷᠢᠶᠠᠯ ᠪᠠᠭᠤᠯᠭᠠᠬᠤ ᠥᠬᠡᠶ᠃                      2020 ᠣᠨ ᠤ 4 ᠰᠠᠷ᠎ᠠ ᠶᠢᠨ 27 ᠤ ᠡᠳᠦᠷ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号