| | | ᠬᠠᠷᠠᠴᠢᠨ ᠵᠠᠰᠠᠭ ᠲᠠᠷᠬᠠᠭᠠᠭᠰᠠᠨ︹ 2020 ︺9 ᠳ᠋ᠦ᠋ᠭᠡᠷ ᠲᠣᠭᠠᠲᠤ | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ | ᠠᠯᠪᠠᠨ ᠭᠡᠷ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ | ᠰᠢᠭᠤᠳ ᠬᠤᠯᠪᠤᠭᠳᠠᠯ ᠪᠦᠬᠦᠢ ᠰᠠᠯᠠᠭ᠎ᠠ ᠮᠥᠴᠢᠷ ᠲᠤ᠄ | | ᠡᠳᠦᠭᠡ ︽ᠡᠷᠡᠭᠦᠯ ᠡᠩᠬᠡ ᠬᠠᠷᠠᠴᠢᠨ ᠤ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | 2020 ᠣᠨ ᠤ 3 ᠰᠠᠷ᠎ᠠ ᠶᠢᠨ 30 ᠤ ᠡᠳᠦᠷ | | ᠡᠷᠡᠭᠦᠯ ᠴᠢᠭᠢᠷᠠᠭ ᠬᠠᠷᠠᠴᠢᠨ ᠤ ᠠᠵᠢᠯᠯᠠᠭ᠎ᠠ ᠶᠢ ᠬᠡᠷᠡᠭᠵᠢᠭᠦᠯᠬᠦ ᠲᠥᠰᠦᠯ | ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠡᠷᠡᠭᠦᠯ ᠮᠡᠨᠳᠦ ᠶᠢᠨ ᠠᠵᠢᠯᠯᠠᠭ᠎ᠠ ᠶᠢ ᠬᠡᠷᠡᠭᠵᠢᠭᠦᠯᠬᠦ ᠲᠥᠰᠦᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠦ ᠂ | ᠬᠦᠨᠳᠦ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠣᠯᠠᠨ ᠲᠦᠮᠡᠨ ᠤ ᠡᠷᠡᠭᠦᠯ | ᠮᠡᠨᠳᠦ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ | ᠪᠠᠶᠢᠳᠠᠯ ᠲᠠᠢ ᠪᠠᠨᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ | ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠠᠷᠢᠮᠳᠠᠯᠠᠵᠤ | ᠂ ᠮᠡᠳᠡᠯᠭᠡ ᠶᠢ ᠲᠦᠭᠡᠮᠡᠯᠵᠢᠭᠦᠯᠬᠦ᠂ ᠪᠡᠶ᠎ᠡ ᠪᠠᠨ ᠳᠠᠭᠠᠭᠠᠵᠤ ᠪᠡᠶ᠎ᠡ ᠪᠠᠨ ᠪᠠᠷᠢᠵᠤ᠂ ᠦᠢᠯᠡᠴᠢᠯᠡᠭᠡ ᠶᠢ | ᠲᠡᠭᠦᠯᠳᠡᠷᠵᠢᠭᠦᠯᠬᠦ᠂ ᠪᠦᠬᠦ ᠠᠷᠠᠳ ᠢᠶᠠᠷ ᠢᠶᠠᠨ ᠣᠷᠣᠯᠴᠠᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠪᠦᠬᠦ | ᠲᠠᠯ᠎ᠠ ᠪᠠᠷ᠂ ᠪᠦᠬᠦ ᠦᠶᠡᠯᠡᠯ ᠤᠨ ᠬᠤᠭᠤᠴᠠᠭᠠᠨ ᠳᠤ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠨ ᠪᠠᠳᠤᠯᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠣᠶᠢᠯᠠᠭᠠᠭᠳᠠᠬᠤᠨ ᠪᠣᠯᠤᠨ ᠦᠢᠯᠡᠴᠢᠯᠡᠭᠡᠨ ᠤ ᠠᠷᠭ᠎ᠠ | ᠬᠡᠯᠪᠡᠷᠢ ᠶᠢ ᠡᠪᠡᠳᠴᠢᠨ ᠵᠠᠰᠠᠬᠤ ᠪᠠᠷ ᠭᠤᠤᠯ ᠪᠣᠯᠭᠠᠵᠤ ᠪᠠᠶᠢᠭᠰᠠᠨ ᠠᠴᠠ ᠠᠷᠠᠳ ᠲᠦᠮᠡᠨ ᠤ ᠡᠷᠡᠭᠦᠯ ᠮᠡᠨᠳᠦ ᠪᠠᠷ | ᠭᠤᠤᠯ ᠪᠣᠯᠭᠠᠬᠤ ᠪᠣᠯᠭᠠᠨ ᠬᠤᠪᠢᠷᠠᠭᠤᠯᠬᠤ ᠶᠢ ᠲᠦᠷᠭᠡᠳᠬᠡᠨ᠂ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ | ᠵᠥᠪ ᠦᠵᠡᠯᠲᠡ ᠪᠤᠢ ᠪᠣᠯᠭᠠᠵᠤ᠂ ᠡᠷᠡᠭᠦᠯ ᠮᠡᠨᠳᠦ ᠳᠤ ᠠᠰᠢᠭᠲᠠᠢ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠵᠤ᠂ | ᠡᠷᠡᠭᠦᠯ ᠮᠡᠨᠳᠦ ᠳᠤ ᠠᠰᠢᠭᠳᠠᠢ ᠨᠡᠶᠢᠭᠡᠮ ᠤᠨ ᠣᠷᠴᠢᠨ ᠲᠣᠭᠤᠷᠢᠨ ᠪᠠ ᠠᠮᠢ ᠠᠬᠤᠢ ᠶᠢᠨ ᠣᠷᠴᠢᠨ ᠲᠣᠭᠤᠷᠢᠨ ᠢ | ᠪᠤᠢ ᠪᠣᠯᠭᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠦ᠂ ᠬᠠᠷᠠᠴᠢᠨ ᠢ ᠪᠦᠲᠦᠭᠡᠨ ᠪᠠᠶᠢᠭᠤᠯᠬᠤ ᠳᠤ ᠪᠠᠲᠤ | ᠪᠠᠬᠢ ᠰᠠᠭᠤᠷᠢ ᠲᠠᠯᠪᠢᠨ᠎ᠡ᠃ | ᠬᠤᠶᠠᠷ᠂ ᠶᠡᠷᠦᠩᠬᠡᠢ ᠬᠠᠷᠠᠯᠲᠠ | 2022 ᠤᠨ ᠪᠣᠯᠬᠤ ᠳᠤ᠂ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ | ᠲᠦᠪᠰᠢᠨ ᠲᠣᠭᠲᠠᠭᠤᠨ ᠢᠶᠠᠷ ᠲᠡᠭᠡᠭᠰᠢᠯᠡᠬᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ | ᠲᠦᠷᠭᠡᠳᠬᠡᠨ ᠳᠡᠯᠭᠡᠷᠡᠭᠦᠯᠵᠦ᠂ ᠬᠦᠨᠳᠦ᠂ ᠤᠳᠠᠭᠠᠨ ᠴᠢᠨᠠᠷᠲᠠᠶ ᠡᠪᠡᠳᠴᠢᠨ ᠡᠭᠦᠰᠬᠦ ᠨᠣᠷᠮ᠎ᠠ ᠳᠡᠭᠡᠭᠰᠢᠯᠡᠬᠦ | ᠬᠠᠨᠳᠤᠰᠢ ᠶᠢ ᠬᠤᠷᠢᠭᠯᠠᠵᠤ᠂ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ᠂ ᠬᠦᠨᠳᠦ ᠨᠣᠴᠢᠲᠠᠶ ᠣᠶᠤᠨ | ᠮᠡᠳᠡᠷᠡᠯ ᠤᠨ ᠬᠠᠷᠰᠢ ᠰᠠᠭᠠᠳ᠂ ᠣᠷᠣᠨ ᠨᠤᠲᠤᠭ ᠤᠨ ᠡᠪᠡᠳᠴᠢᠨ᠂ ᠠᠵᠢᠯ ᠤᠨ ᠨᠥᠯᠥᠭᠡᠨ ᠤ ᠡᠪᠡᠳᠴᠢᠨ ᠢ | ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢᠯᠡᠳᠲᠡ | ᠰᠠᠶᠢᠵᠢᠷᠠᠭᠤᠯᠤᠨ᠎ᠠ᠃ | 2030 ᠤᠨ ᠪᠣᠯᠬᠤ ᠳᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ | ᠶᠡᠭᠡ ᠪᠠᠷ ᠳᠡᠭᠡᠭᠰᠢᠯᠡᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠵᠦ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢ ᠨᠥᠯᠥᠭᠡᠯᠡᠬᠦ ᠭᠤᠤᠯ ᠬᠦᠴᠦᠨ ᠵᠦᠢᠯ ᠢ ᠪᠦᠲᠦᠮᠵᠢᠲᠡᠶ ᠬᠢᠵᠠᠭᠠᠷᠯᠠᠵᠤ᠂ ᠬᠦᠨᠳᠦ | ᠶᠡᠭᠡ ᠠᠷᠬᠠᠭ ᠡᠪᠡᠳᠴᠢᠨ ᠠᠴᠠ ᠪᠣᠯᠵᠤ ᠬᠡᠲᠦ ᠡᠷᠲᠡ ᠦᠬᠦᠬᠦ ᠨᠣᠷᠮ᠎ᠠ ᠢᠯᠡᠳᠲᠡ ᠪᠠᠭᠤᠷᠠᠭᠤᠯᠵᠤ᠂ ᠬᠥᠮᠦᠨ | ᠪᠦᠷᠢ ᠶᠢᠨ ᠳᠤᠮᠳᠠᠴᠢ ᠡᠷᠡᠭᠦᠯ ᠮᠡᠨᠳᠦ ᠶᠢᠨ ᠵᠢᠱᠢᠭᠰᠡᠨ ᠨᠠᠰᠤᠨ ᠬᠤᠲᠤᠭ ᠢ ᠨᠡᠯᠢᠶᠡᠳ ᠲᠡᠭᠡᠭᠰᠢᠯᠡᠬᠦᠯᠵᠦ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠭᠤᠤᠯ ᠭᠦᠢᠴᠡᠳᠭᠡᠬᠦ ᠲᠤᠭ᠎ᠠ ᠶᠢ ᠤᠯᠤᠰ ᠤᠨ ᠳᠤᠮᠳᠠᠴᠢ ᠬᠢᠷᠢ | ᠲᠦᠪᠰᠢᠨ ᠳᠤ ᠬᠦᠷᠭᠡᠵᠦ᠂ ᠡᠷᠡᠭᠦᠯ ᠮᠡᠨᠳᠦ ᠡᠷᠬᠡ ᠲᠡᠭᠰᠢ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠭᠤᠷᠪᠠ᠂ ᠭᠤᠤᠯ ᠡᠭᠦᠷᠭᠡ | ︵ᠨᠢᠭᠡ︶ ᠡᠷᠡᠭᠦᠯ ᠮᠡᠨᠳᠦ ᠶᠢ ᠨᠥᠯᠥᠭᠡᠯᠡᠬᠦ ᠬᠦᠴᠦᠨ ᠵᠦᠢᠯ ᠢ ᠪᠥᠬᠦ ᠲᠠᠯ᠎ᠠ ᠪᠠᠷ ᠬᠠᠮᠢᠶᠠᠷᠬᠤ ᠬᠡᠷᠡᠭᠲᠡᠶ᠃ | 1. ᠪᠦᠬᠦ ᠠᠷᠠᠳ ᠤᠨ ᠡᠷᠡᠭᠦᠯ ᠮᠡᠨᠳᠦ ᠶᠢᠨ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ︽ᠡᠷᠡᠭᠦᠯ ᠮᠡᠨᠳᠦ ᠶᠢ ᠪᠤᠢ | ᠪᠦᠬᠦᠢ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠬᠤ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠷᠡᠭᠦᠯ | ᠮᠡᠨᠳᠦ ᠶᠢᠨ ᠳᠡᠮᠵᠢᠯᠭᠡ ᠶᠢᠨ ᠴᠢᠨᠠᠷᠲᠠᠶ ᠣᠷᠴᠢᠨ ᠲᠣᠭᠤᠷᠢᠨ ᠢ ᠶᠡᠬᠡᠪᠡᠷ ᠡᠭᠦᠳᠦᠨ ᠪᠠᠶᠢᠭᠤᠯᠵᠤ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠨᠳᠦᠰᠦᠨ ᠲᠥᠷᠥᠯ ᠵᠦᠢᠯ᠂ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠢ ᠠᠬᠢᠭᠤᠯᠬᠤ ᠠᠵᠢᠯᠯᠠᠭᠠᠨ ᠤ ᠲᠥᠷᠥᠯ ᠵᠦᠢᠯ ᠢᠶᠠᠷ ᠭᠠᠷᠳᠠᠴᠠ ᠪᠣᠯᠭᠠᠵᠤ᠂ | ᠡᠮᠴᠢᠯᠡᠭᠡᠨ ᠤ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠳ ᠤᠨ ᠭᠤᠤᠯ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ ︽ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ— | ᠦᠨᠳᠦᠰᠦᠨ ᠮᠡᠳᠡᠯᠭᠡ ᠪᠣᠯᠤᠨ ᠮᠡᠷᠭᠡᠵᠢᠯ ᠤᠨ ᠴᠢᠳᠠᠪᠤᠷᠢ︾ ︵ᠡᠷᠡᠭᠦᠯ ᠮᠡᠨᠳᠦ ᠶᠢᠨ ᠬᠡᠪ ᠪᠤᠯᠪᠠᠰᠤᠷᠠᠯ ᠤᠨ 66 | ᠵᠤᠷᠪᠤᠰ︶ ᠪᠠᠷ ᠭᠤᠤᠯ ᠪᠣᠯᠭᠠᠨ᠎ᠠ᠃ ᠭᠡᠷ ᠪᠦᠯᠢ ᠪᠠ ᠬᠤᠪᠢ ᠬᠥᠮᠦᠨ ᠳᠤ ᠬᠠᠨᠳᠤᠭᠤᠯᠤᠨ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠬᠦᠯᠬᠦ᠂ ᠪᠠᠴᠢᠮ ᠠᠪᠤᠷᠠᠨ ᠲᠤᠰᠠᠯᠠᠬᠤ᠂ ᠴᠠᠭ ᠲᠤᠬᠠᠶ ᠳᠤᠨᠢ ᠡᠮᠨᠡᠭᠦᠯᠬᠦ᠂ | ᠵᠦᠶ ᠵᠣᠬᠢᠰᠲᠠᠶ ᠡᠮ ᠬᠡᠷᠡᠭᠯᠡᠬᠦ ᠵᠡᠷᠭᠡ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠪᠠ ᠮᠡᠷᠭᠡᠵᠢᠯ ᠴᠢᠳᠠᠪᠤᠷᠢ ᠶᠢ | ᠲᠦᠭᠡᠮᠡᠯᠵᠢᠭᠦᠯᠦᠨ᠎ᠡ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ | ᠬᠥᠮᠥᠷᠭᠡ ᠪᠠ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠰᠢᠭᠤ ᠱᠠᠲᠤᠨ ᠤ | ᠵᠠᠭᠤᠴᠢᠯᠠᠭᠤᠷ ᠵᠡᠷᠭᠡ ᠬᠤᠯᠪᠣᠭᠳᠠᠯ ᠪᠦᠬᠦᠢ ᠨᠢᠭᠡᠴᠢ ᠪᠠ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠥᠷᠨᠢᠭᠦᠯᠬᠦ ᠳᠤ ᠳᠡᠮᠵᠢᠯᠭᠡ ᠬᠠᠩᠭᠠᠨ᠎ᠠ᠃ ᠪᠢᠴᠢᠯ | ᠵᠠᠬᠢᠳᠠᠯ᠂ ᠪᠢᠴᠢᠯ ᠪᠯᠤᠭ᠂ ᠰᠢᠯᠵᠢᠮᠡᠯ ᠬᠡᠷᠡᠭᠯᠡᠭᠴᠢ ᠶᠢᠨ ᠰᠣᠹᠲ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ | ᠠᠰᠢᠭᠯᠠᠵᠤ ᠡᠷᠡᠭᠦᠯ ᠮᠡᠨᠳᠦ ᠶᠢᠨ ᠮᠡᠳᠡᠯᠭᠡ ᠶᠢ ᠤᠯᠠᠮᠵᠢᠯᠠᠨ ᠲᠠᠷᠬᠠᠭᠠᠵᠤ᠂ ᠬᠤᠰᠢᠭᠤᠨ ᠤ ᠷᠠᠳᠢᠣ᠋ ᠲᠧᠯᠸᠢᠰ ᠬᠤᠷᠢᠶ᠎ᠠ | ᠪᠣᠯᠤᠨ ᠪᠤᠰᠤᠳ ᠵᠠᠭᠤᠴᠢᠯᠠᠭᠤᠷ ᠤᠳ ᠢᠳᠡᠪᠬᠢᠲᠡᠶ ᠪᠠᠷ ᠨᠥᠬᠦᠴᠡᠯ ᠪᠦᠷᠢᠯᠳᠤᠬᠦᠯᠵᠦ ᠪᠠᠶᠢᠭᠠᠳ ᠰᠢᠯᠢᠳᠡᠭ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠫᠧᠷᠦᠭᠷᠡᠮ ᠡᠷᠬᠢᠯᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠢ | ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠦᠢᠯᠡᠴᠢᠯᠡᠭᠡᠨ ᠢ ᠰᠠᠨᠠᠭᠠᠴᠢᠯᠠᠭ᠎ᠠ ᠠᠴᠠ ᠪᠠᠨ ᠬᠠᠩᠭᠠᠨ᠎ᠠ᠃ ᠨᠠᠮ ᠤᠨ ᠪᠠᠶᠢᠭᠤᠯᠤᠯᠲᠠ ᠪᠠᠷ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠣᠶᠣᠯ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠵᠤ᠂ ᠡᠷᠡᠭᠦᠯ ᠡᠩᠬᠡ ᠬᠠᠷᠠᠴᠢᠨ ᠤ | ᠪᠠᠶᠢᠭᠤᠯᠤᠯᠲᠠ ᠶᠢᠨ ᠭᠤᠣᠯ ᠰᠡᠳᠦᠪ ᠢ ᠳᠣᠪᠤᠶᠢᠯᠭᠠᠵᠤ᠂ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ ᠰᠣᠶᠣᠯ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ 2022 ᠤᠨ ᠪᠠ 2030 ᠤᠨ ᠪᠣᠯᠬᠤ ᠳᠤ᠂ ᠪᠥᠬᠦ | ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠤᠯᠪᠠᠰᠤᠷᠠᠯ ᠤᠨ ᠬᠢᠷᠢ ᠬᠡᠮᠵᠢᠶ᠎ᠡ ᠶᠢ ᠲᠣᠰ ᠲᠣᠰ | 22% ᠪᠠ 30% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠲᠤᠯᠤᠭᠠᠶᠢᠯᠠᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ | ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ | ᠂ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ | ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠵᠦᠶ ᠵᠣᠬᠢᠰᠲᠠᠶ ᠢᠳᠡᠵᠦ ᠤᠤᠭᠤᠬᠤ ᠶᠢ ᠬᠥᠲᠥᠯᠥᠨ ᠵᠢᠯᠣᠭᠤᠳᠤᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠠᠷᠠᠳ ᠤᠨ ᠰᠢᠮ᠎ᠡ ᠲᠡᠵᠢᠭᠡᠯ ᠤᠨ ᠲᠥᠯᠥᠪᠯᠡᠭᠡ ︵2017— 2030︶ ᠶᠢ | ᠬᠡᠷᠡᠭᠵᠢᠭᠦᠯᠬᠦ ᠲᠥᠰᠦᠯ︾ ᠢ ᠪᠦᠬᠦ ᠲᠠᠯ᠎ᠠ ᠪᠠᠷ ᠠᠬᠢᠭᠤᠯᠤᠨ ᠨᠠᠢᠳᠠᠪᠤᠷᠢᠵᠢᠭᠤᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ ᠰᠢᠮ᠎ᠡ ᠲᠡᠵᠢᠭᠡᠯ ᠪᠣᠯᠤᠨ ᠢᠳᠡᠭᠡᠨ ᠤᠮᠳᠠᠭᠠᠨ ᠤ ᠵᠢᠯᠤᠭᠤᠳᠤᠯᠭ᠎ᠠ ᠶᠢ ᠥᠷᠨᠢᠭᠦᠯᠦᠨ᠎ᠡ | ᠃ ᠡᠩ ᠤᠨ ᠬᠥᠮᠦᠰ᠂ ᠣᠨᠴᠠ ᠲᠣᠭᠲᠠᠭᠰᠠᠨ ᠬᠥᠮᠦᠰ ᠪᠣᠯᠤᠨ ᠭᠡᠷ ᠪᠦᠯᠢ ᠳᠤ ᠴᠢᠭᠯᠡᠭᠦᠯᠬᠦ ᠴᠢᠨᠠᠷᠲᠠᠶ ᠰᠢᠮ᠎ᠡ | ᠲᠡᠵᠢᠭᠡᠯ ᠪᠣᠯᠤᠨ ᠢᠳᠡᠭᠡᠨ ᠤ ᠵᠢᠯᠣᠭᠤᠳᠤᠯᠭ᠎ᠠ ᠪᠠᠨ ᠴᠢᠩᠭᠠᠳᠬᠠᠨ᠎ᠠ᠂ ᠬᠡᠮᠵᠢᠶ᠎ᠡ ᠶᠢ ᠨᠢ ᠬᠢᠵᠠᠭᠠᠷᠯᠠᠬᠤ ᠳᠠᠪᠤᠰᠤᠨ | ᠰᠢᠨᠠᠭ᠎ᠠ᠂ ᠬᠡᠮᠵᠢᠶ᠎ᠡ ᠶᠢ ᠨᠢ ᠬᠢᠵᠠᠭᠠᠷᠯᠠᠬᠤ ᠲᠣᠰᠣᠨ ᠳᠡᠪᠦᠷ᠎ᠡ ᠪᠣᠯᠤᠨ ᠡᠷᠡᠭᠦᠯ ᠪᠦᠰᠡᠯᠡᠭᠦᠷ ᠤᠨ ᠱᠤᠭᠤᠮ ᠵᠡᠷᠭᠡ | ᠡᠷᠡᠭᠦᠯ ᠮᠡᠨᠳᠦ ᠶᠢᠨ ᠪᠠᠭᠠᠵᠢ ᠬᠡᠷᠡᠭᠰᠡᠯ ᠢ ᠳᠡᠯᠭᠡᠷᠡᠭᠦᠯᠦᠨ᠎ᠡ᠃ ᠳᠠᠪᠤᠰᠤ ᠶᠢ ᠪᠠᠭᠠᠰᠬᠠᠬᠤ᠂ ᠲᠣᠰᠣ ᠶᠢ ᠪᠠᠭᠠᠰᠬᠠᠬᠤ᠂ | ᠰᠢᠬᠢᠷ ᠢ ᠪᠠᠭᠠᠰᠬᠠᠬᠤ ᠶᠢ ᠠᠬᠢᠭᠤᠯᠤᠨ᠎ᠠ᠃ ᠬᠥᠮᠦᠰ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠪᠠᠢᠳᠠᠯ᠂ | ᠢᠳᠡᠭᠡᠨ ᠤ ᠬᠡᠷᠡᠭᠯᠡᠭᠡ ᠶᠢᠨ ᠪᠠᠶᠢᠳᠠᠯ ᠢ ᠬᠢᠨᠠᠨ ᠬᠡᠮᠵᠢᠬᠦ ᠶᠢ ᠥᠷᠨᠢᠭᠦᠯᠦᠨ᠎ᠡ᠃ ᠰᠢᠮ᠎ᠡ ᠲᠡᠵᠢᠭᠡᠯ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠢᠳᠡᠭᠡᠨ ᠤ ᠰᠢᠮ᠎ᠡ | ᠲᠡᠵᠢᠭᠡᠯ ᠤᠨ ᠲᠡᠮᠳᠡᠭ ᠤᠨ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨᠴᠢ | ᠢᠳᠡᠭᠡᠨ ᠤᠮᠳᠠᠭᠠᠨ ᠤ ᠳᠠᠳᠬᠠᠯ ᠢ ᠪᠦᠷᠢᠯᠳᠦᠭᠦᠯᠬᠦ ᠶᠢ ᠬᠥᠲᠥᠯᠥᠨ ᠵᠢᠯᠣᠭᠤᠳᠤᠨ᠎ᠠ᠃ ᠬᠡᠲᠦᠷᠡᠲᠡᠯ᠎ᠡ ᠠᠷᠢᠬᠢ | ᠤᠤᠭᠤᠬᠤ ᠶᠢ ᠬᠢᠵᠠᠭᠠᠷᠯᠠᠵᠤ᠂ ᠠᠷᠢᠬᠢᠨ ᠳᠤ ᠰᠣᠭᠲᠣᠬᠤ ᠶᠢ ᠪᠠᠭᠠᠰᠬᠠᠨ᠎ᠠ᠃ 2020 ᠤᠨ ᠪᠠ 2030 ᠤᠨ | ᠪᠣᠯᠬᠤ ᠳᠤ᠂ ᠰᠠᠭᠤᠭᠠᠯᠢ ᠠᠷᠠᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠬᠤ ᠨᠣᠷᠮ᠎ᠠ ᠶᠢ | ᠲᠣᠰ ᠲᠣᠰ 2019 ᠤᠨ ᠪᠠ 2022 ᠣᠨ ᠤ ᠰᠠᠭᠤᠷᠢᠨ ᠳᠡᠭᠡᠷ᠎ᠡ 10% ᠪᠠᠷ ᠳᠡᠭᠡᠭᠰᠢᠯᠡᠭᠦᠯᠵᠦ᠂ 5 | ᠨᠠᠰᠤᠨ ᠠᠴᠠ ᠳᠣᠷᠣᠭᠰᠢᠬᠢ ᠬᠡᠤᠬᠡᠳ ᠤᠨ ᠥᠰᠥᠯᠲᠡ ᠤᠳᠠᠭᠠᠰᠢᠷᠠᠭᠰᠠᠨ ᠨᠣᠷᠮ᠎ᠠ ᠶᠢ ᠲᠣᠰ ᠲᠣᠰ 7% ᠪᠠ | 5% ᠠᠴᠠ ᠳᠣᠤᠷ᠎ᠠ ᠪᠠᠶᠢᠯᠭᠠᠨ᠎ᠠ᠃ ᠨᠠᠰᠤᠨ ᠳᠤ ᠬᠦᠷᠦᠭᠰᠡᠳ ᠤᠨ ᠮᠠᠷᠢᠶᠠᠯᠠᠬᠤ ᠨᠣᠷᠮ᠎ᠠ ᠶᠢ ᠦᠷᠭᠦᠯᠵᠢᠯᠡᠨ | ᠪᠠᠭᠤᠷᠠᠭᠤᠯᠤᠨ᠎ᠠ᠃ ︵ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠯᠤᠭᠠᠶᠢᠯᠠᠨ᠂ ᠬᠤᠰᠢᠭᠤᠨ | ᠰᠤᠷᠭᠠᠨ ᠬᠦᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ | ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠬᠠᠮ ᠵᠠᠭᠤᠴᠢᠯᠠᠭᠤᠷ ᠤᠨ ᠲᠦᠪ ᠵᠡᠷᠭᠡ ᠨᠢ ᠡᠭᠦᠷᠭᠡ | ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 3. ᠪᠦᠬᠦ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ | ᠴᠡᠴᠡᠷᠯᠢᠭ ᠤᠨ ᠨᠣᠭᠤᠭᠠᠨ ᠬᠥᠷᠥᠰᠥ ᠵᠢᠨᠰᠢᠰᠲ᠋ᠧᠮ ᠢ ᠲᠡᠩᠴᠡᠭᠦᠷᠢᠲᠡᠶ ᠪᠠᠶᠢᠷᠢᠯᠠᠭᠤᠯᠤᠨ ᠪᠠᠶᠢᠭᠤᠯᠵᠤ᠂ ᠠᠷᠠᠳ | ᠣᠯᠠᠨ ᠤ ᠳᠡᠷᠭᠡᠳᠡᠬᠢ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠬᠦᠷᠢᠶ᠎ᠡ︾ ᠶᠢ ᠴᠢᠷᠮᠠᠶᠢᠨ ᠪᠠᠶᠢᠭᠤᠯᠤᠨ᠎ᠠ᠃ | ᠨᠢᠭᠡ ᠪᠦᠯᠦᠭ ᠪᠡᠶ᠎ᠡ ᠶᠢᠨ ᠲᠠᠮᠢᠷ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠵᠠᠮ᠂ ᠨᠡᠶᠢᠭᠡᠮ ᠲᠣᠭᠤᠷᠢᠭ ᠤᠨ ᠪᠡᠶ᠎ᠡ | ᠴᠢᠭᠢᠷᠠᠭᠵᠢᠭᠤᠯᠬᠤ ᠲᠥᠪ᠂ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠬᠤᠸᠠᠷᠠᠨ ᠵᠡᠷᠭᠡ ᠪᠦᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠦᠲᠦᠭᠡᠨ ᠪᠠᠶᠢᠭᠤᠯᠵᠤ᠂ ᠬᠤᠲᠠ | ᠪᠠᠯᠭᠠᠰᠤ ᠶᠢᠨ ᠠᠭᠠᠵᠢᠮ ᠭᠦᠶᠦᠬᠦ ᠶᠠᠪᠠᠭᠠᠨ ᠵᠠᠮ ︵ᠨᠣᠭᠤᠭᠠᠨ ᠵᠠᠮ︶ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠨᠡᠶᠢᠭᠡᠮ ᠤᠨ ᠬᠦᠴᠦᠨ ᠠᠴᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠳᠠ᠂ ᠬᠠᠮᠢᠶᠠᠷᠤᠯᠲᠠ ᠪᠠ ᠡᠵᠡᠩᠨᠡᠯᠲᠡ ᠳᠤ ᠣᠷᠣᠯᠴᠠᠬᠤ ᠶᠢ ᠳᠠᠮᠵᠢᠵᠤ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠶᠢ ᠲᠦᠯᠬᠢᠨ | ᠠᠬᠢᠭᠤᠯᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠰᠦᠢᠳᠭᠡᠯ ᠬᠤᠷᠢᠶᠠᠬᠤ ᠦᠭᠡᠶ ᠪᠠᠷ | ᠨᠡᠭᠡᠭᠡᠬᠦ ᠬᠡᠷᠡᠭᠲᠡᠶ᠃ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠦᠨᠳᠦᠰᠦᠨ ᠱᠠᠲᠤᠨ ᠤ ᠤᠯᠠᠨ ᠲᠦᠮᠡᠨ ᠤ ᠳᠡᠷᠭᠡᠳᠡ ᠪᠦᠷᠬᠦᠭᠦᠯᠬᠦ ᠶᠢ ᠠᠬᠢᠭᠤᠯᠵᠤ᠂ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ ᠪᠡᠶ᠎ᠡ ᠪᠠᠨ | ᠴᠢᠭᠢᠷᠠᠭᠵᠢᠭᠤᠯᠵᠤ ᠪᠡᠶ᠎ᠡ ᠪᠠᠨ ᠪᠣᠯᠪᠠᠰᠤᠷᠠᠭᠤᠯᠬᠤ ᠪᠠ ᠪᠡᠶ᠎ᠡ ᠪᠣᠯᠪᠠᠰᠤᠷᠠᠭᠤᠯᠬᠤ ᠳᠠᠳᠬᠠᠯ ᠲᠠᠢ ᠪᠤᠯᠭᠠᠬᠤ ᠶᠢ | ᠰᠠᠨᠠᠭᠠᠴᠢᠯᠠᠬᠤ ᠬᠡᠷᠡᠭᠲᠡᠶ᠃ ᠣᠨᠴᠣᠭᠤᠶ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠲᠤ ᠨᠦᠯᠦᠭᠡᠯᠡᠬᠦ ᠶᠢ | ᠬᠡᠷᠡᠭᠵᠢᠭᠦᠯᠵᠦ᠂ ᠡᠯ᠎ᠡ ᠲᠥᠷᠥᠯ ᠤᠨ ᠬᠥᠮᠦᠰ ᠲᠤ ᠴᠢᠭᠯᠡᠭᠦᠯᠦᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ | ᠴᠢᠬᠢᠷᠠᠭᠵᠢᠭᠤᠯᠬᠤ ᠲᠥᠰᠦᠯ ᠢ ᠬᠠᠩᠭᠠᠨ᠎ᠠ᠃ ᠪᠠᠶᠢᠭᠤᠯᠤᠯᠭ᠎ᠠ ᠪᠣᠯᠤᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠨᠢ ᠠᠵᠢᠯᠲᠠᠨ ᠠᠵᠢᠯᠴᠢᠨ ᠤ ᠪᠡᠶ᠎ᠡ ᠴᠢᠭᠢᠷᠠᠭᠵᠢᠭᠤᠯᠬᠤ ᠠᠵᠢᠯ ᠤᠨ ᠵᠠᠪᠰᠠᠷ ᠤᠨ ᠪᠡᠶ᠎ᠡ ᠶᠢᠨ ᠲᠠᠮᠢᠷ ᠵᠡᠷᠭᠡ | ᠠᠵᠢᠯᠯᠠᠭ᠎ᠠ ᠥᠷᠨᠢᠭᠦᠯᠬᠦ ᠶᠢ ᠲᠦᠯᠬᠢᠨ ᠠᠬᠢᠭᠤᠯᠵᠤ᠂ ᠠᠵᠢᠯ ᠤᠨ ᠪᠠᠶᠢᠷᠢ ᠳᠤ ᠪᠠᠶᠢᠭ᠎ᠠ ᠬᠥᠮᠦᠰ ᠤᠨ ᠪᠡᠶ᠎ᠡ ᠶᠢᠨ | ᠲᠠᠮᠢᠷ ᠤᠨ ᠳᠦᠷᠢᠮᠵᠢᠭᠦᠯᠦᠯᠲᠡ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠡᠶᠢᠯᠡᠭᠦᠯᠦᠨ᠂ ᠪᠡᠶ᠎ᠡ ᠶᠢᠨ ᠲᠠᠮᠢᠷ ᠤᠨ | ᠡᠮᠴᠢᠯᠡᠭᠡ ᠶᠢᠨ ᠠᠭᠤᠰᠤᠯᠴᠠᠭᠰᠠᠨ ᠦᠢᠯᠡᠴᠢᠯᠡᠭᠡᠨ ᠤ ᠪᠠᠶᠢᠭᠤᠯᠤᠮᠵᠢ ᠪᠠ ᠲᠠᠪᠴᠠᠩ ᠢ ᠲᠡᠯᠭᠡᠷᠡᠭᠦᠯᠦᠨ ᠪᠠᠶᠢᠭᠤᠯᠵᠤ᠂ | ᠪᠡᠶ᠎ᠡ ᠶᠢᠨ ᠲᠠᠮᠢᠷ᠂ ᠡᠮᠴᠢᠯᠡᠭᠡ ᠶᠢᠨ ᠠᠭᠤᠰᠤᠯᠴᠠᠭᠰᠠᠨ ᠡᠪᠡᠳᠴᠢᠨ ᠡᠮᠭᠡᠭ ᠤᠨ ᠬᠠᠮᠢᠶᠠᠷᠤᠯᠳᠠ ᠪᠠ ᠡᠷᠡᠭᠦᠯ | ᠮᠡᠨᠳᠦ ᠶᠢᠨ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ 2022 ᠤᠨ ᠪᠠ 2030 ᠤᠨ ᠪᠣᠯᠬᠤ ᠳᠤ | ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ︽ᠤᠯᠤᠰ ᠠᠷᠠᠳ ᠤᠨ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ | ᠪᠠᠷᠢᠮᠵᠢᠶ᠎ᠠ︾ ᠳᠤ ᠬᠢᠷᠢ ᠲᠡᠩᠴᠡᠭᠰᠡᠨ ᠬᠥᠮᠦᠨ ᠤ ᠲᠤᠭ᠎ᠠ ᠶᠢᠨ ᠬᠠᠷᠢᠴᠠᠯ ᠢ ᠲᠣᠰ ᠲᠣᠰ 9.0 .3% ᠪᠠ 92% | ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠦᠷᠭᠦᠯᠵᠢ ᠣᠷᠣᠯᠴᠠᠬᠤ | ᠬᠥᠮᠦᠨ ᠤ ᠲᠤᠭ᠎ᠠ ᠶᠢᠨ ᠬᠠᠷᠢᠴᠠᠯ ᠢ 43% ᠠᠴᠠ ᠳᠡᠭᠡᠭᠰᠢ ᠪᠠ 45% ᠠᠴᠠ ᠳᠡᠭᠡᠭᠰᠢ ᠳᠤ ᠬᠦᠷᠭᠡᠨ᠎ᠡ᠃ ︵ | ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ ᠲᠦᠷᠦᠭᠦᠯᠡᠨ ᠬᠢᠵᠦ᠂ ᠬᠤᠰᠢᠭᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠷᠤᠨ | ᠰᠠᠭᠤᠴᠠ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠴᠢᠬᠢᠷᠠᠭ ᠤᠨ ᠲᠤᠪᠴᠢᠶ᠎ᠠ᠂ | ᠠᠵᠢᠯᠴᠢᠨ ᠤ ᠶᠡᠷᠦᠩᠬᠡᠢ ᠡᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ | ᠬᠠᠷᠢᠭᠤᠴᠠᠨ᠎ᠠ︶ | 4. ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯᠯᠠᠭ᠎ᠠ ᠶᠢ ᠠᠬᠢᠭᠤᠯᠤᠨ᠎ᠠ᠃ ᠲᠠᠮᠠᠬᠢ ᠥᠬᠡᠶ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠢᠰᠲ᠋ᠧᠮ ᠤᠨ ᠲᠠᠮᠠᠬᠢ ᠬᠢᠵᠠᠭᠠᠷᠯᠠᠬᠤ ᠦᠷ᠎ᠡ ᠪᠦᠳᠦᠭᠡᠯ ᠢ ᠪᠠᠬᠢᠵᠢᠭᠦᠯᠵᠦ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠢᠰᠲ᠋ᠧᠮ ᠤᠨ ᠵᠢᠱᠢᠶ᠎ᠡ ᠦᠵᠡᠭᠦᠯᠤᠨ ᠲᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠡᠷᠡᠭᠦᠯ | ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠡᠷᠡᠭᠦᠯ ᠮᠡᠨᠳᠦ ᠶᠢ ᠲᠣᠭᠤᠷᠢᠨ ᠬᠢᠴᠢᠶᠡᠯᠯᠡᠬᠦ᠂ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ᠂ ᠡᠷᠡᠭᠦᠯ ᠡᠩᠬᠡ ᠳᠤᠮᠳᠠᠳᠤ ᠤᠯᠤᠰ ᠤᠨ ᠠᠶᠠᠯᠠᠯ᠂ ᠵᠣᠯ ᠵᠢᠷᠭᠠᠯᠲᠤ ᠭᠡᠷ ᠪᠦᠯᠢ ᠶᠢ | ᠡᠭᠦᠳᠦᠨ ᠪᠠᠶᠢᠭᠤᠯᠬᠤ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠲᠠᠮᠠᠬᠢ ᠬᠢᠵᠠᠭᠠᠷᠯᠠᠬᠤ ᠤᠬᠠᠭᠤᠯᠭ᠎ᠠ | ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ᠤᠳᠤᠷᠢᠳᠬᠤ ᠺᠠᠳ᠋ᠷ᠂ ᠡᠮᠨᠡᠯᠭᠡ ᠶᠢᠨ ᠠᠵᠢᠯᠲᠠᠨ ᠪᠣᠯᠤᠨ ᠪᠠᠭᠰᠢ ᠨᠡᠷ | ᠲᠠᠮᠠᠬᠢ ᠲᠠᠲᠠᠬᠤ ᠶᠢ ᠬᠢᠵᠠᠭᠠᠷᠯᠠᠬᠤ ᠳᠠᠭᠠᠭᠤᠯᠤᠭᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ | ᠰᠤᠷᠭᠠᠨ ᠬᠥᠮᠦᠵᠢᠯ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ ᠵᠡᠷᠭᠡ ᠰᠢᠰᠲ᠋ᠧᠮ ᠤᠨ ᠬᠢᠨ ᠤ | ᠲᠠᠮᠠᠬᠢ ᠲᠠᠲᠠᠬᠤ ᠥᠬᠡᠶ ᠲᠦᠷᠢᠮ ᠤᠨ ᠪᠠᠶᠢᠭᠤᠯᠤᠯᠳᠠ ᠶᠢ ᠢᠳᠡᠪᠬᠢᠲᠡᠶ ᠪᠠᠷ ᠰᠠᠨᠠᠭᠠᠴᠢᠯᠠᠨ ᠠᠬᠢᠭᠤᠯᠤᠨ᠎ᠠ᠃ ᠪᠦᠬᠦ | ᠬᠤᠰᠢᠭᠤᠨ ᠤ ᠬᠢᠨ ᠭᠡᠷ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠪᠣᠯᠤᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠳᠣᠲᠣᠷ᠎ᠠ ᠲᠠᠮᠠᠬᠢ ᠲᠠᠲᠠᠬᠤ ᠶᠢ ᠪᠦᠬᠦ ᠲᠠᠯ᠎ᠠ ᠪᠠᠷ ᠬᠤᠷᠢᠭᠯᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠲᠠᠮᠠᠬᠢ ᠬᠢᠵᠠᠭᠠᠷᠯᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠠᠮᠠᠬᠢ ᠬᠢᠵᠠᠭᠠᠷᠯᠠᠬᠤ ᠡᠷᠴᠢᠮ ᠢᠶᠠᠨ | ᠴᠢᠩᠭᠠᠷᠠᠭᠤᠯᠬᠤ ᠶᠢ ᠠᠬᠢᠭᠤᠯᠵᠤ᠂ ᠦᠨ᠎ᠡ ᠬᠠᠩᠰᠢ᠂ ᠭᠠᠶᠢᠯᠢ ᠲᠠᠲᠠᠪᠤᠷᠢ ᠵᠡᠷᠭᠡ ᠠᠷᠭ᠎ᠠ ᠪᠠᠷᠢᠯ ᠢ ᠬᠡᠷᠡᠭᠯᠡᠨ ᠲᠠᠮᠠᠬᠢ | ᠬᠢᠵᠠᠭᠠᠷᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2022 ᠤᠨ ᠪᠠ 2030 ᠤᠨ ᠪᠣᠯᠬᠤ ᠳᠤ᠂ 15 | ᠨᠠᠰᠤᠨ ᠠᠴᠠ ᠳᠡᠭᠡᠭᠰᠢᠬᠢ ᠬᠥᠮᠦᠰ ᠤᠨ ᠲᠠᠮᠠᠬᠢ ᠲᠠᠲᠠᠬᠤ ᠨᠣᠷᠮ᠎ᠠ ᠶᠢ ᠲᠣᠰ ᠲᠣᠰ 24.5% ᠪᠠ 20% ᠠᠴᠠ | ᠳᠣᠤᠷ᠎ᠠ ᠪᠣᠯᠭᠠᠨ᠎ᠠ᠃ ᠪᠦᠬᠦ ᠲᠠᠯ᠎ᠠ ᠪᠠᠷ ᠲᠠᠮᠠᠬᠢ ᠦᠭᠡᠢ ᠬᠠᠤᠯᠢ ᠲᠣᠭᠲᠠᠭᠠᠯ ᠤᠨ ᠬᠠᠮᠠᠭᠠᠯᠠᠯᠲᠠ ᠶᠢᠨ ᠬᠥᠮᠦᠨ | ᠠᠮᠠ ᠶᠢᠨ ᠬᠠᠷᠢᠴᠠᠯ ᠢ ᠲᠣᠰ ᠲᠣᠰ 30% ᠠᠴᠠ ᠳᠡᠭᠡᠭᠰᠢ ᠪᠠ 80% ᠠᠴᠠ ᠳᠡᠭᠡᠭᠰᠢ ᠳᠤ ᠬᠦᠷᠦᠭᠦᠯᠦᠨ᠎ᠡ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠨᠠᠮ ᠤᠨ ᠬᠤᠷᠢᠶᠠᠨ | ᠤ ᠤᠬᠠᠭᠤᠯᠬᠤ ᠬᠡᠯᠳᠡᠰ᠂᠂ ᠰᠤᠷᠭᠠᠨ ᠬᠦᠮᠦᠵᠢᠯ ᠤᠨ ᠲᠤᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ | ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠲᠡᠭᠡᠭᠡᠪᠦᠷᠢ ᠶᠢᠨ | ᠲᠤᠪᠴᠢᠶ᠎ᠠ᠂ ᠰᠤᠶᠤᠯ ᠵᠢᠭᠤᠯᠴᠢᠯᠠᠯ ᠤᠨ ᠲᠤᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ | ᠠᠵᠢᠯᠴᠢᠨ ᠤ ᠶᠡᠷᠦᠩᠬᠡᠢ ᠡᠪᠯᠡᠯ᠂ ᠬᠠᠮ ᠵᠠᠭᠤᠴᠢᠯᠠᠭᠤᠷ ᠤᠨ ᠲᠥᠪ᠂ ᠲᠠᠮᠠᠬᠢ ᠲᠤᠰᠬᠠᠶᠢᠯᠠᠨ ᠬᠤᠳᠠᠯᠳᠤᠬᠤ | ᠲᠤᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 5. ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠤᠨ᠎ᠠ᠃ ᠪᠦᠬᠦ ᠬᠤᠰᠢᠭᠤᠨ ᠤ ᠰᠡᠳᠬᠢᠴᠡ ᠶᠢᠨ ᠡᠷᠡᠭᠦᠯ ᠮᠡᠨᠳᠦ ᠶᠢ | ᠰᠡᠷᠭᠡᠶᠢᠯᠡᠨ ᠵᠠᠰᠠᠬᠤ ᠲᠣᠣᠷ ᠢ ᠪᠠᠶᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠨ | ᠵᠠᠰᠠᠬᠤ ᠲᠥᠪ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ | ᠪᠡᠯᠡᠳᠬᠡᠮᠵᠢ ᠳᠤ ᠲᠦᠰᠢᠭᠯᠡᠨ ᠰᠡᠳᠬᠢᠴᠡ ᠶᠢᠨ ᠯᠠᠪᠯᠠᠯᠳᠠ ︵ᠬᠠᠪᠰᠤᠷᠤᠨ ᠵᠢᠯᠣᠭᠤᠳᠬᠤ︶ ᠶᠢᠨ ᠲᠠᠰᠤᠭ | ᠪᠠᠶᠢᠭᠤᠯᠵᠤ᠂ ᠲᠤᠰᠬᠠᠶ ᠪᠠ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ | ᠵᠢᠯᠣᠭᠤᠳᠬᠤ ᠠᠵᠢᠯᠲᠠᠨ ᠪᠤᠶᠤ ᠨᠡᠶᠢᠭᠡᠮ ᠤᠨ ᠠᠵᠢᠯᠲᠠᠨ ᠲᠣᠬᠢᠷᠠᠭᠤᠯᠵᠤ᠂ ᠦᠨᠳᠦᠰᠦᠨ ᠱᠠᠲᠤᠨ ᠤ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠰᠢᠭᠤ ᠱᠠᠳᠤᠨ ᠤ | ᠨᠠᠰᠤᠨ ᠳᠤ ᠦᠯᠦ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠵᠢᠯᠣᠭᠤᠳᠬᠤ ᠲᠥᠪ ᠢ | ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠣᠶᠣᠨ ᠮᠡᠳᠡᠷᠡᠯ ᠤᠨ ᠰᠠᠭᠠᠳ ᠢ ᠡᠷᠡᠭᠦᠯᠵᠢᠭᠦᠯᠬᠦ ᠲᠥᠷᠥᠯ ᠵᠦᠢᠯ ᠪᠠ | ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢ ᠬᠠᠪᠰᠤᠷᠤᠨ ᠵᠢᠯᠣᠭᠤᠳᠬᠤ ᠲᠥᠷᠥᠯ ᠵᠦᠢᠯ ᠢ | ᠬᠡᠷᠡᠭᠵᠢᠭᠦᠯᠦᠨ᠎ᠡ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠰᠡᠳᠬᠢᠴᠡ ᠶᠢᠨ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠴᠢᠩᠭᠠᠳᠬᠠᠵᠤ᠂ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ ᠬᠢᠭᠡᠳ ᠠᠬᠢᠭᠤᠯᠬᠤ ᠠᠵᠢᠯ ᠢ ᠥᠷᠨᠢᠭᠦᠯᠵᠦ᠂ ᠪᠦᠬᠦ ᠠᠷᠠᠳ ᠤᠨ ᠰᠡᠳᠬᠢᠴᠡ ᠶᠢᠨ | ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ | ᠭᠠᠩᠰᠠᠷᠠᠬᠤ ᠪᠠ ᠵᠣᠪᠠᠨᠢᠬᠤ ᠡᠪᠡᠳᠴᠢᠨ ᠤ ᠪᠠᠶᠢᠳᠠᠯ ᠢ ᠵᠥᠪ ᠲᠠᠨᠢᠭᠤᠯᠵᠤ᠂ ᠥᠪᠡᠷ ᠤᠨ ᠰᠡᠳᠬᠢᠴᠡ ᠶᠢ | ᠵᠣᠬᠢᠴᠠᠭᠤᠯᠬᠤ ᠠᠷᠭ᠎ᠠ ᠶᠢ ᠡᠵᠡᠮᠰᠢᠵᠦ᠂ ᠭᠡᠷ ᠪᠦᠯᠢ ᠶᠢᠨ ᠪᠦᠷᠢᠯᠳᠦᠬᠦᠨ ᠤ ᠰᠡᠳᠬᠢᠴᠡ ᠶᠢᠨ ᠪᠠᠶᠢᠳᠠᠯ ᠢ ᠠᠩᠬᠠᠷᠤᠨ᠎ᠠ | ᠃ ᠰᠡᠳᠬᠢᠴᠡ ᠶᠢᠨ ᠵᠥᠪᠯᠡᠯᠭᠡ ᠥᠭᠬᠦ ᠪᠠ ᠰᠡᠳᠬᠢᠴᠡ ᠶᠢᠨ ᠡᠮᠴᠢᠯᠡᠭᠡᠨ ᠤ ᠦᠢᠯᠡᠴᠢᠯᠡᠭᠡ ᠶᠢ ᠠᠬᠢᠭᠤᠯᠵᠤ᠂ | ᠰᠡᠳᠬᠢᠴᠡ ᠶᠢᠨ ᠬᠢᠮᠤᠷᠠᠯ ᠢ ᠨᠦᠯᠦᠭᠡᠯᠡᠬᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠶᠢ ᠴᠢᠩᠭᠠᠳᠬᠠᠵᠤ᠂ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠦᠷᠭᠡᠳᠭᠡᠵᠦ᠂ ᠣᠶᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠬᠦᠯᠦᠨ᠎ᠡ᠃ ᠨᠡᠶᠢᠭᠡᠮ ᠲᠣᠭᠤᠷᠢᠭ ᠤᠨ ᠣᠶᠣᠨ ᠮᠡᠳᠡᠷᠡᠯ ᠤᠨ ᠰᠠᠭᠠᠳ ᠢ ᠡᠷᠡᠭᠦᠯᠵᠢᠬᠦᠯᠬᠦ | ᠦᠢᠯᠡᠴᠢᠯᠡᠭᠡ ᠶᠢ ᠴᠢᠩᠭᠠᠳᠬᠠᠨ᠎ᠠ᠃ 2022ᠤᠨ ᠪᠠ 2030 ᠤᠨ ᠪᠣᠯᠬᠤ ᠳᠤ᠂ ᠰᠠᠭᠤᠭᠠᠯᠢ ᠠᠷᠠᠳ ᠤᠨ | ᠰᠡᠳᠬᠢᠴᠡ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 20% ᠪᠣᠯᠤᠨ 30% ᠳᠤ ᠬᠦᠷᠳᠡᠯ᠎ᠡ | ᠳᠡᠭᠡᠭᠰᠢᠯᠡᠭᠦᠯᠵᠦ᠂ ᠭᠠᠩᠰᠠᠷᠠᠬᠤ ᠡᠪᠡᠳᠴᠢᠨ ᠢ ᠵᠠᠰᠠᠬᠤ ᠨᠣᠷᠮ᠎ᠠ ᠶᠢ ᠣᠳᠣ ᠶᠢᠨ ᠰᠠᠭᠤᠷᠢᠨ ᠳᠡᠭᠡᠷ᠎ᠡ 30 % | ᠪᠣᠯᠤᠨ 80% ᠪᠠᠷ ᠳᠡᠭᠡᠭᠰᠢᠯᠡᠭᠦᠯᠤᠨ᠎ᠡ᠃ ᠰᠡᠳᠬᠢᠴᠡ ᠶᠢᠨ ᠬᠤᠯᠪᠣᠭᠳᠠᠯ ᠪᠦᠬᠦᠢ ᠡᠪᠡᠳᠴᠢᠨ ᠡᠮᠭᠡᠭ ᠡᠭᠦᠰᠬᠦ | ᠬᠠᠨᠳᠤᠰᠢ ᠤᠳᠠᠭᠠᠰᠢᠷᠠᠭᠤᠯᠤᠨ᠎ᠠ᠃ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠲᠥᠷᠥᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ | ᠴᠠᠭᠠᠵᠠ ᠶᠢᠨ ᠵᠥᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ | ᠠᠷᠠᠳ ᠤᠨ ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠦᠮᠦᠨ ᠤ ᠬᠦᠴᠦᠨ ᠨᠡᠶᠢᠭᠡᠮ ᠤᠨ | ᠪᠠᠳᠤᠯᠠᠭ᠎ᠠ ᠶᠢᠨ ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ | ᠂ ᠵᠠᠮᠳᠡᠭᠴᠦᠳ ᠤᠨ ᠬᠤᠯᠪᠤᠭ᠎ᠠ᠂ ᠬᠠᠮ ᠵᠢᠭᠤᠴᠢᠯᠠᠭᠤᠷ ᠤᠨ ᠲᠦᠪ ᠵᠡᠷᠭᠡ ᠨᠢ ᠡᠭᠦᠷᠭᠡ ᠬᠠᠷᠢᠭᠤᠴᠠᠯᠭ᠎ᠠ | ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 6. ᠡᠷᠡᠭᠦᠯ ᠮᠡᠨᠳᠦ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ᠂ | ᠭᠡᠷ ᠪᠦᠯᠢ᠂ ᠨᠢᠭᠡᠴᠡ ︵ᠠᠵᠤ ᠠᠬᠤᠶᠢᠯᠠᠯ︶ ᠳᠤ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠠᠮᠢᠶ᠎ᠠ | ᠪᠦᠬᠦᠢ ᠰᠡᠷᠭᠡᠶᠢᠯᠡᠨ ᠬᠠᠮᠠᠭᠠᠯᠠᠬᠤ ᠪᠠ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠶ᠃ ᠠᠮᠢ ᠠᠬᠤᠢ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠬᠠᠮᠤᠭ ᠤᠨ ᠴᠢᠩᠭ᠎ᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠭᠠᠷ ᠮᠠᠨᠳᠠᠯ ᠤᠨ ᠤᠷᠴᠢᠨ ᠲᠣᠭᠤᠷᠢᠨ ᠤ ᠶᠠᠰᠤ ᠴᠢᠨᠠᠷ ᠢ | ᠪᠠᠬᠢᠵᠢᠭᠦᠯᠦᠨ ᠰᠠᠶᠢᠵᠢᠷᠠᠭᠤᠯᠵᠤ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ | ᠭᠤᠤᠯᠳᠠᠯᠭ᠎ᠠ ᠲᠠᠢ ᠭᠠᠵᠠᠷ ᠣᠷᠣᠨ᠂ ᠰᠠᠪᠠ ᠭᠠᠵᠠᠷ᠂ ᠠᠵᠢᠯ ᠲᠥᠷᠥᠯ ᠤᠨ ᠣᠷᠴᠢᠨ ᠲᠤᠭᠤᠷᠢᠨ ᠳᠤ ᠡᠷᠡᠭᠦᠯ | ᠮᠡᠨᠳᠦ ᠶᠢᠨ ᠪᠠᠶᠢᠴᠠᠭᠠᠯᠲᠠ ᠬᠢᠨᠠᠨ ᠬᠡᠮᠵᠢᠬᠦ ᠰᠢᠰᠲ᠋ᠧᠮ ᠢ ᠬᠠᠨᠳᠤᠯᠭᠠᠲᠤ ᠴᠢᠨᠠᠷᠲᠠᠶ ᠪᠠᠶᠢᠭᠤᠯᠵᠤ᠂ ᠨᠡᠶᠢᠲᠡᠯᠢᠭ ᠠᠵᠢᠯ | ᠲᠥᠷᠥᠯ᠂ ᠨᠡᠶᠢᠲᠡᠯᠢᠭ ᠣᠷᠣᠨ ᠪᠦᠰᠡ ᠵᠡᠷᠭᠡ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠲᠤᠷᠰᠢᠯᠲᠠ ᠶᠢᠨ | ᠴᠢᠭ᠋ ᠤᠨ ᠪᠠᠶᠢᠴᠠᠭᠠᠨ ᠬᠡᠮᠵᠢᠯᠲᠡ ᠵᠢᠴᠢ ᠲᠦᠭᠰᠢᠭᠦᠷᠢ ᠶᠢᠨ ᠦᠨᠡᠯᠡᠯᠲᠡ ᠬᠢᠬᠦ ᠶᠢ ᠥᠷᠨᠢᠭᠦᠯᠵᠦ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠪᠣᠬᠢᠷᠲᠤᠯ ᠲᠠᠢ ᠬᠤᠯᠪᠣᠭᠳᠠᠬᠤ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠬᠡᠷᠡᠭᠲᠡᠶ᠃ ᠰᠢᠨ᠎ᠡ ᠪᠠᠶᠢᠳᠠᠯ ᠳᠣᠣᠷᠠᠬᠢ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯ ᠢ ᠢᠳᠡᠪᠬᠢᠲᠡᠢ ᠰᠠᠶᠢᠳᠤᠷ ᠬᠢᠵᠦ᠂ ᠡᠷᠡᠭᠦᠯ ᠡᠩᠬᠡ ᠲᠣᠰᠬᠤᠨ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠡᠷᠡᠭᠦᠯ ᠡᠩᠬᠡ ᠨᠡᠶᠢᠭᠡᠮ ᠲᠣᠭᠤᠷᠢᠭ᠂ ᠡᠷᠡᠭᠦᠯ ᠡᠩᠬᠡ ᠨᠢᠭᠡᠴᠡ | ᠂ ᠡᠷᠡᠭᠦᠯ ᠡᠩᠬᠡ ᠭᠡᠷ ᠪᠦᠯᠢ ᠵᠡᠷᠭᠡ ︽ᠡᠷᠡᠭᠦᠯ ᠡᠩᠬᠡ ᠡᠰ︾ ᠤᠨ ᠪᠦᠲᠦᠭᠡᠨ ᠪᠠᠶᠢᠭᠤᠯᠤᠯᠲᠠ ᠶᠢ ᠥᠷᠭᠡᠨ ᠢᠶᠠᠷ | ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ | ᠂ ᠬᠥᠳᠡᠭᠡ ᠲᠣᠰᠬᠤᠨ ᠤ ᠬᠤᠤᠷ ᠦᠭᠡᠢ ᠠᠷᠢᠭᠤᠨ ᠴᠡᠪᠡᠷ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠮᠢ | ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠮᠤᠷ | ᠲᠦᠪᠰᠢᠨ ᠤ ᠬᠡᠮ ᠰᠣᠭᠤᠭ ᠢ ᠵᠠᠰᠠᠬᠤ ᠠᠵᠢᠯ ᠢ ᠴᠢᠩᠭᠠᠳᠬᠠᠵᠤ᠂ ᠵᠠᠮ ᠬᠠᠷᠢᠯᠴᠠᠭᠠᠨ ᠤ ᠭᠡᠮᠲᠦᠯ ᠰᠢᠷᠬᠠᠲᠤᠯ ᠤᠨ | ᠬᠡᠷᠡᠭ ᠭᠠᠷᠬᠤ ᠶᠢ ᠪᠠᠭᠠᠰᠬᠠᠨ᠎ᠠ᠃ ᠵᠠᠰᠠᠵᠤ ᠴᠢᠮᠡᠭᠯᠡᠬᠦ ᠮᠠᠲ᠋ᠧᠷᠢᠶᠠᠯ᠂ ᠡᠳᠦᠷ ᠲᠤᠲᠤᠮ ᠤᠨ ᠬᠡᠷᠡᠭᠯᠡᠭᠡᠨ ᠤ ᠬᠢᠮᠢ ᠶᠢᠨ | ᠵᠦᠢᠯ᠂ ᠬᠡᠤᠬᠡᠳ ᠤᠨ ᠲᠤᠭᠯᠠᠭᠠᠮ ᠪᠠ ᠬᠡᠷᠡᠭᠰᠡᠯ ᠵᠡᠷᠭᠡ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠳᠠ ᠶᠢ ᠴᠢᠩᠭᠠᠳᠬᠠᠬᠤ ᠬᠡᠷᠡᠭᠲᠡᠶ᠃ 2022 ᠤᠨ ᠪᠠ 2030 ᠤᠨ ᠪᠣᠯᠬᠤ ᠳᠤ | ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ | ᠶᠢ ᠲᠣᠰ ᠲᠣᠰ 15% ᠠᠴᠠ ᠳᠡᠭᠡᠭᠰᠢ ᠪᠠ 25% ᠠᠴᠠ ᠳᠡᠭᠡᠭᠰᠢ ᠳᠤ ᠬᠦᠷᠦᠭᠦᠯᠵᠦ᠂ ᠰᠠᠭᠤᠭᠠᠯᠢ ᠠᠷᠠᠳ ᠤᠨ | ᠤᠤᠭᠤᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠢᠯᠡᠷᠬᠡᠶ ᠰᠠᠶᠢᠵᠢᠷᠠᠭᠤᠯᠬᠤ ᠶᠢᠨ ᠬᠠᠮᠲᠤ | ᠦᠷᠬᠦᠯᠵᠢᠯᠡᠨ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠶᠢ ᠶᠡᠬᠡᠪᠡᠷ ᠲᠦᠯᠬᠢᠨ ᠠᠬᠢᠭᠤᠯᠵᠤ᠂ ᠵᠢᠨᠱᠠᠨ ᠬᠤᠲᠠ ᠶᠢᠨ ᠲᠣᠭᠤᠷᠢᠭ ᠲᠤ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠠᠵᠤ ᠦᠢᠯᠡᠳᠪᠦᠷᠢ ᠰᠢᠨᠵᠢᠯᠡᠬᠦ | ᠮᠡᠷᠭᠡᠵᠢᠯ ᠤᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠤᠪᠴᠢᠶ᠎ᠠ᠂ ᠠᠮᠢ ᠠᠬᠤᠢ ᠶᠢᠨ ᠤᠷᠴᠢᠨ ᠲᠤᠭᠤᠷᠢᠨ ᠤ ᠬᠤᠪᠢᠶᠠᠷᠢ ᠲᠤᠪᠴᠢᠶ᠎ᠠ᠂ ᠤᠷᠤᠨ ᠰᠠᠭᠤᠴᠠ ᠪᠦᠳᠦᠭᠡᠨ | ᠪᠠᠶᠢᠭᠤᠯᠤᠯᠳᠠ ᠶᠢᠨ ᠲᠤᠪᠴᠢᠶ᠎ᠠ᠂ ᠵᠠᠮ ᠲᠡᠭᠡᠭᠡᠪᠦᠷᠢ ᠶᠢᠨ ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ᠂ | ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠰᠤᠷᠭᠠᠨ ᠬᠦᠮᠦᠵᠢᠯ ᠤᠨ | ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠦᠮᠦᠨ ᠤ ᠬᠦᠴᠦᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠶᠠᠳᠠᠭᠤ ᠶᠢ ᠲᠡᠳᠬᠦᠬᠦ | ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠵᠠᠮᠳᠡᠭᠴᠦᠳ ᠤᠨ ᠬᠤᠯᠪᠤᠭ᠎ᠠ᠂ ᠬᠠᠮ | ᠵᠢᠭᠤᠴᠢᠯᠠᠭᠤᠷ ᠤᠨ ᠲᠦᠪ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ | ᠬᠠᠷᠢᠭᠤᠴᠠᠨ᠎ᠠ︶ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ | ᠲᠤᠪᠴᠢᠶ᠎ᠠ᠂ ᠤᠰᠤᠨ ᠠᠰᠢᠭᠯᠠᠯᠳᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠵᠠᠬ᠎ᠠ | ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠰᠢᠨᠵᠢᠯᠡᠬᠦ ᠮᠡᠷᠭᠡᠵᠢᠯ ᠤᠨ ᠵᠦᠪᠯᠡᠯ ᠵᠡᠷᠭᠡ ᠨᠢ ᠡᠭᠦᠷᠭᠡ | ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠬᠤᠶᠠᠷ︶ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢ ᠬᠠᠮᠠᠭᠠᠯᠠᠨ᠎ᠠ᠃ | 7. ᠡᠬᠡ ᠨᠢᠯᠬᠠᠰ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠷᠤᠭᠯᠠᠬᠤ ᠠᠴᠠ ᠡᠮᠦᠨ᠎ᠡ᠂ | ᠵᠢᠷᠮᠦᠰᠦᠯᠡᠬᠦ ᠠᠴᠠ ᠡᠮᠦᠨ᠎ᠡ᠂ ᠵᠢᠷᠮᠦᠰᠦᠯᠡᠵᠦ ᠬᠥᠩᠭᠡᠵᠢᠬᠦ ᠬᠤᠭᠤᠴᠠᠭ᠎ᠠ᠂ ᠬᠡᠦᠬᠡᠳ ᠵᠡᠷᠭᠡ ᠱᠠᠲᠤ ᠦᠶ᠎ᠡ ᠶᠢᠨ | ᠣᠨᠴᠠᠯᠢᠭ ᠲᠤ ᠴᠢᠭᠯᠡᠭᠦᠯᠦᠨ᠂ ᠭᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠡᠷᠡᠭᠦᠯ ᠴᠢᠭᠢᠷᠠᠭ ᠰᠢᠨ᠎ᠡ ᠠᠮᠢ | ᠨᠠᠰᠤ ᠶᠢ ᠵᠢᠷᠤᠮᠤᠰᠦᠯᠠᠨ ᠪᠤᠶᠢᠵᠢᠭᠤᠯᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠡᠬᠡ ᠨᠢᠯᠬᠠᠰ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠬᠡ ᠨᠢᠯᠬᠠᠰ ᠤᠨ ᠴᠢᠳᠠᠪᠤᠷᠢᠲᠠᠨ ᠢ | ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ | ᠰᠢᠰᠲ᠋ᠧᠮ ᠢ ᠪᠣᠳᠠᠲᠠᠶ ᠪᠠᠷ ᠡᠷᠬᠢᠮᠯᠡᠨ ᠬᠡᠷᠡᠭᠯᠡᠵᠦ᠂ ᠵᠡᠷᠡᠮᠳᠡᠭ ᠲᠦᠷᠦᠭᠦ ᠶᠢ ᠤᠷᠢᠳᠴᠢᠯᠠᠨ ᠰᠡᠷᠭᠡᠶᠢᠯᠡᠬᠦ ᠭᠤᠷᠪᠠᠳᠤᠭᠠᠷ | ᠳᠡᠰ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠡᠤᠬᠡᠳ ᠤᠨ ᠠᠩᠬᠠᠨ ᠤ ᠬᠤᠭᠤᠴᠠᠭᠠᠨ ᠤ | ᠬᠥᠭᠵᠢᠯᠲᠡ ᠶᠢᠨ ᠠᠵᠢᠯ ᠢ ᠲᠦᠯᠬᠢᠨ ᠠᠬᠢᠭᠤᠯᠵᠤ᠂ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ | ᠪᠠ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠦᠷᠡᠵᠢᠯ ᠤᠨ | ᠡᠷᠡᠭᠦᠯ ᠮᠡᠨᠳᠦ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠢᠶᠠᠷ ᠭᠤᠤᠯᠳᠠᠯᠭ᠎ᠠ ᠪᠤᠯᠭᠠᠵᠤ᠂ ᠮᠠᠯᠵᠢᠬᠤ | ᠲᠠᠷᠢᠶᠠᠯᠠᠬᠤ ᠣᠷᠣᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠣᠯᠤᠨ ᠬᠥᠬᠦᠨ ᠪᠤᠯᠴᠢᠷᠬᠠᠶ ᠶᠢᠨ | ᠥᠮᠡᠨ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ | ᠨᠡᠮᠡᠭᠳᠡᠭᠦᠯᠦᠨ᠎ᠡ᠃ ᠠᠶᠢᠽ ᠡᠪᠡᠳᠴᠢᠨ᠂ ᠲᠡᠮᠪᠦᠤ ᠪᠠ ᠬᠦᠬᠡᠭᠴᠢᠨ ᠬᠡᠯᠪᠡᠷᠢ ᠶᠢᠨ ᠡᠯᠢᠭᠡᠨ ᠤ ᠦᠷᠪᠢᠰᠦᠯ ᠤᠨ ᠡᠬᠡ | ᠨᠢᠯᠬ᠎ᠠ ᠶᠢᠨ ᠬᠠᠯᠳᠠᠪᠤᠷᠢᠯᠠᠯ ᠢ ᠰᠡᠷᠭᠡᠶᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠶᠢᠽ | ᠡᠪᠡᠳᠴᠢᠨ ᠤ ᠡᠬᠡ ᠨᠢᠯᠬ᠎ᠠ ᠶᠢᠨ ᠬᠠᠯᠳᠠᠪᠤᠷᠢᠯᠠᠯ ᠢ ᠠᠷᠢᠯᠭᠠᠬᠤ ᠬᠠᠷᠠᠯᠲᠠ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃ | ᠡᠬᠡ ᠨᠢᠯᠬᠠᠰ ᠤᠨ ᠡᠷᠡᠭᠦᠯ ᠮᠡᠨᠳᠦ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ | ᠢᠨᠵᠧᠨᠧᠷᠢᠩ ᠢ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠳᠤ ᠪᠠᠷᠢᠮᠵᠢᠶᠠᠵᠢᠭᠰᠠᠨ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠠᠶᠢᠬᠤ ᠶᠢ ᠪᠠᠲᠤᠯᠠᠵᠤ᠂ 2022 ᠤᠨ ᠪᠠ 2030 | ᠤᠨ ᠪᠣᠯᠬᠤ ᠳᠤ᠂ ᠨᠢᠯᠬ᠎ᠠ ᠬᠡᠤᠬᠡᠳ ᠤᠨ ᠦᠬᠦᠯᠲᠡ ᠶᠢᠨ ᠨᠣᠷᠮ᠎ᠠ ᠶᠢ ᠲᠣᠰ ᠲᠣᠰ 7‰ ᠪᠠ 5‰ ᠠᠴᠠ | ᠳᠣᠷᠣᠭᠰᠢ ᠬᠢᠵᠠᠭᠠᠷᠯᠠᠨ᠎ᠠ︔ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠶᠢ ᠲᠤᠰ | ᠲᠤᠰ 9‰ ᠪᠠ 6‰ ᠠᠴᠠ ᠳᠣᠷᠣᠭᠰᠢ ᠬᠢᠵᠠᠭᠠᠷᠯᠠᠨ᠎ᠠ︔ ᠵᠢᠷᠮᠦᠰᠦᠨ ᠡᠮᠡᠭᠲᠡᠶ ᠶᠢᠨ ᠦᠬᠦᠯᠲᠡ ᠶᠢᠨ ᠨᠤᠷᠮ᠎ᠠ ᠶᠢ | ᠲᠤᠰ ᠲᠤᠰ 17/10 ᠲᠦᠮᠡ ᠪᠠ 12/10 ᠲᠦᠮᠡ ᠠᠴᠠ ᠳᠣᠷᠣᠭᠰᠢ ᠬᠢᠵᠠᠭᠠᠷᠯᠠᠨ᠎ᠠ︔ ᠬᠥᠩᠭᠡᠵᠢᠬᠦ ᠠᠴᠠ | ᠡᠮᠦᠨᠡᠬᠢ ᠰᠢᠭᠰᠢᠨ ᠪᠠᠶᠢᠴᠠᠭᠠᠯᠲᠠ ᠶᠢ ᠲᠣᠰ ᠲᠣᠰ 70% ᠪᠠ 80% ᠳᠤ ᠬᠦᠷᠦᠭᠦᠯᠦᠨ᠎ᠡ︔ ᠨᠢᠷᠠᠢ ᠬᠡᠦᠬᠡᠳ ᠤᠨ | ᠰᠣᠯᠢᠯᠴᠠᠭᠠᠨ ᠤ ᠴᠢᠨᠠᠷᠲᠠᠢ ᠡᠪᠡᠳᠴᠢᠨ ᠢ ᠰᠢᠭᠰᠢᠨ ᠪᠠᠶᠢᠴᠠᠭᠠᠬᠤ ᠨᠣᠷᠮ᠎ᠠ ᠶᠢ 98% ᠠᠴᠠ ᠲᠡᠭᠡᠭᠰᠢ ᠬᠦᠷᠭᠡᠨ᠎ᠡ᠃ | ᠬᠥᠳᠡᠭᠡ ᠲᠣᠰᠬᠤᠨ ᠤ ᠲᠣᠬᠢᠷᠠᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ | ᠪᠦᠷᠬᠦᠴᠡ ᠶᠢᠨ ᠨᠣᠷᠮ᠎ᠠ ᠶᠢᠨ ᠲᠣᠰ ᠲᠣᠰ 80% ᠠᠴᠠ ᠳᠡᠭᠡᠭᠰᠢ ᠵᠢᠴᠢ 90% ᠠᠴᠠ ᠳᠡᠭᠡᠭᠰᠢ ᠬᠦᠷᠭᠡᠨ᠎ᠡ᠃ ︵ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠦᠮᠦᠨ ᠤ ᠬᠦᠴᠦᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ | ᠤᠷᠤᠨ ᠰᠠᠭᠤᠴᠠ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ | ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠵᠢᠯᠴᠢᠨ ᠤ | ᠶᠡᠷᠦᠩᠬᠡᠢ ᠡᠪᠯᠡᠯ᠂ ᠬᠤᠰᠢᠭᠤᠨ ᠤ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭ᠎ᠠ᠂ ᠵᠡᠮᠳᠡᠭᠴᠦᠳ ᠤᠨ | ᠬᠤᠯᠪᠤᠭ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 8. ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠡᠷᠴᠢᠮ ᠢ ᠴᠢᠩᠭᠠᠷᠠᠭᠤᠯᠤᠨ᠎ᠠ᠃ ᠭᠡᠷ ᠪᠦᠯᠢ᠂ ᠰᠤᠷᠭᠠᠭᠤᠯᠢ | ᠪᠣᠯᠤᠨ ᠨᠡᠶᠢᠭᠡᠮ ᠢ ᠳᠠᠶᠢᠴᠢᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠬᠠᠮᠲᠤᠪᠠᠷ ᠬᠠᠮᠠᠭᠠᠯᠠᠬᠤ ᠬᠡᠷᠡᠭᠲᠡᠶ᠃ ᠰᠤᠷᠭᠠᠭᠤᠯᠢ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ | ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ | ᠂ ᠪᠡᠶ᠎ᠡ ᠮᠠᠬᠠᠪᠣᠳ ᠢᠶᠠᠨ ᠡᠷᠡᠭᠦᠯ ᠴᠢᠭᠢᠷᠠᠭ ᠳᠠᠪᠲᠠᠨ ᠪᠣᠯᠪᠠᠰᠤᠷᠠᠭᠤᠯᠵᠤ᠂ ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ᠎ᠡ᠃ ᠰᠤᠷᠭᠠᠭᠤᠯᠢ ᠶᠢᠨ ᠡᠷᠡᠭᠦᠯ ᠮᠡᠨᠳᠦ ᠶᠢᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠠᠮᠢᠶ᠎ᠠ ᠪᠥᠬᠦᠶ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠠᠵᠢᠯᠲᠠᠨ ᠪᠠ | ᠲᠥᠬᠦᠭᠡᠷᠦᠮᠵᠢ ᠶᠢ ᠪᠦᠷᠢᠨ ᠳᠣᠭᠢᠷᠠᠭᠤᠯᠬᠤ ᠬᠡᠷᠡᠭᠲᠡᠶ᠃ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ | ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠳᠤᠮᠳᠠᠳᠤ ᠪᠠᠭ᠎ᠠ | ᠰᠤᠷᠭᠠᠭᠤᠯᠢ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠶᠢᠨ ᠬᠢᠴᠢᠶᠡᠯ ᠢ ᠭᠦᠢᠴᠡᠳ | ᠰᠠᠶᠢᠲᠤᠷ ᠨᠡᠭᠡᠭᠡᠵᠦ᠂ ᠪᠡᠶ᠎ᠡ ᠶᠢᠨ ᠲᠠᠮᠢᠷ ᠤᠨ ᠣᠨᠴᠠᠯᠢᠭᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠲᠦᠭᠡᠮᠡᠯᠵᠢᠭᠦᠯᠬᠦ ᠴᠢᠨᠠᠷᠲᠠᠶ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠥᠷᠭᠡᠨ ᠳᠡᠯᠭᠡᠷ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ | ᠪᠦᠷᠢ 1 ᠴᠠᠭ ᠠᠴᠠ ᠳᠤᠲᠠᠭᠤ ᠦᠭᠡᠢ ᠪᠣᠯᠪᠠᠰᠤᠷᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠤᠭᠴᠢᠳ ᠤᠨ | ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠪᠠ ᠬᠡᠤᠬᠡᠳ ᠵᠠᠯᠠᠭᠤᠴᠤᠳ ᠪᠠᠭᠠᠴᠤᠳ ᠤᠨ ᠤᠶᠢᠷ᠎ᠠ ᠬᠠᠷᠠᠭ᠎ᠠ | ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠡᠷᠡᠭᠦᠯ ᠮᠡᠨᠳᠦ ᠶᠢ ᠨᠥᠯᠥᠭᠡᠯᠡᠬᠦ ᠬᠦᠴᠦᠨ ᠵᠦᠢᠯ ᠢ ᠬᠢᠨᠠᠨ | ᠬᠡᠮᠵᠢᠬᠦ ᠠᠵᠢᠯ ᠢ ᠦᠷᠭᠦᠯᠵᠢᠯᠡᠨ ᠥᠷᠨᠢᠭᠦᠯᠵᠦ᠂ ᠰᠤᠷᠤᠭᠴᠢᠳ ᠤᠨ ᠡᠷᠡᠭᠦᠯ ᠮᠡᠨᠳᠦ ᠶᠢ ᠨᠥᠯᠥᠭᠡᠯᠡᠬᠦ ᠭᠤᠣᠯ | ᠡᠯᠧᠮᠧᠨ᠋ᠲ ᠲᠤ ᠴᠢᠭᠯᠡᠭᠦᠯᠦᠨ ᠬᠠᠮᠢᠶ᠎ᠠ ᠪᠦᠬᠦᠢ ᠭᠠᠷ ᠲᠦᠷᠦᠭᠦ ᠠᠷᠭ᠎ᠠ ᠬᠡᠮᠵᠢᠶ᠎ᠡ ᠠᠪᠴᠤ᠂ ᠰᠤᠷᠤᠭᠴᠢᠳ ᠤᠨ | ᠪᠠᠶᠢᠩᠭᠤ ᠲᠣᠬᠢᠶᠠᠯᠳᠤᠳᠠᠭ ᠡᠪᠡᠳᠴᠢᠨ ᠡᠭᠦᠰᠬᠦ ᠶᠢ ᠰᠡᠷᠭᠡᠶᠢᠯᠡᠨ ᠬᠢᠵᠠᠭᠠᠷᠯᠠᠵᠤ᠂ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠠᠵᠢᠯ ᠪᠣᠯᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠣᠷᠣᠨ | ᠨᠤᠲᠤᠭ ᠤᠨ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ | ᠰᠤᠷᠭᠠᠭᠤᠯᠢ ᠶᠢᠨ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠰᠤᠷᠤᠭᠴᠢᠳ ᠤᠨ | ᠨᠠᠰᠤᠨ ᠤ ᠣᠨᠴᠠᠯᠢᠭ ᠲᠠᠢ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠰᠤᠷᠤᠭᠴᠢᠳ ᠤᠨ ᠡᠷᠡᠭᠦᠯ | ᠮᠡᠨᠳᠦ ᠶᠢᠨ ᠮᠡᠳᠡᠯᠭᠡ ᠳᠤ ᠰᠢᠯᠭᠠᠯᠲᠠ ᠬᠢᠵᠦ᠂ ᠪᠡᠶ᠎ᠡ ᠶᠢᠨ ᠲᠠᠮᠢᠷ ᠢ ᠥᠨᠳᠥᠷ ᠳᠤᠮᠳᠠᠳᠤ ᠶᠢᠨ ᠰᠤᠷᠤᠯᠭ᠎ᠠ ᠶᠢᠨ ᠬᠢᠷᠢ | ᠲᠦᠪᠰᠢᠨ ᠤ ᠰᠢᠯᠭᠠᠯᠲᠠ ᠳᠤ ᠣᠷᠣᠭᠤᠯᠵᠤ᠂ 2022 ᠤᠨ ᠪᠠ 2030 ᠤᠨ ᠪᠣᠯᠬᠤ ᠳᠤ᠂ ᠰᠤᠷᠤᠭᠴᠢᠳ ᠤᠨ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢᠨ ᠰᠢᠯᠢᠳᠡᠭ ᠰᠠᠶᠢᠨ ᠨᠣᠷᠮ᠎ᠠ ᠶᠢ ᠲᠤᠰ ᠲᠤᠰ 50% ᠠᠴᠠ | ᠳᠡᠭᠡᠭᠰᠢ ᠪᠠ 60% ᠠᠴᠠ ᠳᠡᠭᠡᠭᠰᠢ ᠳᠤ ᠬᠦᠷᠦᠭᠦᠯᠵᠦ᠂ ᠰᠤᠷᠤᠭᠴᠢᠳ ᠤᠨ ᠤᠶᠢᠷ᠎ᠠ ᠬᠠᠷᠠᠭ᠎ᠠ ᠶᠢᠨ ᠨᠣᠷᠮ᠎ᠠ ᠨᠢ | ᠥᠪᠡᠷᠲᠡᠭᠡᠨ ᠵᠠᠰᠠᠬᠤ ᠣᠷᠣᠨ ᠤ ᠤᠶᠢᠷ᠎ᠠ ᠬᠠᠷᠠᠭ᠎ᠠ ᠶᠢᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠶᠢᠪᠠᠯ ᠵᠢᠯ | ᠪᠦᠷᠢ ᠳᠤᠮᠳᠠᠴᠢ ᠪᠠᠷ 1% ᠠᠴᠠ ᠳᠡᠭᠡᠭᠰᠢ ᠪᠠᠭᠤᠷᠠᠭᠤᠯᠵᠤ᠂ ᠰᠢᠨ᠎ᠡ ᠪᠠᠷ ᠡᠭᠦᠰᠬᠦ ᠤᠶᠢᠷ᠎ᠠ ᠬᠠᠷᠠᠭ᠎ᠠ ᠶᠢᠨ ᠨᠣᠷᠮ᠎ᠠ | ᠶᠢ ᠢᠯᠡᠳᠲᠡ ᠪᠠᠭᠤᠷᠠᠭᠤᠯᠬᠤ ᠬᠡᠷᠡᠭᠲᠡᠶ᠃ ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠦᠷᠦᠭᠦᠯᠡᠨ᠎ᠡ᠂ | ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠴᠢᠬᠢᠷᠠᠭ ᠤᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ | ᠰᠤᠶᠤᠯ ᠵᠢᠭᠤᠯᠴᠢᠯᠠᠯ ᠤᠨ ᠲᠤᠪᠴᠢᠶ᠎ᠠ᠂ ᠬᠤᠰᠢᠭᠤᠨ ᠤ ᠡᠪᠯᠡᠯ ᠤᠨ ᠬᠤᠷᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ | ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 9. ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ ᠤᠨ | ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠬᠦᠯᠵᠦ᠂ | ᠣᠷᠣᠨ ᠪᠦᠰᠡ ᠶᠢ ᠪᠦᠷᠬᠦᠭᠦᠯᠬᠦ᠂ ᠵᠦᠶ ᠵᠣᠬᠢᠰᠲᠠᠶ ᠲᠣᠬᠢᠷᠠᠭᠤᠯᠬᠤ ᠵᠠᠷᠴᠢᠮ ᠶᠣᠰᠣᠭᠠᠷ᠂ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠳᠣᠲᠣᠷ᠎ᠠ | ᠠᠳᠠᠭ ᠲᠠᠭᠠᠨ ᠡᠷᠡᠭᠦᠯ ᠬᠠᠮᠠᠭᠠᠯᠠᠯ ᠤᠨ 1 ᠪᠠᠶᠢᠭᠤᠯᠤᠮᠵᠢ ᠨᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠬᠡᠷᠡᠭᠯᠡᠬᠦ ᠨᠢᠭᠡᠴᠢ ᠶᠢᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠵᠢᠯ ᠤᠨ ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠢ ᠤᠷᠢᠳᠴᠢᠯᠠᠨ ᠰᠡᠷᠭᠡᠶᠢᠯᠡᠬᠦ ᠪᠠ | ᠬᠢᠵᠠᠭᠠᠷᠯᠠᠨ᠎ᠠ᠃ ᠬᠥᠳᠡᠯᠮᠦᠷᠢᠯᠡᠬᠦ ᠴᠠᠭ ᠤᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠬᠠᠮᠵᠢᠯᠴᠠᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ | ᠥᠷᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠲᠤᠭᠳᠠᠭᠤᠨ ᠢᠶᠠᠷ ᠳᠡᠭᠡᠭᠰᠢᠯᠡᠭᠦᠯᠵᠦ᠂ ᠲᠣᠭᠤᠰᠣᠲᠤ | ᠠᠭᠤᠰᠬᠢᠨ ᠤ ᠡᠪᠡᠳᠴᠢᠨ ᠵᠡᠷᠭᠡ ᠠᠵᠢᠯ ᠤᠨ ᠨᠥᠯᠥᠭᠡᠨ ᠤ ᠡᠪᠡᠳᠴᠢᠨ ᠢ ᠡᠮᠨᠡᠨ ᠵᠠᠰᠠᠬᠤ ᠪᠠᠲᠤᠯᠠᠭ᠎ᠠ ᠶᠢ | ᠴᠢᠩᠭᠠᠳᠬᠠᠨ᠎ᠠ᠃ ᠠᠵᠢᠯ ᠮᠡᠷᠭᠡᠵᠢᠯ ᠤᠨ ᠬᠤᠤᠷ ᠬᠥᠨᠥᠭᠡᠯ ᠢ ᠡᠬᠢ ᠡᠭᠦᠰᠦᠯ ᠠᠴᠠ ᠨᠢ ᠡᠵᠡᠮᠳᠡᠬᠦ ᠡᠷᠴᠢᠮ ᠢᠶᠠᠨ | ᠴᠢᠩᠭᠠᠷᠠᠭᠤᠯᠵᠤ᠂ ᠠᠵᠢᠯ ᠮᠡᠷᠭᠡᠵᠢᠯ ᠤᠨ ᠬᠤᠤᠷ ᠬᠥᠨᠥᠭᠡᠯ ᠢ ᠤᠷᠢᠳᠴᠢᠯᠠᠨ ᠦᠨᠡᠯᠡᠬᠦ᠂ ᠠᠵᠢᠯ ᠮᠡᠷᠭᠡᠵᠢᠯ ᠤᠨ | ᠰᠡᠷᠭᠡᠶᠢᠯᠡᠨ ᠬᠠᠮᠠᠭᠠᠯᠠᠬᠤ ᠲᠦᠰᠦᠪᠯᠡᠯ᠂ ᠬᠢᠵᠠᠭᠠᠷᠯᠠᠨ ᠦᠨᠡᠯᠡᠵᠦ ᠬᠢᠨᠠᠨ ᠪᠠᠶᠢᠴᠠᠭᠠᠬᠤ ᠪᠠ ︽ᠭᠤᠷᠪᠠ ᠶᠢ | ᠬᠠᠮᠳᠤᠳᠬᠠᠬᠤ︾ ᠰᠢᠯᠭᠠᠨ ᠠᠪᠬᠤ ᠶᠢ ᠴᠢᠩᠳᠠᠯᠠᠨ᠎ᠠ᠃ ᠬᠥᠮᠦᠨ ᠬᠡᠷᠡᠭᠯᠡᠬᠦ ᠨᠢᠭᠡᠴᠡ ᠶᠢᠨ ᠠᠵᠢᠯᠲᠠᠨ ᠤ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠬᠦ ᠶᠢ ᠵᠣᠷᠢᠭᠵᠢᠭᠤᠯᠵᠤ᠂ ᠠᠵᠢᠯ ᠮᠡᠷᠭᠡᠵᠢᠯ ᠤᠨ ᠬᠠᠮᠠᠭᠠᠯᠠᠯᠲᠠ ᠶᠢᠨ | ᠰᠢᠨ᠎ᠡ ᠮᠡᠷᠭᠡᠵᠢᠯ ᠪᠠ ᠲᠡᠷᠢᠭᠦᠨ ᠤ ᠤᠷᠠᠯᠠᠯ ᠢ ᠳᠡᠯᠭᠡᠷᠡᠭᠦᠯᠵᠦ᠂ 2022 ᠤᠨ ᠪᠠ 2030 ᠤᠨ ᠪᠣᠯᠬᠤ ᠳᠤ᠂ | ᠲᠣᠭᠤᠰᠣ ᠲᠤᠰᠬᠤ ᠠᠵᠢᠯ ᠤᠨ ᠵᠢᠯ ᠨᠢ 5 ᠵᠢᠯ ᠬᠦᠷᠬᠦ ᠦᠭᠡᠶ ᠬᠥᠳᠡᠯᠮᠦᠷᠢᠯᠡᠭᠴᠢᠳ ᠤᠨ ᠰᠢᠨ᠎ᠡ ᠡᠭᠦᠰᠦᠭᠰᠡᠨ | ᠠᠭᠤᠰᠬᠢ ᠶᠢᠨ ᠡᠪᠡᠳᠴᠢᠨ ᠤ ᠮᠡᠳᠡᠭᠦᠯᠦᠯᠲᠡ ᠶᠢᠨ ᠲᠤᠭ᠎ᠠ ᠶᠢ ᠵᠢᠯ ᠤᠨ ᠮᠡᠳᠡᠭᠦᠯᠦᠯᠲᠡ ᠳᠠᠬᠢ ᠶᠡᠷᠦᠩᠬᠡᠶ ᠲᠤᠭᠠᠨ | ᠲᠠᠬᠢ ᠡᠵᠡᠯᠡᠬᠦ ᠬᠠᠷᠢᠴᠠᠯ ᠢ ᠢᠯᠡᠳᠲᠡ ᠪᠠᠭᠤᠷᠠᠭᠤᠯᠬᠤ ᠪᠥᠭᠡᠳ ᠦᠷᠭᠦᠯᠵᠢᠯᠡᠨ ᠪᠠᠭᠤᠷᠠᠭᠤᠯᠤᠨ᠎ᠠ᠃ ᠠᠵᠢᠯ | ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠪᠠ ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠬᠤ | ᠦᠢᠯᠡᠴᠢᠯᠡᠭᠡᠨ ᠤ ᠪᠦᠷᠬᠦᠴᠡ ᠶᠢ ᠲᠣᠰᠪᠣᠷᠢ 80% ᠠᠴᠠ ᠳᠡᠭᠡᠭᠰᠢ ᠪᠠ 90% ᠠᠴᠠ ᠳᠡᠭᠡᠭᠰᠢ ᠳᠤ ᠬᠦᠷᠭᠡᠵᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯ ᠮᠡᠷᠭᠡᠵᠢᠯ ᠤᠨ ᠬᠤᠣᠷ ᠬᠥᠨᠥᠭᠡᠯ ᠢ ᠮᠡᠳᠡᠭᠦᠯᠬᠦ ᠨᠣᠷᠮ᠎ᠠ ᠶᠢ | 90% ᠠᠴᠠ ᠳᠡᠭᠡᠭᠰᠢ ᠳᠤ ᠬᠦᠷᠴᠦ᠂ ᠠᠵᠢᠯᠯᠠᠬᠤ ᠲᠠᠯᠠᠪᠤᠷ ᠤᠨ ᠠᠵᠢᠯ ᠮᠡᠷᠭᠡᠵᠢᠯ ᠤᠨ ᠬᠤᠤᠷ ᠬᠥᠨᠥᠭᠡᠯ ᠲᠠᠢ | ᠬᠦᠴᠦᠨ ᠵᠦᠶ᠋ᠯ ᠢ ᠪᠠᠶᠢᠴᠠᠭᠠᠨ ᠬᠡᠮᠵᠢᠬᠦ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ | ᠲᠤᠭᠤᠰᠤᠨ ᠤ ᠬᠤᠤᠷᠳᠠᠯ ᠤᠨᠠᠵᠢᠯ ᠤᠨ ᠪᠠᠶᠢᠷᠢ ᠳᠠᠬᠢ ᠠᠵᠢᠯᠴᠢᠨ ᠤ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠪᠠᠶᠢᠴᠠᠭᠠᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠠᠵᠢᠯ ᠤᠨ ᠨᠥᠯᠥᠭᠡᠨ ᠤ | ᠡᠪᠡᠳᠴᠢᠨ ᠢ ᠣᠨᠣᠰᠢᠯᠠᠬᠤ ᠪᠠᠶᠢᠭᠤᠯᠤᠮᠵᠢ ᠶᠢᠨ ᠮᠡᠳᠡᠭᠦᠯᠦᠯᠲᠡ ᠶᠢᠨ ᠨᠣᠷᠮ᠎ᠠ ᠶᠢᠨ 90% ᠠᠴᠠ ᠳᠡᠭᠡᠭᠰᠢ ᠳᠤ | ᠬᠦᠷᠦᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠪᠠᠶᠢᠷᠢ ᠶᠢᠨ ᠭᠤᠤᠯ ᠬᠤᠤᠷ ᠬᠥᠨᠥᠭᠡᠯ ᠵᠢᠴᠢ | ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠮᠡᠳᠡᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠠᠵᠢᠯ | ᠮᠡᠷᠭᠡᠵᠢᠯ ᠤᠨ ᠬᠤᠤᠷ ᠬᠥᠨᠥᠭᠡᠯ ᠤᠨ ᠬᠥᠮᠦᠨ ᠬᠡᠷᠡᠭᠯᠡᠬᠦ ᠨᠢᠭᠡᠴᠡ ᠶᠢᠨ ᠬᠠᠷᠢᠭᠤᠴᠠᠯᠭᠠᠲᠠᠨ᠂ ᠬᠠᠮᠢᠶᠠᠷᠤᠯᠲᠠ ᠶᠢᠨ | ᠠᠵᠢᠯᠲᠠᠨ ᠤ ᠪᠤᠯᠪᠠᠰᠤᠷᠠᠭᠤᠯᠤᠯ ᠤᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ︵ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠲᠤᠤᠷ ᠰᠦᠯᠵᠢᠶ᠎ᠡ ᠬᠢᠨᠠᠨ | ᠡᠵᠡᠮᠳᠡᠬᠦ ᠲᠤᠪᠴᠢᠶ᠎ᠠ᠂ ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ | ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ᠂ | ᠠᠷᠠᠳ ᠤᠨ ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠦᠮᠦᠨ ᠤ ᠬᠦᠴᠦᠨ ᠨᠡᠶᠢᠭᠡᠮ ᠤᠨ | ᠪᠠᠳᠤᠯᠠᠭ᠎ᠠ ᠶᠢᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠮᠡᠭᠳᠡᠶᠢᠴᠦᠳ ᠤᠨ ᠬᠤᠯᠪᠤᠭ᠎ᠠ᠂ ᠰᠢᠨᠵᠢᠯᠡᠬᠦ | ᠤᠬᠠᠭᠠᠨ ᠤ ᠵᠦᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 10. ᠡᠷᠡᠭᠦᠯ ᠮᠡᠨᠳᠤ ᠶᠢᠨ ᠨᠠᠰᠤᠵᠢᠯᠲᠠ ᠶᠢ ᠠᠬᠢᠭᠤᠯᠤᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠪᠠᠶᠢᠭᠤᠯᠬᠤ ᠶᠢ ᠠᠬᠢᠭᠤᠯᠵᠤ᠂ | ᠨᠠᠰᠤᠲᠠᠶᠢᠴᠤᠳ ᠤᠨ ᠡᠪᠡᠳᠴᠢᠳᠡᠨᠣᠷᠣ ᠶᠢᠨ ᠲᠤᠭ᠎ᠠ ᠶᠢ ᠨᠡᠮᠡᠭᠳᠡᠭᠦᠯᠵᠦ᠂ ᠨᠠᠰᠤᠲᠠᠶᠢᠴᠤᠳ ᠤᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠲᠡᠭᠡᠭᠰᠢᠯᠡᠭᠦᠯᠦᠨ᠎ᠡ᠃ ᠭᠡᠷ ᠪᠦᠯᠢ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠣᠷᠣᠰᠢᠨ | ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠤᠢ ᠪᠣᠯᠭᠠᠵᠤ᠂ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠡᠷᠬᠢᠯᠡᠬᠦ ᠲᠤ ᠨᠡᠶᠢᠭᠡᠮ ᠤᠨ ᠬᠦᠴᠦᠨ ᠤ ᠣᠷᠣᠯᠴᠠᠬᠤ ᠶᠢ | ᠵᠣᠷᠢᠭᠵᠢᠭᠤᠯᠤᠨ ᠳᠠᠮᠵᠢᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠠᠬᠢᠭᠤᠯᠵᠤ᠂ | ᠦᠨᠳᠦᠰᠦᠨ ᠡᠮᠴᠢᠯᠡᠭᠡ ᠶᠢᠨ ᠳᠠᠭᠠᠳᠬᠠᠯ ᠬᠢᠭᠡᠳ ᠡᠮᠴᠢᠯᠡᠭᠡ ᠨᠠᠰᠤᠵᠢᠯ ᠢ ᠤᠶᠠᠯᠳᠤᠭᠤᠯᠬᠤ ᠲᠥᠷᠥ ᠶᠢᠨ ᠪᠣᠳᠣᠯᠭ᠎ᠠ | ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭᠲᠤ | ᠦᠢᠯᠡᠴᠢᠯᠡᠭᠡᠨ ᠢ ᠠᠬᠢᠭᠤᠯᠤᠨ᠎ᠠ᠃ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ | ᠨᠥᠬᠦᠴᠡᠯ ᠢ ᠪᠤᠢ ᠪᠣᠯᠭᠠᠵᠤ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ | ᠪᠠᠶᠢᠭᠤᠯᠤᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠰᠢᠮ᠎ᠡ | ᠲᠡᠵᠢᠭᠡᠯ᠂ ᠰᠡᠳᠬᠢᠴᠡ ᠶᠢᠨ ᠡᠷᠡᠭᠦᠯ ᠮᠡᠨᠳᠦ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠲᠣᠭᠲᠠᠭᠰᠠᠨ | ᠬᠤᠭᠤᠴᠠᠭ᠎ᠠ ᠲᠠᠢ ᠪᠡᠶ᠎ᠡ ᠶᠢᠨ ᠪᠠᠶᠢᠴᠠᠭᠠᠯᠲᠠ ᠵᠢᠴᠢ ᠵᠦᠶ ᠵᠣᠬᠢᠰᠲᠠᠶ ᠡᠮ ᠬᠡᠷᠡᠭᠯᠡᠬᠦ ᠵᠡᠷᠭᠡ ᠮᠡᠳᠡᠯᠭᠡ ᠶᠢ | ᠲᠦᠭᠡᠮᠡᠯᠵᠢᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠣᠶᠢᠯᠠᠭᠠᠬᠤ ᠨᠣᠷᠮ᠎ᠠ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠤᠷᠢᠳᠴᠢᠯᠠᠨ | ᠰᠡᠷᠭᠡᠶᠢᠯᠡᠬᠦ ᠪᠠ ᠭᠠᠷ ᠲᠦᠷᠦᠭᠦ ᠲᠦᠯᠦᠪᠯᠡᠭᠡ ᠶᠢ ᠥᠷᠨᠢᠭᠦᠯᠵᠦ᠂ ᠦᠳᠡᠯᠦᠭᠡ ᠡᠵᠡᠬᠦᠢ᠂ ᠶᠠᠳᠠᠭᠤ ᠬᠦᠴᠢᠷᠳᠡᠯᠲᠡᠶ᠂ | ᠣᠶᠤᠨ ᠤᠬᠠᠭᠠᠨ ᠢᠶᠠᠨ ᠠᠯᠳᠠᠭᠰᠠᠨ᠂ ᠬᠦᠳᠡᠯᠬᠦ ᠴᠢᠳᠠᠪᠤᠷᠢ ᠪᠠᠨ ᠠᠯᠳᠠᠭᠰᠠᠨ᠂ ᠲᠥᠯᠥᠪᠯᠡᠭᠡᠲᠦ ᠦᠷᠡᠵᠢᠯ ᠤᠨ | ᠣᠨᠴᠣᠭᠤᠶ ᠭᠡᠷ ᠪᠦᠯᠢ ᠪᠠ ᠥᠨᠳᠥᠷ ᠨᠠᠰᠤᠲᠠᠶ ᠭᠠᠭᠴᠠᠭᠠᠷ ᠰᠠᠭᠤᠵᠤ ᠪᠠᠶᠢᠭ᠎ᠠ ᠨᠠᠰᠤᠲᠠᠶᠢᠴᠤᠳ ᠲᠤ ᠡᠳᠦᠷ | ᠲᠤᠲᠤᠮ ᠤᠨ ᠬᠠᠯᠠᠮᠵᠢᠯᠠᠯ ᠪᠠ ᠰᠡᠳᠬᠢᠴᠡ ᠶᠢᠨ ᠳᠡᠮᠵᠢᠯᠭᠡ ᠶᠢᠨ ᠦᠢᠯᠡᠴᠢᠯᠡᠭᠡ ᠬᠠᠩᠭᠠᠨ᠎ᠠ᠃ 2022 ᠤᠨ ᠪᠠ | 2030 ᠤᠨ ᠪᠣᠯᠬᠤ ᠳᠤ᠂ 65 ᠨᠠᠰᠤᠨ ᠠᠴᠠ 74 ᠨᠠᠰᠤᠨ ᠳᠤ ᠬᠦᠷᠦᠭᠰᠡᠨ ᠨᠠᠰᠤᠲᠠᠨ ᠤ ᠴᠢᠳᠠᠯ ᠲᠡᠩᠬᠡᠭᠡ ᠪᠠᠨ | ᠠᠯᠳᠠᠬᠤ ᠨᠣᠷᠮ᠎ᠠ ᠶᠢ ᠪᠠᠭᠤᠷᠠᠭᠤᠯᠵᠤ᠂ 65 ᠨᠠᠰᠤᠨ ᠠᠴᠠ ᠳᠡᠭᠡᠭᠰᠢᠬᠢ ᠬᠥᠮᠦᠰ ᠤᠨ ᠥᠲᠡᠭᠦᠰ ᠤᠨ | ᠡᠪᠡᠳᠴᠢᠲᠡᠨ ᠤ ᠨᠣᠷᠮ᠎ᠠ ᠶᠢᠨ ᠨᠡᠮᠡᠭᠳᠡᠯ ᠤᠨ ᠬᠤᠷᠳᠤᠴᠠ ᠶᠢ ᠪᠠᠭᠤᠷᠠᠭᠤᠯᠤᠨ᠎ᠠ᠃ ᠬᠤᠰᠢᠭᠤᠨ ᠤ ᠡᠮᠨᠡᠯᠭᠡ ᠶᠢᠨ | ᠬᠤᠷᠢᠶ᠎ᠠ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠶᠢ ᠪᠠᠶᠢᠭᠤᠯᠬᠤ ᠶᠢᠨ ᠬᠠᠮᠲᠤ ᠨᠠᠰᠤᠲᠠᠶᠢᠴᠤᠳ ᠤᠨ | ᠠᠨᠠᠭᠠᠬᠤ ᠤᠬᠠᠭᠠᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︵ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠬᠦᠭᠵᠢᠬᠦᠯᠦᠯᠳᠡ | ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠠᠵᠤ ᠦᠢᠯᠡᠳᠪᠦᠷᠢ ᠰᠢᠨᠵᠢᠯᠡᠬᠦ | ᠮᠡᠷᠭᠡᠵᠢᠯ ᠤᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠬᠦᠮᠦᠨ ᠤ ᠬᠦᠴᠦᠨ ᠨᠡᠶᠢᠭᠡᠮ ᠤᠨ | ᠪᠠᠳᠤᠯᠠᠭ᠎ᠠ ᠶᠢᠨ ᠲᠤᠪᠴᠢᠶ᠎ᠠ᠂ ᠤᠷᠤᠨ ᠰᠠᠭᠤᠴᠠ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ᠂ ᠵᠠᠮ | ᠲᠡᠭᠡᠭᠡᠪᠦᠷᠢ ᠶᠢᠨ ᠲᠤᠪᠴᠢᠶ᠎ᠠ᠂ ᠰᠤᠶᠤᠯ ᠵᠢᠭᠤᠯᠴᠢᠯᠠᠯ ᠤᠨ ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠢᠨᠵᠢᠯᠡᠬᠦ ᠮᠡᠷᠭᠡᠵᠢᠯ ᠤᠨ ᠵᠦᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ | ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠭᠤᠷᠪᠠ︶ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠨ᠎ᠡ᠃ | 11. ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠣᠯᠠᠨ | ᠨᠡᠶᠢᠳᠡ ᠳᠤ ᠲᠦᠭᠡᠮᠡᠯᠵᠢᠭᠦᠯᠵᠦ᠂ ᠠᠶᠤᠯ ᠶᠡᠬᠡᠲᠡᠶ ᠬᠥᠮᠦᠰ ᠪᠠ ᠡᠪᠡᠳᠴᠢᠲᠡᠨ ᠳᠤ ᠠᠮᠢᠳᠤᠷᠠᠯ ᠤᠨ ᠠᠷᠭ᠎ᠠ | ᠮᠠᠶ᠋ᠢᠭ ᠤᠨ ᠵᠢᠯᠣᠭᠤᠳᠣᠯᠭ᠎ᠠ ᠥᠷᠨᠢᠭᠦᠯᠦᠨ᠎ᠡ᠃ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠣᠯᠤᠨ ᠲᠦᠷᠭᠡᠨ ᠠᠪᠤᠷᠠᠯᠳᠠ ᠶᠢᠨ ᠲᠥᠪ ᠵᠡᠷᠭᠡ ᠡᠮᠴᠢᠯᠡᠭᠡᠨ ᠤ ᠪᠠᠶᠢᠭᠤᠯᠤᠮᠵᠢ ᠶᠢᠨ ᠣᠯᠠᠨ | ᠲᠦᠮᠡᠨᠴᠢ ᠴᠢᠨᠠᠷᠲᠠᠶ ᠪᠠᠴᠢᠮ ᠪᠠᠶᠢᠳᠠᠯ ᠢ ᠠᠷᠭᠠᠴᠠᠨᠠᠪᠤᠷᠠᠬᠤ ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ | ᠳᠠᠮᠵᠢᠵᠤ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠨ ᠳᠡᠭᠡᠨ ᠪᠦᠷᠢᠯᠳᠦᠭᠦᠯᠬᠦ | ᠴᠢᠬᠤᠯᠠᠲᠠᠶ ᠵᠢᠷᠦᠬᠡ ᠠᠭᠤᠰᠬᠢ ᠶᠢᠨ ᠰᠡᠷᠭᠦᠭᠡᠯᠲᠡ ᠵᠡᠷᠭᠡ ᠪᠠᠴᠢᠮ ᠪᠠᠶᠢᠳᠠᠯ ᠢ ᠠᠷᠭᠠᠴᠠᠵᠤ ᠬᠠᠷᠢᠯᠴᠠᠨ ᠠᠪᠤᠷᠬᠠᠤ | ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠭᠦᠯᠦᠨ᠎ᠡ᠃ 35 ᠨᠠᠰᠤᠨ ᠠᠴᠠ ᠳᠡᠭᠡᠭᠰᠢᠬᠢ ᠬᠥᠮᠦᠰ ᠤᠨ ᠠᠩᠬ᠎ᠠ | ᠣᠨᠣᠰᠢᠯᠠᠵᠤ ᠴᠢᠰᠤᠨ ᠳᠠᠷᠤᠯᠲᠠ ᠶᠢ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠢᠰᠤᠨ ᠳᠠᠷᠤᠯᠲᠠ ᠥᠨᠳᠥᠷ᠂ | ᠴᠢᠰᠤᠨ ᠰᠢᠬᠢᠷ ᠥᠨᠳᠥᠷ᠂ ᠴᠢᠰᠤᠨ ᠤ ᠥᠭᠡᠬᠦ ᠬᠡᠪ ᠤᠨ ᠪᠤᠰᠤ ᠪᠠᠶᠢᠬᠤ ᠶᠢ ᠬᠢᠨᠠᠨ ᠬᠡᠮᠵᠢᠵᠦ ᠦᠨᠡᠯᠡᠨ ᠵᠢᠱᠢᠬᠦ ᠪᠠ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠴᠡᠭᠡᠵᠢ ᠡᠪᠡᠳᠬᠦ᠂ ᠴᠢᠰᠤᠨ ᠰᠤᠳᠡᠯ ᠤᠨ ᠨᠡᠷᠪᠡᠭᠳᠡᠯ ᠤᠨ | ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠠᠴᠠ ᠡᠮᠦᠨᠡᠬᠢ ᠲᠦᠷᠭᠡᠨ ᠠᠪᠤᠷᠠᠯᠲᠠ᠂ | ᠨᠠᠮᠵᠢᠭᠤᠨ ᠰᠤᠳᠠᠯ ᠤᠨ ᠪᠥᠭᠯᠡᠭᠡ ᠶᠢ ᠠᠭᠤᠰᠬᠠᠬᠤ᠂ ᠯᠤᠭᠰᠢᠭᠤᠨ ᠰᠤᠳᠠᠯ ᠢᠶᠠᠷ ᠪᠥᠭᠯᠡᠭᠡ ᠠᠪᠬᠤ ᠵᠡᠷᠭᠡ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠢᠷᠦᠬᠡ ᠲᠠᠷᠢᠬᠢᠨ ᠰᠤᠳᠠᠯ ᠤᠨ ᠲᠦᠷᠭᠡᠨ | ᠡᠪᠡᠳᠴᠢᠨ ᠢ ᠡᠮᠨᠡᠨ ᠵᠠᠰᠠᠬᠤ ᠰᠢᠰᠲ᠋ᠧᠮ ᠢ ᠪᠣᠢ ᠪᠣᠯᠭᠠᠨ᠎ᠠ᠃ 2022 ᠤᠨ ᠪᠠ 2030 ᠤᠨ ᠪᠣᠯᠬᠤ ᠳᠤ᠂ | ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠤ ᠦᠬᠦᠯᠲᠡ ᠶᠢᠨ ᠨᠣᠷᠮ᠎ᠠ ᠲᠣᠰ ᠲᠣᠰ 209.7/10 | ᠲᠦᠮᠡ ᠠᠴᠠ ᠲᠤᠷᠤᠭᠰᠢ ᠪᠠ8.1/10 ᠲᠦᠮᠡ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ 30 ᠨᠠᠰᠤᠨ ᠠᠴᠠ | ᠳᠡᠭᠡᠭᠰᠢᠬᠢ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠪᠠᠶᠢᠬᠤ ᠶᠢ ᠮᠡᠳᠡᠬᠦ ᠨᠣᠷᠮ᠎ᠠ ᠶᠢ ᠲᠣᠰ ᠲᠣᠰ | 55% ᠪᠠ 65% ᠠᠴᠠ ᠳᠣᠤᠷ᠎ᠠ ᠪᠠᠶᠢᠵᠤ ᠪᠣᠯᠬᠤ ᠥᠬᠡᠶ᠃ ᠴᠢᠰᠤᠨ ᠳᠠᠷᠤᠯᠲᠠ ᠥᠨᠳᠥᠷ ᠡᠪᠡᠳᠴᠢᠲᠡᠨ ᠢ | ᠵᠢᠷᠤᠮᠵᠢᠭᠤᠯᠤᠨ ᠬᠠᠮᠢᠶᠠᠷᠬᠤ ᠨᠣᠷᠮ᠎ᠠ ᠶᠢᠨ ᠲᠣᠰ ᠲᠣᠰ 60% ᠪᠠ 70% ᠠᠴᠠ ᠳᠣᠤᠷ᠎ᠠ ᠪᠠᠶᠢᠯᠭᠠᠵᠤ ᠪᠣᠯᠬᠤ | ᠦᠭᠡᠢ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ | ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ | ᠠᠵᠢᠯ ᠬᠤᠪᠢᠶᠠᠷᠢᠯᠠᠨ ᠬᠠᠷᠢᠭᠤᠴᠠᠨ᠎ᠠ︶ | 12. ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠠᠬᠢᠭᠤᠯᠤᠨ᠎ᠠ᠃ ᠥᠮᠡᠨ ᠢ ᠰᠡᠷᠭᠡᠶᠢᠯᠡᠵᠦ ᠥᠮᠡᠨ ᠢ | ᠡᠰᠡᠷᠭᠦᠴᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠵᠤᠬᠢᠶᠠᠨ ᠪᠠᠶᠢᠭᠤᠯᠵᠤ᠂ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ | ᠮᠡᠳᠡᠯᠭᠡ ᠶᠢᠨ ᠮᠡᠳᠡᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠡᠷᠲᠡ ᠰᠢᠭᠰᠢᠨ ᠪᠠᠶᠢᠴᠠᠭᠠᠬᠤ᠂ ᠡᠷᠲᠡ ᠣᠨᠣᠰᠢᠯᠠᠬᠤ | ᠂ ᠡᠷᠲᠡ ᠡᠮᠨᠡᠨ ᠵᠠᠰᠠᠬᠤ ᠶᠢ ᠠᠬᠢᠭᠤᠯᠵᠤ᠂ ᠪᠠᠶᠢᠩᠭᠤ ᠲᠣᠬᠢᠶᠠᠯᠳᠤᠳᠠᠭ ᠡᠪᠡᠳᠦᠯᠳᠡ ᠶᠢ ᠣᠨᠣᠰᠢᠯᠠᠨ ᠡᠮᠨᠡᠬᠦ | ᠵᠢᠷᠤᠮᠵᠢᠯ ᠪᠠ ᠡᠮᠴᠢᠯᠡᠭᠡᠨ ᠤ ᠠᠷᠭ᠎ᠠ ᠵᠠᠮ ᠢ ᠳᠡᠯᠭᠡᠷᠡᠭᠦᠯᠦᠨ ᠬᠡᠷᠡᠭᠯᠡᠵᠦ᠂ ᠥᠮᠡᠨ ᠡᠪᠡᠳᠴᠢᠨ ᠤ ᠡᠭᠦᠰᠬᠦ ᠨᠣᠷᠮ᠎ᠠ ᠪᠠ | ᠦᠬᠦᠬᠦ ᠨᠣᠷᠮ᠎ᠠ ᠶᠢᠨ ᠪᠠᠭᠤᠷᠠᠭᠤᠯᠤᠨ᠎ᠠ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠮᠡᠨ ᠡᠪᠡᠳᠴᠢᠨ ᠢ ᠰᠢᠭᠰᠢᠨ ᠪᠠᠶᠢᠴᠠᠭᠠᠬᠤ᠂ ᠶᠡᠷᠦᠩᠬᠡᠶᠢᠯᠡᠨ ᠬᠠᠮᠢᠶᠠᠷᠬᠤ᠂ ᠤᠬᠠᠭᠤᠯᠭ᠎ᠠ | ᠬᠥᠮᠦᠵᠢᠯ ᠪᠠ ᠡᠪᠡᠳᠴᠢᠲᠡᠨ ᠤ ᠬᠠᠮᠢᠶᠠᠷᠤᠯᠲᠠ ᠵᠡᠷᠭᠡ ᠲᠠᠯ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠬᠤᠰᠢᠭᠤ ᠡᠮᠨᠡᠯᠭᠡ ᠶᠢᠨ ᠬᠤᠷᠢᠶ᠎ᠠ ᠪᠣᠯᠤᠨ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠬᠠᠪᠤᠳᠠᠷ ᠤᠨ ᠰᠠᠯᠠᠭ᠎ᠠ | ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠥᠮᠡᠨ ᠡᠪᠡᠳᠴᠢᠨ ᠢ ᠣᠨᠣᠰᠢᠯᠠᠨ ᠡᠮᠨᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠰᠡᠷᠭᠡᠶᠢᠯᠡᠨ ᠵᠠᠰᠠᠬᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠥᠮᠡᠨ | ᠡᠪᠡᠳᠴᠢᠨ ᠢ ᠰᠢᠭᠰᠢᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠡᠮᠬᠢ ᠵᠢᠷᠤᠮ ᠲᠠᠢ ᠥᠷᠭᠡᠳᠬᠡᠨ᠎ᠡ᠃ ᠦᠬᠦᠭᠰᠡᠨ | ᠰᠢᠯᠲᠠᠭᠠᠨ ᠢ ᠬᠢᠨᠠᠨ ᠬᠡᠮᠵᠢᠬᠦ ᠪᠠ ᠬᠠᠪᠤᠳᠠᠷ ᠢ ᠳᠠᠩᠰᠠᠯᠠᠨ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠤ᠂ ᠦᠬᠦᠭᠰᠡᠨ | ᠰᠢᠯᠲᠠᠭᠠᠨ ᠢ ᠬᠢᠨᠠᠨ ᠬᠡᠮᠵᠢᠬᠦ ᠪᠠ ᠬᠠᠪᠤᠳᠠᠷ ᠢ ᠳᠠᠩᠰᠠᠯᠠᠬᠤ ᠠᠵᠢᠯ ᠢ ᠥᠷᠨᠢᠭᠦᠯᠵᠦ᠂ ᠬᠤᠰᠢᠭᠤᠨ ᠤ ᠱᠠᠳᠤᠨ ᠤ | ᠬᠠᠪᠤᠳᠠᠷ ᠢ ᠳᠠᠩᠰᠠᠯᠠᠭᠰᠠᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠳᠠ᠂ | ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠢᠴᠢ | ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠵᠡᠷᠭᠡ ᠳᠦᠷᠢᠮ ᠤᠨ ᠬᠤᠭᠤᠷᠣᠨᠳᠤᠬᠢ ᠬᠠᠷᠢᠯᠴᠠᠨ ᠨᠦᠬᠦᠪᠦᠷᠢᠯᠡᠵᠦ | ᠬᠠᠮᠲᠤᠷᠠᠨ ᠬᠥᠳᠡᠯᠦᠯᠴᠡᠬᠦ ᠪᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠪᠠᠲᠤᠯᠠᠭ᠎ᠠ ᠶᠢᠨ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠥᠮᠡᠨ ᠡᠪᠡᠳᠴᠢᠲᠡᠨ ᠤ ᠡᠪᠡᠳᠴᠢᠨ ᠦᠵᠡᠭᠦᠯᠬᠦ ᠲᠠᠷᠤᠭᠠᠰᠤ ᠶᠢ ᠦᠨᠡᠨᠬᠦ | ᠪᠠᠭᠤᠷᠠᠭᠤᠯᠬᠤ ᠬᠡᠷᠡᠭᠲᠡᠶ᠃ ᠥᠮᠡᠨ ᠡᠪᠡᠳᠴᠢᠲᠡᠨ ᠤ ᠡᠷᠡᠭᠦᠯᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ | ᠬᠦᠴᠢᠷᠳᠡᠯᠲᠡᠶ ᠥᠮᠡᠨ ᠡᠪᠡᠳᠴᠢᠲᠡᠨ ᠢ ᠠᠪᠤᠷᠠᠨ ᠲᠤᠰᠠᠯᠠᠬᠤ ᠳᠤᠮᠳᠠᠬᠢ ᠨᠢᠭᠦᠯᠡᠰᠦᠩᠭᠦᠶ ᠠᠪᠤᠷᠠᠨ ᠲᠤᠰᠠᠯᠠᠬᠤ | ᠢᠳᠡᠪᠬᠢ ᠦᠢᠯᠡᠳᠦᠯ ᠢ ᠪᠠᠳᠠᠷᠠᠭᠤᠯᠵᠤ᠂ ᠡᠪᠡᠳᠴᠢᠲᠡᠨ ᠤ ᠡᠷᠡᠭᠦᠯᠵᠢᠨ ᠣᠷᠣᠰᠢᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ 2022 ᠤᠨ ᠪᠠ 2030 ᠤᠨ ᠪᠣᠯᠬᠤ ᠳᠤ ᠂ᠶᠡᠷᠦᠩᠬᠡᠶ ᠥᠮᠡᠨ ᠡᠪᠡᠳᠴᠢᠨ ᠤ 5 | ᠵᠢᠯ ᠤᠨ ᠣᠷᠣᠰᠢᠨ ᠲᠣᠭᠲᠠᠨᠢᠬᠤ ᠨᠤᠷᠮ᠎ᠠ ᠶᠢ ᠲᠣᠰ ᠲᠣᠰ 43 .3% ᠪᠠ 46.6%᠂ ᠥᠮᠡᠨ ᠡᠪᠡᠳᠴᠢᠨ ᠢ | ᠰᠡᠷᠭᠡᠶᠢᠯᠡᠨ ᠵᠠᠰᠠᠬᠤ ᠭᠤᠤᠯᠯᠠᠬᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠲᠤᠰ ᠲᠤᠰ 70% ᠪᠠ 80% ᠠᠴᠠ | ᠳᠣᠤᠷ᠎ᠠ ᠪᠠᠶᠢᠯᠭᠠᠵᠤ ᠪᠣᠯᠬᠤ ᠦᠭᠡᠶ᠃ ᠥᠮᠡᠨ ᠡᠪᠡᠳᠴᠢᠨ ᠤ ᠠᠶᠤᠯ ᠶᠡᠬᠡᠲᠡᠶ ᠬᠥᠮᠦᠰ ᠤᠨ ᠥᠮᠡᠨ ᠢ ᠰᠡᠷᠭᠡᠶᠢᠯᠡᠬᠦ | ᠪᠡᠶ᠎ᠡ ᠶᠢᠨ ᠪᠠᠶᠢᠴᠠᠭᠠᠯᠲᠠ ᠳᠤ ᠲᠤᠭᠳᠠᠮᠠᠯ ᠬᠤᠭᠤᠴᠠᠭ᠎ᠠ ᠲᠠᠢ ᠪᠠᠷ ᠣᠷᠣᠯᠴᠠᠬᠤ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ | ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ | ᠬᠦᠮᠦᠨ ᠤ ᠬᠦᠴᠦᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ ᠂ ᠶᠠᠳᠠᠭᠤ ᠶᠢ ᠲᠡᠳᠬᠦᠬᠦ ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠬᠠᠮ ᠵᠢᠭᠤᠴᠢᠯᠠᠭᠤᠷ ᠤᠨ ᠲᠦᠪ᠂ | ᠰᠢᠨᠵᠢᠯᠡᠬᠦ ᠤᠬᠠᠭᠠᠨ ᠤ ᠵᠦᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ | ᠬᠠᠷᠢᠭᠤᠴᠠᠨ᠎ᠠ︶ | 13. ᠤᠳᠠᠭᠠᠨ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠲᠡᠨ ᠤ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠠᠶᠤᠯ ᠶᠡᠬᠡᠲᠡᠶ ᠬᠥᠮᠦᠰ ᠤᠨ ᠠᠭᠤᠰᠬᠢᠨ ᠤ ᠴᠢᠳᠠᠮᠵᠢ ᠶᠢ ᠠᠩᠬ᠎ᠠ ᠣᠨᠣᠰᠢᠯᠠᠨ ᠬᠡᠮᠵᠢᠬᠦ᠂ ᠠᠭᠤᠰᠬᠢᠨ ᠤ | ᠴᠢᠳᠠᠮᠵᠢ ᠶᠢᠨ ᠪᠠᠶᠢᠴᠠᠭᠠᠯᠲᠠ ᠶᠢ 40 ᠨᠠᠰᠤᠨ ᠠᠴᠠ ᠳᠡᠭᠡᠭᠰᠢᠬᠢ ᠬᠥᠮᠦᠰ ᠢ ᠡᠩ ᠤᠨ ᠪᠡᠶ᠎ᠡ ᠶᠢᠨ | ᠪᠠᠶᠢᠴᠠᠭᠠᠯᠲᠠ ᠳᠤ ᠤᠷᠤᠭᠤᠯᠬᠤ ᠶᠢ ᠬᠠᠶᠢᠨ ᠰᠦᠪᠡᠭᠴᠢᠯᠡᠨ᠎ᠡ᠃ ᠬᠤᠯᠪᠣᠭᠳᠠᠯ ᠪᠦᠬᠦᠢ ᠠᠶᠤᠯᠲᠠᠶ ᠬᠦᠴᠦᠨ ᠵᠦᠶ᠋ᠯ ᠢ | ᠢᠳᠡᠪᠬᠢᠲᠡᠶ ᠪᠠᠷ ᠬᠢᠵᠠᠭᠠᠷᠯᠠᠵᠤ᠂ ᠭᠤᠤᠯᠳᠠᠯᠭ᠎ᠠ ᠲᠠᠢ ᠬᠥᠮᠦᠰ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠶᠢ | ᠴᠢᠩᠭᠠᠳᠬᠠᠵᠤ᠂ ᠡᠪᠡᠳᠴᠢᠨ ᠡᠮᠭᠡᠭ ᠡᠭᠦᠰᠴᠦ ᠬᠥᠭᠵᠢᠬᠦ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠭᠤᠰᠬᠢᠨ ᠴᠢᠳᠠᠮᠵᠢ ᠶᠢ ᠪᠠᠶᠢᠴᠠᠭᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠤᠳᠠᠭᠠᠨ ᠴᠢᠨᠠᠷᠳᠠᠢ ᠠᠭᠤᠰᠬᠢᠨ ᠡᠪᠡᠳᠴᠢᠲᠡᠨ ᠤ ᠡᠷᠡᠭᠦᠯ ᠮᠡᠨᠳᠦ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠎ᠠ᠃ 2022 ᠤᠨ ᠪᠠ 2030 ᠤᠨ ᠪᠣᠯᠬᠤ ᠳᠤ᠂ 70 ᠨᠠᠰᠤᠨ ᠠᠴᠠ | ᠳᠣᠷᠣᠭᠰᠢᠬᠢ ᠬᠥᠮᠦᠰ ᠤᠨ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠣᠯᠵᠤ ᠨᠠᠰᠤ ᠪᠠᠷᠠᠬᠤ | ᠨᠣᠷᠮ᠎ᠠ ᠶᠢ ᠲᠣᠰ ᠲᠣᠰ 9/10 ᠲᠦᠮᠡ ᠠᠴᠠ ᠳᠣᠷᠣᠭᠰᠢ ᠪᠠ 8.1/10 ᠲᠦᠮᠡ ᠠᠴᠠ ᠳᠣᠷᠣᠭᠰᠢ ᠪᠣᠯᠲᠠᠯ᠎ᠠ | ᠪᠠᠭᠤᠷᠠᠭᠤᠯᠵᠤ᠂ 40 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠠᠭᠤᠰᠬᠢ | ᠡᠪᠡᠳᠴᠢᠨ ᠢ ᠮᠡᠳᠡᠬᠦ ᠨᠣᠷᠮ᠎ᠠ ᠶᠢ ᠲᠣᠰ ᠲᠣᠰ 15% ᠠᠴᠠ ᠳᠡᠭᠡᠭᠰᠢ ᠪᠠ 30% ᠠᠴᠠ ᠳᠡᠭᠡᠭᠰᠢ ᠳᠤ | ᠬᠦᠷᠦᠭᠦᠯᠦᠨ᠎ᠡ᠃ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ | ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ ᠂ | ᠡᠳ᠋ ᠤᠨ ᠵᠠᠰᠠᠭ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠢᠨᠵᠢᠯᠡᠬᠦ ᠮᠡᠷᠭᠡᠵᠢᠯ ᠤᠨ | ᠵᠦᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 14. ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ᠎ᠡ᠃ | ᠰᠢᠬᠢᠷ ᠰᠢᠵᠢᠩ ᠡᠪᠡᠳᠴᠢᠲᠡᠨ ᠪᠠ ᠠᠶᠤᠯ ᠶᠡᠬᠡᠲᠡᠶ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠢᠷᠤᠮᠵᠢᠭᠰᠠᠨ ᠦᠢᠯᠡᠴᠢᠯᠡᠭᠡ ᠶᠢ ᠬᠠᠩᠭᠠᠵᠤ᠂ | ᠰᠠᠭᠤᠭᠠᠯᠢ ᠠᠷᠠᠳ ᠤᠨ ᠴᠢᠰᠤᠨ ᠰᠢᠬᠢᠷ ᠤᠨ ᠲᠦᠪᠰᠢᠨ ᠢ ᠠᠩᠬᠠᠷᠴᠤ᠂ ᠰᠢᠬᠢᠷ ᠰᠢᠵᠢᠩ ᠡᠪᠡᠳᠴᠢᠨ ᠤ ᠡᠬᠢᠨ ᠤ | ᠬᠤᠭᠤᠴᠠᠭᠠᠨ ᠤ ᠬᠥᠮᠦᠰ ᠢ ᠵᠢᠯᠣᠭᠤᠳᠤᠨ ᠡᠪᠡᠳᠴᠢᠨ ᠡᠭᠦᠰᠬᠦ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ | ᠪᠠᠭᠤᠷᠠᠭᠤᠯᠵᠤ᠂ ᠰᠢᠬᠢᠷ ᠰᠢᠵᠢᠩ ᠡᠪᠡᠳᠴᠢᠨ ᠤ ᠡᠭᠦᠰᠴᠦ ᠬᠥᠭᠵᠢᠬᠦ ᠶᠢ ᠬᠤᠶᠢᠰᠢᠯᠠᠭᠤᠯᠬᠤ ᠪᠤᠶᠤ ᠤᠷᠢᠳᠴᠢᠯᠠᠨ | ᠰᠡᠷᠭᠡᠶᠢᠯᠡᠨ᠎ᠡ᠃ ᠰᠢᠬᠢᠷ ᠰᠢᠵᠢᠩ ᠡᠪᠡᠳᠴᠢᠨ ᠢ ᠳᠡᠰ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ | ᠮᠡᠷᠭᠡᠵᠢᠯ ᠤᠨ ᠲᠦᠷᠢᠮᠵᠢᠯ ᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠰᠢᠬᠢᠷ ᠰᠢᠵᠢᠩ ᠡᠪᠡᠳᠴᠢᠨ ᠵᠢᠴᠢ | ᠳᠠᠪᠬᠤᠴᠠᠭᠰᠠᠨ ᠡᠪᠡᠳᠴᠢᠨ ᠢ ᠰᠢᠭᠰᠢᠨ ᠪᠠᠶᠢᠴᠠᠭᠠᠬᠤ ᠶᠢ ᠪᠠᠷᠢᠮᠵᠢᠶᠠᠵᠢᠭᠤᠯᠬᠤ ᠪᠠ ᠣᠨᠣᠰᠢᠯᠠᠨ ᠡᠮᠨᠡᠬᠦ ᠶᠢ | ᠵᠢᠷᠤᠮᠵᠢᠭᠤᠯᠬᠤ ᠶᠢ ᠠᠬᠢᠭᠤᠯᠤᠨ᠎ᠠ᠃ ᠣᠷᠣᠨ ᠪᠦᠰᠡ ᠶᠢᠨ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ | ᠵᠠᠩᠭᠢ ᠶᠢᠨ ᠲᠠᠪᠴᠠᠩ ᠳᠤ ᠲᠦᠰᠢᠭᠯᠡᠨ᠂ ︽ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠡᠷᠡᠭᠦᠯ ᠬᠠᠮᠠᠭᠠᠯᠠᠯ︾ | ᠤᠨ ᠦᠢᠯᠡᠴᠢᠯᠡᠭᠡ ᠶᠢ ᠠᠬᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ᠂ ᠰᠢᠬᠢᠷ ᠰᠢᠵᠢᠩ | ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠠᠷᠭ᠎ᠠ ᠪᠠᠷᠢᠯ ᠢ ᠪᠠᠶᠠᠯᠢᠭᠵᠢᠭᠤᠯᠵᠤ᠂ ᠡᠷᠡᠭᠦᠯ ᠮᠡᠨᠳᠦ ᠶᠢᠨ | ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠃ 2022 ᠤᠨ ᠪᠠ 2030 ᠣᠨ ᠳᠤ᠂ ᠰᠢᠬᠢᠷ ᠰᠢᠵᠢᠩ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ | ᠨᠣᠷᠮ᠎ᠠ ᠶᠢ ᠲᠤᠰ ᠲᠤᠰ 60% ᠠᠴᠠ ᠳᠡᠭᠡᠭᠰᠢ ᠪᠠ 70% ᠠᠴᠠ ᠳᠡᠭᠡᠭᠰᠢ ᠳᠤ ᠬᠦᠷᠦᠭᠦᠯᠵᠦ᠂ 18 | ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠤᠨ ᠰᠢᠬᠢᠷ ᠰᠢᠵᠢᠩ ᠡᠪᠡᠳᠴᠢᠨ ᠢ ᠮᠡᠳᠡᠬᠦ ᠨᠣᠷᠮ᠎ᠠ ᠶᠢ ᠲᠤᠰ ᠲᠤᠰ | 50% ᠠᠴᠠ ᠳᠡᠭᠡᠭᠰᠢ ᠪᠠ 60% ᠠᠴᠠ ᠳᠡᠭᠡᠭᠰᠢ ᠳᠤ ᠬᠦᠷᠦᠭᠦᠯᠦᠨ᠎ᠡ᠃ ︵ᠬᠤᠰᠢᠭᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠰᠤᠶᠤᠯ ᠵᠢᠭᠤᠯᠴᠢᠯᠠᠯ ᠤᠨ ᠲᠤᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 15. ᠬᠠᠯᠳᠠᠪᠤᠷᠢᠲᠤ ᠡᠪᠡᠳᠴᠢᠨ ᠵᠢᠴᠢ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠨ᠎ᠠ᠃ ᠰᠠᠭᠤᠭᠠᠯᠢ ᠠᠷᠠᠳ ᠤᠨ ᠥᠪᠡᠰᠦᠪᠡᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ | ᠸᠠᠺᠼᠢᠨ ᠨᠢ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠳᠤ ᠦᠵᠡᠭᠦᠯᠬᠦ ᠴᠢᠬᠤᠯᠠ ᠦᠢᠯᠡᠳᠦᠯ ᠢ ᠤᠬᠠᠭᠤᠯᠵᠤ᠂ | ᠨᠠᠰᠤᠨ ᠳᠤ ᠬᠦᠷᠦᠭᠰᠡᠳ ᠤᠨ ᠸᠠᠺᠼᠢᠨ ᠤ ᠲᠠᠷᠢᠯᠭ᠎ᠠ ᠵᠢᠴᠢ ᠠᠶᠤᠯ ᠶᠡᠬᠡᠲᠡᠶ ᠬᠥᠮᠦᠰ ᠤᠨ ᠬᠠᠯᠳᠠᠪᠤᠷᠢᠲᠤ | ᠲᠠᠭᠰᠢᠭᠤᠷ ᠳᠡᠯᠭᠡᠷᠡᠬᠦ ᠤᠯᠠᠷᠢᠯ ᠠᠴᠠ ᠡᠮᠦᠨ᠎ᠡ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠬᠤ ᠶᠢ | ᠰᠠᠨᠠᠭᠠᠴᠢᠯᠠᠬᠤ ᠬᠡᠷᠡᠭᠲᠡᠶ᠃ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮ ᠠᠭᠤᠰᠬᠢᠨ ᠦᠷᠪᠢᠰᠦᠯ᠂ ᠠᠶᠢᠽ | ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠰᠦᠷᠢᠶ᠎ᠡ ᠡᠪᠡᠳᠴᠢᠨ ᠵᠡᠷᠭᠡ ᠬᠦᠨᠳᠦ ᠶᠡᠭᠡ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ᠃ ᠨᠡᠶᠢᠭᠡᠮ ᠤᠨ ᠪᠦᠯᠬᠦᠮ᠂ ᠠᠵᠤ | ᠠᠬᠤᠶᠢᠯᠠᠯ᠂ ᠰᠠᠭᠤᠷᠢ ᠮᠥᠩᠭᠦᠨ ᠤ ᠨᠡᠶᠢᠭᠡᠮᠯᠢᠭ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠣᠯᠤᠨ ᠰᠠᠶᠢᠨ | ᠲᠤᠷᠠᠴᠤᠳ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ᠂ ᠬᠠᠯᠳᠠᠪᠤᠷᠢᠯᠠᠭᠰᠠᠳ ᠤᠨ ᠶᠠᠳᠠᠭᠤ ᠶᠢ | ᠲᠡᠳᠬᠦᠵᠦ ᠠᠪᠤᠷᠠᠨ ᠲᠤᠰᠠᠯᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠬᠦ ᠶᠢ ᠳᠠᠮᠵᠢᠨ᠎ᠠ᠃ | ᠮᠥᠯᠵᠢᠭᠦᠷ ᠬᠤᠷᠣᠬᠠᠶ ᠶᠢᠨ ᠡᠪᠡᠳᠴᠢᠨ᠂ ᠤᠤᠭᠤᠬᠤ ᠤᠰᠤᠨ ᠤ ᠬᠡᠯᠪᠡᠷᠢ ᠶᠢᠨ ᠣᠷᠣᠨ ᠨᠤᠲᠤᠭ ᠤᠨ ᠴᠢᠨᠠᠷᠲᠠᠶ | ᠹᠯᠣᠷᠲᠤ ᠠᠷᠰᠧᠨ ᠳᠤ ᠬᠤᠤᠷᠳᠠᠬᠤ᠂ ᠢᠣᠳ᠋ ᠳᠤᠲᠠᠭᠳᠠᠬᠤ ᠡᠪᠡᠳᠴᠢᠨ᠂ ᠦᠶ᠎ᠡ ᠭᠡᠰᠢᠭᠦᠤ ᠲᠣᠮᠣᠷᠠᠬᠤ ᠡᠪᠡᠳᠴᠢᠨ᠂ | ᠺᠧᠱᠠᠨ ᠡᠪᠡᠳᠴᠢᠨ ᠵᠡᠷᠭᠡ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠣᠷᠣᠨ | ᠨᠤᠲᠤᠭ ᠤᠨ ᠡᠪᠡᠳᠴᠢᠨ ᠢ ᠭᠤᠤᠯᠳᠠᠯᠭ᠎ᠠ ᠲᠠᠢ ᠬᠢᠵᠠᠭᠠᠷᠯᠠᠬᠤ ᠪᠠ ᠠᠷᠢᠯᠭᠠᠨ᠎ᠠ᠃ 2022 ᠤᠨ ᠪᠠ 2030 ᠤᠨ | ᠪᠣᠯᠬᠤ ᠳᠤ᠂ ᠬᠤᠯᠤᠭᠠᠨ᠎ᠠ ᠬᠢᠵᠢᠭ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠳᠤ ᠰᠢᠨ᠎ᠡ ᠪᠠᠷ ᠡᠭᠦᠰᠦᠭᠰᠡᠨ | ᠡᠪᠡᠳᠴᠢᠨ ᠤ ᠵᠢᠱᠢᠶ᠎ᠡ ᠪᠠᠶᠢᠬᠤ ᠦᠭᠡᠢ᠂ ᠠᠶᠢᠽ ᠡᠪᠡᠳᠴᠢᠨ ᠤ ᠪᠦᠬᠦ ᠬᠥᠮᠦᠰ ᠤᠨ ᠬᠠᠯᠳᠠᠪᠤᠷᠢᠯᠠᠬᠤ ᠨᠣᠷᠮ᠎ᠠ ᠶᠢᠨ | ᠲᠣᠰ ᠲᠣᠰ 0.15% ᠠᠴᠠ ᠳᠣᠷᠣᠭᠰᠢ ᠪᠠ 0.2% ᠠᠴᠠ ᠳᠣᠷᠣᠭᠰᠢ ᠬᠢᠵᠠᠭᠠᠷᠯᠠᠨ᠎ᠠ᠃ 5 ᠨᠠᠰᠤᠨ ᠠᠴᠠ | ᠳᠣᠷᠣᠭᠰᠢᠬᠢ ᠬᠡᠦᠬᠡᠳ ᠤᠨ ᠡᠯᠢᠭᠡᠨ ᠤ B ᠦᠷᠪᠢᠰᠦᠯ ᠤᠨ ᠸᠢᠷᠦ᠋ᠰ ᠤᠨ ᠭᠠᠳᠠᠷᠭᠤ ᠶᠢᠨ ᠥᠳᠥᠭᠡᠭᠴᠢ ᠶᠢᠨ | ᠳᠡᠯᠭᠡᠷᠡᠬᠦ ᠨᠣᠷᠮ᠎ᠠ ᠶᠢ ᠲᠤᠰ ᠲᠤᠰ 1% ᠪᠠ 0.5% ᠠᠴᠠ ᠳᠣᠷᠣᠭᠰᠢ ᠬᠢᠵᠠᠭᠠᠷᠯᠠᠨ᠎ᠠ᠃ ᠠᠭᠤᠰᠬᠢᠨ | ᠰᠦᠷᠢᠶ᠎ᠡ ᠶᠢᠨ ᠡᠪᠡᠳᠴᠢᠯᠡᠬᠦ ᠨᠣᠷᠮ᠎ᠠ 55/10 ᠲᠦᠮᠡ ᠠᠴᠠ ᠳᠣᠷᠣᠭᠰᠢ ᠪᠣᠯᠲᠠᠯ᠎ᠠ ᠳᠣᠷᠣᠭᠰᠢᠯᠠᠭᠤᠯᠵᠤ᠂ | ᠪᠷᠦ᠋ᠼᠧᠯ ᠤᠨ ᠰᠠᠪᠬᠠᠨᠴᠢᠷ ᠪᠠᠺᠲ᠋ᠧᠷᠢ ᠶᠢᠨ ᠡᠪᠡᠳᠴᠢᠨ ᠡᠭᠦᠰᠬᠦ ᠨᠤᠷᠮ᠎ᠠ ᠦᠷᠭᠦᠯᠵᠢᠯᠡᠨ ᠪᠠᠭᠤᠷᠠᠭᠤᠯᠤᠨ᠎ᠠ᠃ | ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠᠷ ᠨᠢᠭᠡᠴᠢ ᠪᠣᠯᠭᠠᠵᠤ᠂ 0 — 6 ᠨᠠᠰᠤᠨ ᠤ ᠬᠡᠤᠬᠡᠳ ᠤᠨ | ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ 90% ᠠᠴᠠ | ᠳᠡᠭᠡᠭᠰᠢ ᠳᠤ ᠪᠠᠶᠢᠯᠭᠠᠵᠤ᠂ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢᠨ | ᠨᠣᠷᠮ᠎ᠠ ᠶᠢ 95% ᠠᠴᠠ ᠳᠡᠭᠡᠭᠰᠢ ᠳᠤ ᠪᠠᠶᠢᠯᠭᠠᠨ᠎ᠠ᠃ 2022 ᠤᠨ ᠪᠣᠯᠬᠤ ᠳᠤ ᠢᠣᠳ᠋ ᠳᠤᠲᠠᠭᠳᠠᠬᠤ | ᠡᠪᠡᠳᠴᠢᠨ ᠤ ᠬᠤᠣᠷ ᠬᠥᠨᠥᠭᠡᠯ ᠢ ᠦᠷᠭᠦᠯᠵᠢᠯᠡᠨ ᠠᠷᠢᠯᠭᠠᠵᠤ᠂ ᠦᠶ᠎ᠡ ᠭᠡᠰᠢᠭᠦᠤ ᠲᠣᠮᠣᠷᠠᠬᠤ ᠡᠪᠡᠳᠴᠢᠨ᠂ ᠺᠧᠱᠠᠨ | ᠡᠪᠡᠳᠴᠢᠨ᠂ ᠤᠤᠭᠤᠬᠤ ᠤᠰᠤᠨ ᠤ ᠬᠡᠯᠪᠡᠷᠢ ᠶᠢᠨ ᠣᠷᠣᠨ ᠨᠤᠲᠤᠭ ᠤᠨ ᠴᠢᠨᠠᠷᠲᠠᠶ ᠠᠷᠰᠧᠨᠢᠰ ᠤᠨ | ᠬᠤᠤᠷᠳᠠᠯᠭ᠎ᠠ ᠶᠢᠨ ᠠᠷᠢᠯᠭᠠᠬᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠤᠤᠭᠤᠬᠤ ᠤᠰᠤᠨ ᠤ ᠬᠡᠯᠪᠡᠷᠢ ᠶᠢᠨ | ᠣᠷᠣᠨ ᠨᠤᠲᠤᠭ ᠤᠨ ᠴᠢᠨᠠᠷᠲᠠᠶ ᠹᠯᠣᠷ ᠤᠨ ᠬᠤᠤᠷᠳᠠᠯ᠂ ᠴᠠᠢ ᠤᠤᠭᠤᠬᠤ ᠬᠡᠯᠪᠡᠷᠢ ᠶᠢᠨ ᠣᠷᠣᠨ ᠨᠤᠲᠤᠭ ᠤᠨ | ᠴᠢᠨᠠᠷᠲᠠᠶ ᠹᠯᠣᠷ ᠤᠨ ᠬᠤᠤᠷᠳᠠᠯᠭ᠎ᠠ ᠶᠢᠨ ᠬᠥᠨᠥᠭᠡᠯ ᠢ ᠪᠦᠲᠦᠮᠵᠢᠲᠡᠶ ᠬᠢᠵᠠᠭᠠᠷᠯᠠᠨ᠎ᠠ᠃ 2030 ᠤᠨ ᠪᠣᠯᠬᠤ ᠳᠤ | ᠭᠤᠤᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠵᠠᠭᠠᠷᠯᠠᠨ ᠠᠷᠢᠯᠭᠠᠵᠤ᠂ ᠣᠷᠣᠨ ᠨᠤᠳᠤᠭ ᠤᠨ | ᠡᠪᠡᠳᠴᠢᠨ ᠢ ᠰᠠᠭᠤᠭᠠᠯᠢ ᠠᠷᠠᠳ ᠤᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠭᠤᠤᠯᠳᠠᠯᠭ᠎ᠠ ᠲᠠᠢ | ᠠᠰᠠᠭᠤᠳᠠᠯ ᠪᠣᠯᠭᠠᠬᠤ ᠥᠬᠡᠶ᠃ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ | ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠠᠵᠤ | ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠬᠦᠮᠦᠨ ᠤ | ᠬᠦᠴᠦᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠠᠷᠠᠳ ᠤᠨ | ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ | ᠰᠤᠶᠤᠯ ᠵᠢᠭᠤᠯᠴᠢᠯᠠᠯ ᠤᠨ ᠲᠤᠪᠴᠢᠶ᠎ᠡ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ | ᠠᠵᠢᠯᠴᠢᠨ ᠤ ᠶᠡᠷᠦᠩᠬᠡᠢ ᠡᠪᠯᠡᠯ᠂ ᠬᠤᠰᠢᠭᠤᠨ ᠤ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭ᠎ᠠ᠂ ᠬᠠᠮ | ᠵᠢᠭᠤᠴᠢᠯᠠᠭᠤᠷ ᠤᠨ ᠲᠦᠪ᠂ ᠨᠠᠷᠢᠨ ᠳᠠᠬᠢ ᠭᠠᠯ ᠲᠡᠷᠭᠡᠨ ᠤ ᠦᠷᠳᠡᠭᠡ᠂ ᠤᠯᠠᠭᠠᠨᠬᠠᠳᠠ ᠶᠢᠨ ᠢᠦᠢ ᠯᠦᠩ | ᠨᠢᠰᠭᠡᠯ ᠤᠨ ᠪᠠᠭᠤᠳᠠᠯ ᠵᠡᠷᠭᠡ ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | | 16. ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠵᠢᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠵᠠᠷᠤᠳᠠᠯ ᠤᠨ ᠪᠠᠲᠤᠯᠠᠭ᠎ᠠ ᠬᠠᠩᠭᠠᠨ᠎ᠠ᠃ ᠬᠢᠲᠠᠳ ᠡᠮ ᠡᠮᠨᠡᠯᠭᠡ ᠶᠢᠨ | ᠡᠪᠡᠳᠴᠢᠨ ᠡᠮᠭᠡᠭ ᠢ ᠡᠮᠨᠡᠨ ᠵᠠᠰᠠᠬᠤ᠂ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠬᠦᠯᠬᠦ ᠳᠤᠮᠳᠠᠬᠢ ᠣᠨᠴᠣᠭᠤᠶ | ᠦᠢᠯᠡᠳᠦᠯ ᠢ ᠭᠦᠶ᠋ᠴᠡᠳ ᠪᠠᠳᠠᠷᠠᠭᠤᠯᠵᠤ᠂ ᠰᠠᠭᠤᠭᠠᠯᠢ ᠠᠷᠠᠳ ᠲᠤ ᠪᠥᠬᠦ ᠦᠶᠡᠯᠡᠯ ᠤᠨ ᠭᠤᠭᠴᠤᠭ᠎ᠠ᠂ ᠪᠥᠬᠦ | ᠲᠠᠯ᠎ᠠ ᠶᠢᠨ᠂ ᠣᠯᠠᠨ ᠶᠠᠩᠵᠤ ᠶᠢᠨ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠬᠡᠨ ᠢ ᠬᠠᠩᠭᠠᠨ᠎ᠠ᠃ | ᠬᠢᠲᠠᠳ ᠡᠮᠨᠡᠯᠭᠡ ᠶᠢᠨ ︽ᠡᠪᠡᠳᠴᠢᠯᠡᠬᠦ ᠠᠴᠠ ᠡᠮᠦᠨ᠎ᠡ ᠡᠪᠡᠳᠴᠢᠨ ᠢ ᠵᠠᠰᠠᠬᠤ︾ ᠣᠶᠢᠯᠠᠭᠠᠭᠳᠠᠬᠤᠨ ᠪᠠ ᠠᠷᠭ᠎ᠠ ᠶᠢ | ᠳᠡᠯᠭᠡᠷᠡᠭᠦᠯᠵᠦ᠂ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠶᠢ | ᠬᠤᠶᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠣᠰᠣᠭᠠᠷ ᠪᠠᠶᠢᠷᠢᠯᠠᠭᠤᠯᠬᠤ ᠪᠠ | ᠪᠠᠶᠢᠷᠢᠰᠢᠭᠤᠯᠬᠤ ᠶᠢᠨ ᠬᠠᠮᠲᠤ ᠪᠦᠲᠦᠮᠵᠢᠲᠡᠢ ᠠᠵᠢᠯᠯᠠᠭᠤᠯᠤᠨ᠎ᠠ᠃ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ | ᠭᠤᠣᠯᠯᠠᠭᠴᠢ ᠥᠷᠢᠰᠦᠯᠳᠦᠬᠦ ᠬᠦᠴᠦᠨ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠬᠤᠰᠢᠭᠤ ᠬᠢᠲᠠᠳ ᠡᠮᠨᠡᠯᠭᠡ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠳᠠᠭᠠᠭᠤᠯᠤᠭᠴᠢ ᠶᠢᠨ ᠦᠢᠯᠡᠳᠦᠯ ᠢ | ᠪᠠᠳᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠣᠷᠳᠣᠨ ᠤ | ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ ᠶᠢ ᠥᠷᠨᠢᠭᠦᠯᠵᠦ᠂ ᠣᠳᠣ ᠦᠶ᠎ᠡ ᠶᠢᠨ ᠬᠢᠲᠠᠳ ᠡᠮ ᠡᠮᠨᠡᠯᠭᠡ ᠶᠢᠨ ᠨᠡᠷᠡᠲᠦ ᠠᠬᠠᠮᠠᠳ ᠲᠤᠰᠬᠠᠶ | ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠦᠵᠡᠯ ᠰᠠᠨᠠᠭ᠎ᠠ ᠪᠣᠯᠤᠨ ᠡᠮᠴᠢᠯᠡᠭᠡᠨ ᠤ ᠣᠨᠣᠰᠢᠯᠠᠨ ᠡᠮᠨᠡᠬᠦ ᠲᠤᠷᠰᠢᠯᠭ᠎ᠠ ᠶᠢ | ᠪᠠᠳᠠᠷᠠᠭᠤᠯᠵᠤ᠂ ᠠᠷᠠᠳ ᠤᠨ ᠳᠤᠮᠳᠠᠬᠢ ᠣᠨᠣᠰᠢᠯᠠᠨ ᠡᠮᠨᠡᠬᠦ ᠮᠡᠷᠭᠡᠵᠢᠯ ᠪᠣᠯᠤᠨ ᠵᠣᠷ ᠤᠨ ᠡᠮ ᠢ ᠠᠭᠤᠳᠠᠯᠵᠤ᠂ | ᠬᠥᠳᠡᠭᠡ ᠲᠣᠰᠬᠤᠨ ᠤ ᠡᠮᠴᠢ ᠪᠠᠷ ᠭᠤᠣᠯᠳᠠᠯᠭ᠎ᠠ ᠪᠣᠯᠭᠠᠭᠰᠠᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠮᠡᠷᠭᠡᠵᠢᠯᠲᠡᠨ ᠬᠢᠲᠠᠳ ᠡᠮ ᠡᠮᠨᠡᠯᠭᠡ ᠶᠢᠨ ᠮᠡᠳᠡᠯᠭᠡ ᠪᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ ᠦᠷᠨᠢᠬᠦᠯᠵᠦ᠂ | ᠬᠢᠲᠠᠳ ᠡᠮᠨᠡᠯᠭᠡ ᠶᠢᠨ ᠡᠮᠴᠢᠯᠡᠭᠡᠨ ᠤ ᠡᠮᠨᠡᠨ ᠵᠠᠰᠠᠬᠤ ᠳᠠᠪᠠᠭᠤᠯᠢᠭ ᠲᠠᠢ ᠡᠪᠡᠳᠴᠢᠨ ᠤ ᠲᠥᠷᠥᠯ ᠪᠠ ᠲᠣᠬᠢᠷᠠᠮᠵᠢᠲᠠᠶ | ᠮᠡᠷᠭᠡᠵᠢᠯ ᠢ ᠰᠤᠩᠭᠤᠨ ᠳᠡᠯᠭᠡᠷᠡᠭᠦᠯᠦᠨ᠎ᠡ᠃ ᠬᠢᠲᠠᠳ ᠡᠮ ᠡᠮᠨᠡᠯᠭᠡ ᠶᠢᠨ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ᠂ ᠬᠢᠲᠠᠳ ᠡᠮ ᠡᠮᠨᠡᠯᠭᠡ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ᠂ ᠨᠡᠶᠢᠭᠡᠮ | ᠲᠣᠭᠤᠷᠢᠭ ᠲᠤ ᠤᠷᠤᠭᠤᠯᠵᠤ᠂ ᠬᠥᠳᠡᠭᠡ ᠲᠣᠰᠬᠤᠨ ᠳᠤ ᠤᠷᠤᠭᠤᠯᠵᠤ᠂ ᠭᠡᠷ ᠪᠦᠯᠢ ᠳᠤ ᠤᠷᠤᠭᠤᠯᠵᠤ᠂ ᠰᠠᠭᠤᠭᠠᠯᠢ | ᠠᠷᠠᠳ ᠤᠨ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ | ᠲᠦᠯᠬᠢᠨ ᠠᠬᠢᠭᠤᠯᠤᠨ᠎ᠠ᠃ 2022 ᠤᠨ ᠪᠠ 2030 ᠤᠨ ᠪᠣᠯᠬᠤ ᠳᠤ᠂ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠶᠢᠨ ᠠᠵᠢᠯᠲᠠᠨ ᠤ ᠵᠠᠷᠤᠳᠠᠯ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠬᠠᠷᠢᠴᠠᠯ ᠢ ᠲᠣᠰ | ᠲᠣᠰ 85% ᠪᠠ 90% ᠳᠤ ᠬᠦᠷᠦᠭᠦᠯᠵᠦ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠪᠦᠷᠬᠦᠴᠡ ᠶᠢᠨ ᠨᠣᠷᠮ᠎ᠠ ᠶᠢᠨ 70% ᠳᠤ ᠬᠦᠷᠦᠭᠦᠯᠵᠦ᠂ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢ ᠮᠡᠳᠡᠴᠡ ᠶᠢᠨ ᠨᠣᠷᠮ᠎ᠠ ᠶᠢ 95% ᠳᠤ ᠬᠦᠷᠭᠡᠵᠦ᠂ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠬᠢᠲᠠᠳ ᠡᠮᠨᠡᠯᠭᠡ ᠶᠢᠨ | ᠣᠷᠳᠣᠨ ᠤ ᠪᠦᠷᠬᠦᠴᠡ ᠶᠢᠨ ᠨᠣᠷᠮ᠎ᠠ ᠶᠢ ᠴᠥᠮ 100% ᠳᠤ ᠬᠦᠷᠭᠡᠨ᠎ᠡ᠃ ︵ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ | ᠰᠤᠷᠭᠠᠨ ᠬᠦᠮᠦᠵᠢᠯ ᠤᠨ ᠲᠤᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠂ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | 17. ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ | ᠃ ᠤᠯᠤᠰ ᠤᠨ ︽ᠮᠤᠵᠢ ᠶᠢᠨ ᠨᠢᠭᠡᠳᠦᠯᠲᠡᠶ ᠲᠥᠯᠥᠪᠯᠡᠬᠦ ᠣᠷᠣᠨ ᠪᠦᠰᠡ ᠶᠢᠨ ᠬᠥᠮᠦᠨ ᠠᠮᠠ ᠶᠢᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢᠨ ᠵᠢᠯᠣᠭᠤᠳᠤᠮᠵᠢ︾ ᠶᠢ ᠨᠠᠢᠳᠠᠪᠤᠷᠢᠵᠢᠭᠤᠯᠬᠤ᠂ | ᠬᠤᠰᠢᠭᠤ ᠲᠡᠰ ᠤᠨ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ | ᠲᠦᠷᠭᠡᠳᠬᠡᠵᠦ᠂ ᠬᠤᠰᠢᠭᠤ ᠲᠡᠰ ᠤᠨ ᠣᠷᠣᠨ ᠪᠦᠰᠡ ᠶᠢᠨ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ | ᠵᠠᠩᠭᠢ ᠶᠢᠨ ᠲᠠᠪᠴᠠᠩ ᠢ ᠬᠤᠲᠠ ᠶᠢᠨ ᠲᠡᠰ ᠤᠨ ᠲᠠᠪᠴᠠᠩ ᠲᠠᠢ ᠵᠣᠯᠭᠠᠭᠤᠯᠬᠤ ᠶᠢ ᠪᠡᠶᠡᠯᠡᠭᠦᠯᠦᠨ᠎ᠡ᠃ ᠳᠣᠷᠣᠭᠰᠢ | ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠵᠤ᠂ ᠬᠠᠳᠠᠭᠠᠯᠠᠬᠤ ᠲᠣᠮᠣ | ᠳ᠋ᠠᠶᠢᠲ᠋ᠠ ᠶᠢ ᠪᠣᠶ ᠪᠣᠯᠭᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠬᠢ ᠶᠢ ᠰᠣᠯᠢᠯᠴᠠᠬᠤ ᠪᠠ | ᠬᠠᠮᠲᠤᠪᠠᠷ ᠭᠥᠷᠳᠡᠬᠦ ᠦᠢᠯᠡᠴᠢᠯᠡᠭᠡ ᠶᠢ ᠡᠭᠦᠷᠭᠡᠯᠡᠨ᠎ᠡ᠃ 2022 ᠤᠨ ᠪᠣᠯᠬᠤ ᠳᠤ᠂ ᠬᠤᠰᠢᠭᠤ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠦᠬᠦᠨ ᠢ ᠬᠤᠲᠠ ᠶᠢᠨ ᠱᠠᠲᠤᠨ ᠤ ᠣᠷᠣᠨ ᠪᠦᠰᠡ ᠶᠢᠨ ᠪᠦᠬᠦ | ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠨ ᠣᠷᠣᠭᠤᠯᠵᠤ᠂ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ 2030 ᠤᠨ ᠪᠣᠯᠬᠤ ᠳᠤ᠂ ᠡᠷᠡᠭᠦᠯ ᠮᠡᠨᠳᠦ ᠶᠢᠨ | ᠡᠮᠴᠢᠯᠡᠭᠡᠨ ᠤ ᠲᠣᠮᠣ ᠳ᠋ᠠᠶᠢᠲ᠋ᠠ᠂ ︽ᠢᠨᠲ᠋ᠧᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠣᠳ᠋ ᠵᠡᠷᠭᠡ ᠶᠢ ᠨᠡᠶᠢᠳᠡᠮ ᠬᠡᠷᠡᠭᠯᠡᠨ᠎ᠡ᠃ ︵ᠬᠤᠰᠢᠭᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠷᠥᠭᠦᠯᠵᠦ᠂ ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ | ᠵᠦᠪᠯᠡᠯ᠂ ᠠᠵᠤ ᠦᠢᠯᠡᠳᠪᠦᠷᠢ ᠰᠢᠨᠵᠢᠯᠡᠬᠦ ᠮᠡᠷᠭᠡᠵᠢᠯ ᠤᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ | ᠨᠢ ᠡᠭᠦᠷᠭᠡ ᠬᠠᠷᠢᠭᠤᠴᠠᠯᠭ᠎ᠠ ᠶᠤᠰᠤᠭᠠᠷ ᠢᠶᠠᠨ ᠠᠵᠢᠯ ᠬᠤᠪᠢᠶᠠᠷᠢᠯᠠᠨ ᠬᠠᠷᠢᠭᠤᠴᠠᠨ᠎ᠠ︶ | ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠬᠠᠮᠵᠢᠯᠴᠠᠨ | ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠡᠷᠡᠭᠦᠯ ᠡᠩᠬᠡ ᠬᠠᠷᠠᠴᠢᠨ ᠤ ᠠᠵᠢᠯᠯᠠᠭ᠎ᠠ︾ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠤᠨ᠎ᠠ᠃ ᠡᠷᠡᠭᠦᠯ ᠡᠩᠬᠡ ᠬᠠᠷᠠᠴᠢᠨ ᠤ ᠠᠵᠢᠯᠯᠠᠭ᠎ᠠ ᠶᠢ ᠠᠬᠢᠭᠤᠯᠬᠤ ᠺᠣᠮᠢᠰ ︵ᠳᠣᠷᠣᠭᠰᠢ ᠠᠬᠢᠭᠤᠯᠬᠤ | ᠺᠣᠮᠢᠰ ᠭᠡᠵᠦ ᠲᠤᠪᠴᠢᠯᠠᠨ᠎ᠠ︶ ᠢ ᠪᠠᠶᠢᠭᠤᠯᠵᠤ᠂ ᠠᠯᠪᠠᠨ ᠭᠡᠷ ᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ ᠪᠠᠶᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠬᠡᠮᠵᠢᠬᠦ ᠪᠠ ᠬᠢᠨᠠᠨ | ᠰᠢᠯᠭᠠᠬᠤ ᠬᠠᠮᠢᠶ᠎ᠠ ᠪᠦᠬᠦᠢ ᠠᠵᠢᠯ ᠢ ᠨᠢᠭᠡᠳᠦᠯᠳᠡᠢ ᠲᠥᠯᠥᠪᠵᠢᠭᠦᠯᠦᠨ ᠠᠬᠢᠭᠤᠯᠤᠨ᠎ᠠ᠃ ᠠᠬᠢᠭᠤᠯᠬᠤ | ᠵᠥᠪᠯᠡᠯ ᠤᠨ ᠬᠢᠨ ᠬᠠᠮᠢᠶ᠎ᠠ ᠪᠦᠬᠦᠢ ᠬᠠᠷᠢᠶ᠎ᠠ ᠣᠷᠣᠨ ᠤ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ | ᠮᠡᠷᠭᠡᠵᠢᠯᠲᠡᠨ ᠤ ᠵᠥᠪᠯᠡᠯᠭᠡ ᠥᠭᠬᠦ ᠵᠥᠪᠯᠡᠯ ᠢ ᠵᠣᠬᠢᠶᠠᠨ ᠪᠠᠶᠢᠭᠤᠯᠵᠤ᠂ ︽ᠡᠷᠡᠭᠦᠯ ᠡᠩᠬᠡ ᠬᠠᠷᠠᠴᠢᠨ ᠤ ᠠᠵᠢᠯᠯᠠᠭ᠎ᠠ︾ | ᠶᠢᠨ ᠬᠡᠷᠡᠭᠵᠢᠭᠦᠯᠦᠯᠲᠡ ᠶᠢ ᠠᠬᠢᠭᠤᠯᠬᠤ ᠳᠤ ᠮᠡᠷᠭᠡᠵᠢᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠨ᠎ᠠ᠃ ᠺᠣᠮᠢᠰ ᠤᠨ | ᠳᠣᠣᠷ᠎ᠠ ᠨᠢ ᠲᠤᠰᠬᠠᠢ ᠵᠦᠢᠯ ᠤᠨ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠪᠠᠶᠢᠭᠤᠯᠵᠤ᠂ ᠲᠤᠰᠬᠠᠢ ᠵᠦᠢᠯ ᠤᠨ | ᠠᠵᠢᠯᠯᠠᠭ᠎ᠠ ᠶᠢ ᠪᠣᠳᠠᠲᠠᠢ ᠬᠡᠷᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠡᠯ᠎ᠡ ᠨᠢᠭᠡᠴᠡ ᠨᠦᠭᠦᠳ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠤᠭᠳᠠᠯᠴᠠᠭ᠎ᠠ ᠪᠠᠨ | ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠰᠠᠶᠢᠳᠤᠷ ᠬᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠤᠨ ᠡᠮᠬᠢ | ᠵᠢᠷᠤᠮ ᠲᠠᠢ ᠪᠥᠭᠡᠳ ᠪᠦᠳᠦᠮᠵᠢᠳᠡᠢ ᠦᠷᠨᠢᠬᠦᠯᠬᠦ ᠶᠢ ᠠᠬᠢᠭᠤᠯᠬᠤ ᠬᠡᠷᠡᠭᠲᠡᠶ︔ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠷᠡᠭᠦᠯ ᠮᠡᠨᠳᠦ ᠶᠢᠨ ᠪᠣᠶ | ᠪᠥᠬᠦᠶ ᠲᠥᠷᠥ ᠶᠢᠨ ᠪᠣᠳᠣᠯᠭ᠎ᠠ ᠳᠤ ᠠᠭᠤᠰᠤᠯᠴᠠᠬᠤ ᠶᠢ ᠠᠬᠢᠭᠤᠯᠬᠤ ᠬᠡᠷᠡᠭᠲᠡᠶ᠃ | ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ | ᠨᠡᠶᠢᠭᠡᠮ ᠤᠨ ᠠᠩᠬᠠᠷᠤᠯ ᠳᠤ ᠬᠠᠷᠢᠭᠤᠯᠳᠠ ᠥᠭᠭᠦᠨ᠎ᠡ᠃ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠡᠷᠡᠭᠦᠯ | ᠮᠡᠨᠳᠦ ᠶᠢ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠤᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ | ᠪᠦᠬᠦᠢ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮᠯᠢᠭ ᠪᠣᠯᠤᠨ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠵᠢᠴᠢ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠡᠷᠡᠭᠦᠯ ᠮᠡᠨᠳᠦ ᠶᠢ ᠠᠬᠢᠭᠤᠯᠬᠤ ᠪᠠ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯ ᠢ ᠵᠢᠯᠣᠭᠤᠳᠤᠨ ᠵᠣᠬᠢᠶᠠᠨ ᠪᠠᠶᠢᠭᠤᠯᠵᠤ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ | ᠮᠥᠴᠢᠷ᠂ ᠢᠯᠠᠩᠭᠤᠶ᠎ᠠ ᠰᠤᠷᠭᠠᠭᠤᠯᠢ᠂ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠨᠢ ᠥᠪᠡᠷ ᠤᠨ | ᠡᠬᠢ ᠪᠠᠶᠠᠯᠢᠭ ᠢᠶᠠᠨ ᠭᠦᠢᠴᠡᠳ ᠠᠭᠤᠳᠠᠯᠬᠤ ᠪᠠ ᠠᠰᠢᠭᠯᠠᠬᠤ ᠬᠡᠷᠡᠭᠲᠡᠶ᠃ ᠡᠷᠡᠭᠦᠯ ᠮᠡᠨᠳᠦ ᠶᠢᠨ ᠡᠰ ᠤᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠡᠷᠡᠭᠦᠯ ᠮᠡᠨᠳᠦ ᠶᠢᠨ ᠳᠡᠮᠵᠢᠯᠭᠡ ᠶᠢᠨ | ᠴᠢᠨᠠᠷᠲᠠᠶ ᠣᠷᠴᠢᠨ ᠲᠣᠭᠤᠷᠢᠨ ᠢ ᠡᠭᠦᠳᠬᠦ ᠬᠡᠷᠡᠭᠲᠡᠶ᠃ ᠬᠤᠪᠢ ᠬᠥᠮᠦᠨ ᠪᠠ ᠭᠡᠷ ᠪᠦᠯᠢ ᠶᠢᠨ ᠬᠢᠨ ᠤ ︽ᠡᠷᠡᠭᠦᠯ | ᠡᠩᠬᠡ ᠬᠠᠷᠠᠴᠢᠨ ᠤ ᠠᠵᠢᠯᠯᠠᠭ᠎ᠠ︾ ᠳᠤ ᠢᠳᠡᠪᠬᠢᠲᠡᠢ ᠤᠷᠤᠯᠴᠠᠬᠤ ᠶᠢ ᠵᠣᠷᠢᠭᠵᠢᠭᠤᠯᠵᠤ᠂ ᠬᠤᠪᠢ ᠬᠥᠮᠦᠨ ᠤ | ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ | ᠪᠣᠶ ᠪᠣᠯᠭᠠᠨ᠎ᠠ᠃ | ︵ᠭᠤᠷᠪᠠ︶ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ᠳᠠᠮᠵᠢᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠠᠵᠢᠯᠯᠠᠭ᠎ᠠ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠰᠢᠰᠲ᠋ᠧᠮ ᠤᠨ ᠪᠠᠶᠢᠭᠤᠯᠤᠯᠲᠠ ᠪᠠ ᠴᠢᠳᠠᠪᠤᠷᠢᠲᠠᠨ ᠢ ᠬᠦᠮᠦᠵᠢᠯ ᠢ ᠴᠢᠩᠭᠠᠳᠬᠠᠵᠤ᠂ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠡᠳ᠋ ᠤᠨ ᠵᠠᠰᠠᠭ ᠤᠨ ᠳᠡᠮᠵᠢᠯᠭᠡ ᠶᠢ ᠴᠢᠩᠭᠠᠳᠬᠠᠵᠤ᠂ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ | ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡᠨ ᠤ | ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠠᠨᠳᠤᠯᠭᠠᠲᠤ ᠴᠢᠨᠠᠷ ᠪᠠ ᠪᠦᠳᠦᠮᠵᠢᠳᠦ ᠴᠢᠨᠠᠷ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ | ᠦᠢᠯᠡᠳᠭᠦᠨ ᠢ ᠰᠤᠳᠤᠯᠤᠨ ᠦᠢᠯᠡᠳᠪᠦᠷᠢᠯᠡᠬᠦ ᠶᠢ ᠵᠣᠷᠢᠭᠵᠢᠭᠤᠯᠵᠤ᠂ ᠡᠷᠡᠭᠦᠯ ᠮᠡᠨᠳᠦ ᠶᠢᠨ ᠦᠢᠯᠡᠳᠭᠦᠨ ᠤ | ᠬᠠᠩᠭᠠᠯᠭ᠎ᠠ ᠶᠢ ᠨᠡᠮᠡᠭᠳᠡᠭᠦᠯᠦᠨ᠎ᠡ᠃ ᠨᠡᠶᠢᠭᠡᠮ ᠤᠨ ᠬᠢᠨ ᠪᠡᠯᠡ ᠮᠥᠩᠭᠦ ᠬᠠᠨᠳᠢᠪᠯᠠᠬᠤ ᠶᠢ ᠵᠣᠷᠢᠭᠵᠢᠭᠤᠯᠵᠤ᠂ | ᠨᠡᠶᠢᠭᠡᠮ ᠤᠨ ᠬᠦᠴᠦᠨ ᠳᠤ ᠲᠦᠰᠢᠭᠯᠡᠨ ︽ᠡᠷᠡᠭᠦᠯ ᠡᠩᠬᠡ ᠬᠠᠷᠠᠴᠢᠨ ᠤ ᠠᠵᠢᠯᠯᠠᠭ᠎ᠠ︾ ᠶᠢ ᠬᠠᠤᠯᠢ ᠶᠣᠰᠣᠭᠠᠷ | ᠲᠦᠯᠬᠢᠨ ᠠᠬᠢᠭᠤᠯᠵᠤ᠂ ᠪᠡᠯᠡ ᠮᠥᠩᠭᠦ ᠶᠢᠨ ᠢᠷᠡᠯᠲᠡ ᠶᠢᠨ ᠣᠯᠠᠨ ᠡᠰᠢᠵᠢᠭᠰᠡᠨ ᠪᠠᠲᠤᠯᠠᠭ᠎ᠠ ᠶᠢᠨ ᠲᠣᠭᠲᠠᠴᠠ ᠶᠢ | ᠪᠦᠷᠢᠯᠳᠦᠭᠦᠯᠦᠨ᠎ᠡ᠃ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠬᠥᠭᠵᠢᠯᠲᠡ ᠶᠢ ᠠᠬᠢᠭᠤᠯᠵᠤ᠂ | ᠰᠠᠯᠠᠭ᠎ᠠ ᠮᠥᠴᠢᠷ ᠪᠠ ᠭᠠᠵᠠᠷ ᠣᠷᠣᠨ ᠤ ᠬᠤᠭᠤᠷᠣᠨᠳᠣ ᠡᠷᠡᠭᠦᠯ ᠮᠡᠨᠳᠦ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ | ᠬᠠᠮᠲᠤᠪᠠᠷ ᠬᠦᠷᠳᠡᠬᠦ ᠶᠢ ᠠᠬᠢᠭᠤᠯᠤᠨ᠎ᠠ᠃ | ︵ᠲᠦᠷᠪᠡ︶ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ︽ᠡᠷᠡᠭᠦᠯ ᠡᠩᠬᠡ ᠬᠠᠷᠠᠴᠢᠨ ᠤ | ᠠᠵᠢᠯᠯᠠᠭ᠎ᠠ︾ ᠶᠢᠨ ᠭᠤᠣᠯ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠷᠡᠭᠦᠯ ᠡᠩᠬᠡ ᠬᠠᠷᠠᠴᠢᠨ ᠤ ᠠᠵᠢᠯᠯᠠᠭ᠎ᠠ ᠶᠢ | ᠠᠬᠢᠭᠤᠯᠬᠤ ᠵᠥᠪᠯᠡᠯ ᠠᠴᠠ ᠬᠠᠨᠳᠤᠯᠭᠠᠲᠤ ᠴᠢᠨᠠᠷᠲᠠᠢ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠬᠢᠨᠠᠨ | ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠠᠮᠢᠶ᠎ᠠ ᠪᠦᠬᠦᠢ ᠨᠢᠭᠡᠴᠢ ᠶᠢᠨ ᠤᠳᠤᠷᠢᠳᠬᠤ ᠪᠠᠭ | ᠪᠠ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ᠂ ᠺᠠᠳ᠋ᠷ ᠢ ᠱᠠᠩᠨᠠᠵᠤ ᠰᠢᠳᠬᠡᠬᠦ ᠶᠢᠨ ᠴᠢᠬᠤᠯᠠ | ᠯᠠᠪᠯᠠᠯᠲᠠ ᠪᠤᠯᠭᠠᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ᠂ ᠢᠨᠲ᠋ᠧᠷ ᠰᠦᠯᠵᠢᠶ᠎ᠡ ᠪᠠ ᠲᠣᠮᠣ ᠲᠤᠭ᠎ᠠ | ᠪᠠᠷᠢᠮᠲᠠ ᠳᠤ ᠲᠦᠰᠢᠭᠯᠡᠨ᠂ ︽ᠡᠷᠡᠭᠦᠯ ᠡᠩᠬᠡ ᠬᠠᠷᠠᠴᠢᠨ ᠤ ᠠᠵᠢᠯᠯᠠᠭ᠎ᠠ︾ ᠶᠢᠨ ᠭᠤᠣᠯ ᠭᠦᠢᠴᠡᠳᠬᠡᠬᠦ ᠲᠤᠭ᠎ᠠ ᠶᠢ | ᠭᠤᠣᠯᠳᠠᠯᠭ᠎ᠠ ᠲᠠᠢ ᠡᠭᠦᠷᠭᠡ ᠶᠢ ᠬᠡᠷᠡᠭᠵᠢᠭᠦᠯᠬᠦ ᠠᠬᠢᠴᠠ ᠳᠤ ᠵᠢᠯ ᠤᠨ ᠬᠢᠨᠠᠨ ᠬᠡᠮᠵᠢᠯᠲᠡ ᠬᠢᠨ᠎ᠡ᠃ | | |