ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠢᠯᠭᠠᠪᠤᠷᠢᠯᠠᠯ ᠳᠤ | ᠭᠠᠷᠤᠭᠰᠠᠨ ᠠᠵᠢᠯᠳᠠᠳ ᠢ ᠲᠦᠪᠬᠢᠨᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ | | ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠢᠯᠭᠠᠪᠤᠷᠢᠯᠠᠯ ᠳᠤ ᠭᠠᠷᠤᠭᠰᠠᠨ ᠬᠥᠮᠦᠰ ᠤᠨ | ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠠᠷᠠᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ | 2020 ᠤᠨ ᠤ 1 ᠳ᠋ᠦ᠋ᠭᠡᠷ ᠤᠳᠠᠭᠠᠨ ᠤ ᠬᠤᠷᠠᠯ ᠤᠨ ᠵᠤᠷᠢᠭ ᠰᠠᠨᠠᠭᠠᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ | ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠢᠯᠭᠠᠪᠤᠷᠢᠯᠠᠯ ᠳᠤ ᠭᠠᠷᠤᠭᠰᠠᠨ ᠬᠥᠮᠦᠰ ᠢ | ᠲᠥᠪᠬᠢᠨᠡᠭᠦᠯᠦᠨ ᠠᠵᠢᠯ ᠤᠨ ᠪᠠᠶᠢᠷᠢᠨ ᠳᠤ ᠭᠠᠷᠭᠠᠨ᠎ᠠ᠃ ᠤᠳᠤ ︽ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠢᠯᠭᠠᠪᠤᠷᠢᠯᠠᠯ ᠳᠤ ᠭᠠᠷᠤᠭᠰᠠᠨ ᠬᠥᠮᠦᠰ ᠢ ᠲᠦᠪᠬᠢᠨᠡᠭᠦᠯᠬᠦ ᠠᠵᠢᠯ ᠤᠨ | ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | | ᠨᠢᠭᠡ᠂ ᠲᠥᠪᠬᠢᠨᠡᠭᠦᠯᠬᠦ ᠡᠲᠡᠭᠡᠳ | 2018 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠠᠵᠢᠯ ᠤᠨ ᠪᠠᠶᠢᠷᠢ ᠳᠠᠭᠠᠨ ᠪᠤᠴᠠᠵᠤ ᠠᠵᠢᠯᠯᠠᠭᠰᠠᠨ | ᠪᠦᠭᠡᠳ ᠣᠳᠣᠬᠠᠨ ᠳᠤ ᠮᠥᠨ ᠠᠵᠢᠯ ᠤᠨ ᠪᠠᠶᠢᠷᠢ ᠳᠠᠭᠠᠨ ᠠᠵᠢᠯᠯᠠᠵᠤ ᠪᠠᠶᠢᠭ᠎ᠠ 2001 ᠤᠨ᠂ 2005 ᠣᠨ ᠳᠤ | ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠠᠯᠭᠠᠨ ᠭᠠᠷᠭᠠᠭᠰᠠᠨ ᠬᠥᠮᠦᠰ᠃ | | ᠬᠤᠶᠠᠷ᠂ ᠲᠥᠪᠬᠢᠨᠡᠭᠦᠯᠬᠦ ᠵᠠᠷᠴᠢᠮ | ︵ᠨᠢᠭᠡ︶ ᠲᠣᠰ ᠬᠥᠮᠦᠨ ᠨᠢ ᠰᠠᠶᠢᠨ ᠳᠤᠷ᠎ᠠ ᠶᠢᠨ ᠪᠠᠶᠢᠬᠤ ᠵᠠᠷᠴᠢᠮ᠃ ᠲᠣᠰ ᠬᠥᠮᠦᠨ ᠨᠢ ᠲᠥᠪᠬᠢᠨᠡᠭᠦᠯᠬᠦ | ᠭᠤᠶᠤᠴᠢᠯᠠᠯ ᠭᠠᠷᠭᠠᠵᠤ᠂ ᠬᠠᠷᠢᠶ᠎ᠠ ᠰᠢᠶᠠᠩ ᠪᠠᠯᠭᠠᠰᠤ ᠪᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠠᠷᠢᠭᠤᠴᠠᠨ ᠬᠢᠨᠠᠨ ᠬᠠᠷᠭᠤᠭᠤᠯᠤᠨ᠎ᠠ᠃ | | ︵ᠬᠤᠶᠠᠷ︶ ᠢᠯᠡ᠂ ᠡᠷᠬᠡ ᠲᠡᠭᠰᠢ᠂ ᠥᠷᠢᠰᠦᠯᠳᠦᠬᠦ ᠵᠠᠷᠴᠢᠮ᠃ ᠪᠢᠷ ᠤᠨ ᠰᠢᠯᠭᠠᠯᠲᠠ ᠶᠢᠨ ᠠᠷᠭ᠎ᠠ ᠮᠠᠶ᠋ᠢᠭ ᠢ | ᠠᠪᠴᠤ᠂ ᠰᠢᠯᠭᠠᠯᠲᠠ ᠳᠤ ᠪᠦᠬᠦᠯᠢ ᠬᠤᠪᠢ ᠨᠢ 100 ᠬᠤᠪᠢ ᠪᠠᠶᠢᠵᠤ᠂ ᠰᠢᠯᠭᠠᠯᠲᠠ ᠳᠤ ᠣᠷᠣᠯᠴᠠᠭᠰᠠᠳ ᠤᠨ | ᠬᠢᠷᠢ ᠪᠦᠲᠦᠮᠵᠢ ᠨᠢ 60 ᠬᠤᠪᠢ ᠪᠣᠯᠪᠠᠯ ᠰᠠᠶ᠋ᠢ ᠲᠥᠪᠬᠢᠨᠡᠭᠦᠯᠬᠦ ᠬᠢᠷᠢ ᠬᠡᠮ ᠣᠯᠵᠤ ᠪᠣᠯᠤᠨ᠎ᠠ᠃ | | ᠭᠤᠷᠪᠠ᠂ ᠲᠥᠪᠬᠢᠨᠡᠭᠦᠯᠬᠦ ᠳᠡᠰ ᠳᠠᠷᠠᠭᠠᠯᠠᠯ | ᠲᠣᠰ ᠤᠳᠠᠭᠠᠨ ᠤ ᠲᠥᠪᠬᠢᠨᠡᠭᠦᠯᠬᠦ ᠠᠵᠢᠯ ᠢ ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠢᠯᠭᠠᠪᠤᠷᠢᠯᠠᠯ ᠳᠤ ᠭᠠᠷᠤᠭᠰᠠᠨ ᠬᠥᠮᠦᠰ ᠢ ᠲᠥᠪᠬᠢᠨᠡᠭᠦᠯᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠭᠳᠡᠯ ᠨᠡᠶᠢᠲᠡᠯᠡᠬᠦ᠂ ᠨᠡᠷ᠎ᠡ | ᠮᠡᠳᠡᠭᠦᠯᠬᠦ᠂ ᠬᠢᠷᠢ ᠬᠡᠮ ᠢ ᠬᠢᠨᠠᠨ ᠬᠠᠷᠭᠤᠭᠤᠯᠬᠤ᠂ ᠪᠢᠷ ᠤᠨ ᠰᠢᠯᠭᠠᠯᠲᠠ᠂ ᠤᠷᠢᠨ ᠬᠡᠷᠡᠭᠯᠡᠬᠦ ᠵᠡᠷᠭᠡ ᠠᠯᠬᠤᠮ | ᠳᠠᠷᠠᠭ᠎ᠠ ᠪᠠᠷ ᠶᠠᠪᠤᠭᠳᠠᠭᠤᠯᠤᠨ᠎ᠠ᠃ | | ︵ᠨᠢᠭᠡ︶ ᠮᠡᠳᠡᠭᠳᠡᠯ ᠨᠡᠶᠢᠲᠡᠯᠡᠬᠦ | ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯᠲᠠᠨ ᠢ | ᠲᠦᠪᠬᠢᠨᠡᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠮᠡᠳᠡᠭᠳᠡᠯ ᠨᠡᠶᠢᠲᠡᠯᠡᠨ᠎ᠡ᠃ | | ︵ᠬᠤᠶᠠᠷ︶ ᠨᠡᠷ᠎ᠡ ᠮᠡᠳᠡᠭᠦᠯᠬᠦ | 1. ᠨᠡᠷ᠎ᠡ ᠮᠡᠳᠡᠭᠦᠯᠬᠦ ᠴᠠᠭ᠄ 2020 ᠣᠨ ᠤ 6 ᠳ᠋ᠤᠭᠠᠷ ᠰᠠᠷ᠎ᠠ ᠶᠢᠨ 29 ᠤ ᠡᠳᠦᠷ — 7 ᠳ᠋ᠤᠭᠠᠷ ᠰᠠᠷ᠎ᠠ ᠶᠢᠨ | 1 ᠤ ᠡᠳᠦᠷ᠃ | 2. ᠨᠡᠷ᠎ᠡ ᠮᠡᠳᠡᠭᠦᠯᠬᠦ ᠭᠠᠵᠠᠷ᠄ ᠬᠠᠷᠠᠴᠢᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠪ᠃ | 3. ᠨᠡᠷ᠎ᠡ ᠮᠡᠳᠡᠭᠦᠯᠬᠦ ᠦᠶ᠎ᠡ ᠳᠤ ︽ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠳᠤ ᠢᠯᠭᠠᠪᠤᠷᠢᠯᠠᠯ ᠳᠤ ᠭᠠᠷᠤᠭᠰᠠᠨ ᠬᠥᠮᠦᠰ ᠢ ᠲᠥᠪᠬᠢᠨᠡᠭᠦᠯᠬᠦ ᠭᠤᠶᠤᠴᠢᠯᠠᠯ ᠢ ᠬᠢᠨᠠᠨ ᠪᠠᠶᠢᠴᠠᠭᠠᠬᠤ | ᠬᠦᠰᠦᠨᠦᠭᠳᠦ︾ ᠳᠡᠪᠰᠢᠭᠦᠯᠦᠨ᠎ᠡ᠃ | | ︵ᠭᠤᠷᠪᠠ︶ ᠬᠢᠷᠢ ᠬᠡᠮ ᠢ ᠬᠢᠨᠠᠨ ᠬᠠᠷᠭᠤᠭᠤᠯᠬᠤ | 1. ᠲᠥᠪᠬᠢᠨᠡᠭᠦᠯᠬᠦ ᠪᠠᠷ ᠭᠤᠶᠤᠴᠢᠯᠠᠭᠰᠠᠳ ︽ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠳᠤ ᠢᠯᠭᠠᠪᠤᠷᠢᠯᠠᠯ ᠳᠤ ᠭᠠᠷᠤᠭᠰᠠᠨ ᠬᠥᠮᠦᠰ ᠢ ᠲᠥᠪᠬᠢᠨᠡᠭᠦᠯᠬᠦ ᠭᠤᠶᠤᠴᠢᠯᠠᠯ ᠤᠨ ᠬᠢᠷᠢ ᠬᠡᠮ ᠢ | ᠬᠢᠨᠠᠨ ᠪᠠᠶᠢᠴᠠᠭᠠᠬᠤ ᠬᠦᠰᠦᠨᠦᠭᠳᠦ︾ ᠶᠢ ᠨᠠᠷᠢᠨ ᠬᠢᠨᠠᠮᠠᠭᠠᠢ ᠲᠠᠭᠯᠠᠨ᠎ᠠ᠃ ᠬᠠᠮᠢᠶ᠎ᠠ ᠪᠦᠬᠦᠢ ᠨᠢᠭᠡᠴᠡ ᠳᠤ ᠬᠦᠷᠴᠦ | ᠬᠢᠨᠠᠨ ᠪᠠᠶᠢᠴᠠᠭᠠᠭᠠᠳ ᠲᠠᠮᠠᠭ᠎ᠠ ᠳᠠᠷᠤᠭᠰᠠᠨ ︵ᠰᠢᠶᠠᠩ ᠪᠠᠯᠭᠠᠰᠤ ᠶᠢ ᠬᠠᠰᠤᠵᠤ ᠨᠡᠶᠢᠯᠡᠭᠦᠯᠦᠭᠰᠡᠨ ᠢᠯᠭᠠᠪᠤᠷᠢᠯᠠᠯ ᠳᠤ | ᠭᠠᠷᠭᠠᠭᠰᠠᠨ ᠬᠥᠮᠦᠰ ᠨᠡᠶᠢᠯᠡᠭᠰᠡᠨ ᠤ ᠳᠠᠷᠠᠭᠠᠬᠢ ᠰᠢᠶᠠᠩ ᠪᠠᠯᠭᠠᠰᠤ ᠳᠤ ᠬᠦᠷᠴᠦ ᠲᠠᠮᠠᠭ᠎ᠠ ᠲᠠᠷᠤᠨ᠎ᠠ᠂ ᠳᠣᠷᠣᠭᠰᠢ | ᠠᠳᠠᠯᠢ︶᠂ ᠲᠣᠰ ᠬᠥᠮᠦᠨ ᠤ ᠣᠶᠢᠷ᠎ᠠ ᠶᠢᠨ ᠬᠤᠭᠤᠴᠠᠭᠠᠨ ᠤ ᠬᠦᠬᠡ ᠲᠡᠪᠢᠰᠭᠡᠷ ᠦᠩᠭᠡᠳᠦ 2 ᠢᠮᠠᠬᠤ ᠶᠢᠨ | ᠪᠤᠳᠤᠭᠲᠤ ᠬᠡᠷᠡᠯ ᠵᠢᠷᠤᠭ 1 ᠬᠤᠪᠢ ᠳᠠᠭᠠᠯᠳᠤᠭᠤᠯᠤᠨ᠎ᠠ᠃ | 2. ᠰᠢᠯᠭᠠᠭᠤᠯᠬᠤ ᠪᠠᠷ ᠭᠤᠶᠤᠴᠢᠯᠠᠭᠴᠢ ᠲᠣᠭᠲᠠᠭᠰᠠᠨ ᠴᠠᠭ ᠤᠨ ᠳᠣᠲᠣᠷ᠎ᠠ ᠰᠢᠯᠭᠠᠯᠲᠠ ᠳᠤ ᠣᠷᠣᠯᠴᠠᠬᠤ ᠬᠡᠷᠡᠭᠲᠡᠶ᠂ | ᠰᠢᠯᠭᠠᠯᠲᠠ ᠳᠤ ᠣᠷᠣᠯᠴᠠᠬᠤ ᠥᠬᠡᠶ ᠪᠣᠯ ᠲᠥᠪᠬᠢᠨᠡᠭᠦᠯᠬᠦ ᠬᠢᠷᠢ ᠬᠡᠮ ᠢᠶᠠᠨ ᠬᠠᠶᠠᠭᠰᠠᠨ ᠢᠶᠠᠷ ᠦᠵᠡᠨ᠎ᠡ᠃ | 3. ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ ᠪᠠᠲᠤᠯᠠᠭᠰᠠᠨ ᠤ ᠳᠠᠷᠠᠭ᠎ᠠ᠂ ︽ᠰᠢᠯᠭᠠᠭᠤᠯᠬᠤ ᠵᠥᠪᠰᠢᠶᠡᠷᠡᠯ ᠤᠨ | ᠦᠨᠡᠮᠯᠡᠯ︾ ᠢ ᠨᠢᠭᠡᠳᠦᠯᠲᠡᠶ ᠣᠯᠭᠤᠨ᠎ᠠ᠃ | | ︵ᠳᠥᠷᠪᠡ︶ ᠪᠢᠷ ᠤᠨ ᠰᠢᠯᠭᠠᠯᠲᠠ | 1. ᠪᠢᠷ ᠤᠨ ᠰᠢᠯᠭᠠᠯᠲᠠ ᠶᠢᠨ ᠴᠠᠭ᠄ 2020 ᠣᠨ ᠤ 7 ᠳ᠋ᠤᠭᠠᠷ ᠰᠠᠷ᠎ᠠ ᠶᠢᠨ 4 ᠤ ᠡᠳᠦᠷ᠃ | 2. ᠪᠢᠷ ᠤᠨ ᠰᠢᠯᠭᠠᠯᠲᠠ ᠶᠢᠨ ᠭᠠᠵᠠᠷ᠄ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠭ᠎ᠠ ᠶᠢᠨ ᠲᠣᠪᠴᠢᠶ᠎ᠠ ᠶᠢᠨ ᠬᠤᠷᠠᠯ ᠤᠨ ᠭᠡᠷ᠃ | 3. ᠪᠢᠷ ᠤᠨ ᠰᠢᠯᠭᠠᠯᠲᠠ ᠶᠢᠨ ᠠᠭᠤᠯᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ᠂ ᠴᠠᠭ ᠤᠨ ᠪᠠᠶᠢᠳᠠᠯ ᠤᠨ ᠤᠯᠤᠰ ᠲᠥᠷᠥ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠮᠡᠳᠡᠪᠡᠯ ᠵᠣᠬᠢᠬᠤ ᠮᠡᠳᠡᠯᠭᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠵᠡᠷᠭᠡ᠃ | 4. ᠪᠢᠷ ᠤᠨ ᠰᠢᠯᠭᠠᠯᠲᠠ ᠶᠢᠨ ᠰᠡᠳᠦᠪ ᠤᠨ ᠬᠡᠯᠪᠡᠷᠢ᠄ ᠲᠣᠰ ᠤᠳᠠᠭᠠᠨ ᠤ ᠪᠢᠷ ᠤᠨ ᠰᠢᠯᠭᠠᠯᠲᠠ ᠶᠢᠨ ᠰᠡᠳᠦᠪ ᠤᠨ | ᠬᠡᠯᠪᠡᠷᠢ ᠶᠢ ᠬᠠᠭᠠᠯᠳᠠ ᠲᠠᠭᠯᠠᠬᠤ᠂ ᠰᠣᠩᠭᠤᠬᠤ ᠰᠡᠳᠦᠪ᠂ ᠮᠠᠭᠠᠳᠯᠠᠬᠤ ᠰᠡᠳᠦᠪ ᠪᠠ ᠲᠥᠬᠦᠮ ᠬᠠᠷᠢᠭᠤᠯᠬᠤ | ᠰᠡᠳᠦᠪ ᠵᠡᠷᠭᠡ ᠳᠥᠷᠪᠡᠨ ᠲᠥᠷᠥᠯ ᠤᠨ ᠰᠡᠳᠦᠪ ᠤᠨ ᠬᠡᠯᠪᠡᠷᠢ ᠪᠣᠯᠤᠨ᠎ᠠ᠃ | | ︵ᠲᠠᠪᠤ︶ ᠤᠷᠢᠨ ᠬᠡᠷᠡᠭᠯᠡᠬᠦ | 1. ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠵᠢᠩᠬᠢᠨᠢ ᠪᠠᠷ ᠤᠷᠢᠨ ᠬᠡᠷᠡᠭᠯᠡᠬᠦ ᠭᠠᠷᠳᠠᠮ ᠢ ᠭᠦᠢᠴᠡᠳᠭᠡᠨ᠎ᠡ᠃ | 2. ᠤᠷᠢᠨ ᠬᠡᠷᠡᠭᠯᠡᠭᠳᠡᠭᠰᠡᠨ ᠬᠥᠮᠦᠰ ᠢ ᠠᠵᠢᠯ ᠦᠢᠯᠡᠰ ᠤᠨ ᠣᠷᠣᠨ ᠲᠤᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ | ᠬᠥᠮᠦᠨ ᠬᠡᠷᠡᠭᠯᠡᠬᠦ ᠨᠢᠭᠡᠴᠡ ᠯᠦᠭᠡ ︽ᠠᠵᠢᠯ ᠦᠢᠯᠡᠰ ᠤᠨ ᠨᠢᠭᠡᠴᠡ ᠶᠢᠨ ᠤᠷᠢᠨ ᠬᠡᠷᠡᠭᠯᠡᠬᠦ ᠭᠡᠷ᠎ᠡ︾ ᠲᠤᠭᠳᠠᠨ᠎ᠠ᠃ | 3. ᠤᠷᠢᠭᠳᠠᠭᠰᠠᠨ ᠬᠥᠮᠦᠰ ︽ᠠᠵᠢᠯ ᠦᠶ᠋ᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠳᠦᠷᠢᠮ︾᠂ ︽ | ᠠᠵᠢᠯᠴᠢᠨ ᠤ ᠠᠵᠢᠯ ᠠᠴᠠ ᠪᠠᠨ ᠪᠠᠭᠤᠵᠤ ᠠᠮᠠᠷᠠᠬᠤ᠂ ᠲᠤᠰᠢᠶᠠᠯ ᠠᠴᠠ ᠪᠠᠨ ᠪᠠᠭᠤᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠲᠦᠷ ᠬᠡᠷᠡᠭᠵᠢᠭᠦᠯᠬᠦ ᠠᠷᠭ᠎ᠠ︾ ︵ᠲᠥᠷᠥ ᠲᠠᠷᠬᠠᠭᠠᠭᠰᠠᠨ ﹇1978﹈ 104 ᠳ᠋ᠦᠭᠡᠷ | ᠲᠣᠭᠠᠲᠤ︶ ᠪᠣᠯᠤᠨ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤᠷᠢᠵᠤ ᠬᠡᠷᠡᠭᠯᠡᠬᠦ ᠳᠦᠷᠢᠮ ᠢ ᠲᠤᠷᠰᠢᠨ | ᠬᠡᠷᠡᠭᠵᠢᠭᠦᠯᠬᠦ ᠳᠤ ᠬᠤᠯᠪᠣᠭᠳᠠᠬᠤ ᠴᠠᠯᠢᠩ ᠣᠯᠭᠤᠮᠵᠢ ᠵᠡᠷᠭᠡ ᠠᠰᠠᠭᠤᠳᠠᠯ ᠢ ᠰᠢᠢᠳᠪᠦᠷᠢᠯᠡᠬᠦ ᠰᠠᠨᠠᠯ ︵ᠲᠤᠷᠰᠢᠨ | ᠬᠡᠷᠡᠭᠵᠢᠭᠦᠯᠬᠦ︶ ᠤᠨ ᠲᠤᠬᠠᠶ ᠮᠡᠳᠡᠭᠳᠡᠯ︾ ︵ᠥᠪᠥᠷ ᠬᠥᠮᠦᠨ ᠲᠠᠷᠬᠠᠭᠠᠭᠰᠠᠨ ﹇2004﹈ 105 ᠳ᠋ᠤᠭᠠᠷ | ᠲᠣᠭᠠᠲᠤ︶ ᠢ ᠴᠢᠩᠭ᠎ᠠ ᠵᠢᠷᠤᠮᠯᠠᠨ ᠬᠠᠮᠢᠶᠠᠷᠬᠤ ᠬᠡᠷᠡᠭᠲᠡᠶ᠃ | | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠡᠨᠡ ᠤᠳᠠᠭᠠᠨ ᠤ ᠲᠥᠪᠬᠢᠨᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠦᠯᠦᠭᠡ᠂ | ᠬᠠᠷᠠᠴᠢᠨ ᠬᠤᠰᠢᠭᠤᠨ ᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯᠲᠠᠨ ᠢ | ᠲᠦᠪᠬᠢᠨᠡᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠂ ᠪᠦᠷᠢᠯᠳᠦᠬᠦᠨ ᠨᠢ ᠳᠣᠣᠷᠠᠬᠢ ᠮᠡᠲᠦ᠄ | | ᠳᠤᠭᠤᠶᠢᠯᠠᠩ ᠤᠨ ᠳᠠᠷᠤᠭ᠎ᠠ᠄ ᠸᠧᠨ ᠰᠢᠶᠠᠩ ᠱᠧᠩ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠦᠨ ᠵᠢᠶᠠᠨ ᠯᠦᠩ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ | ᠵᠢᠶᠠ ᠰᠢᠩ ᠸᠧᠨ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ | ᠲᠣᠭᠠᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ | ᠴᠧᠩ ᡁᠢ ᠹᠸᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠭᠡᠰᠢᠭᠦᠨ᠄ ᠯᠦ ᠰᠢᠶᠤᠤ ᠸᠧᠶ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ | ᠭᠦᠸᠧ ᠵᠤᠤ ᠯᠦᠩ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠨ᠎ᠠ᠂ ᠪᠦᠷᠢᠯᠳᠦᠬᠦᠨ ᠨᠢ ᠳᠣᠤᠷᠠᠬᠢ ᠮᠡᠲᠦ᠄ | | ᠡᠷᠬᠢᠯᠡᠭᠴᠢ᠄ ᠭᠦᠸᠧ ᠵᠤᠤ ᠯᠦᠩ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠤᠨ ᠡᠷᠬᠢᠯᠡᠭᠴᠢ | ᠪᠦᠷᠢᠯᠳᠦᠬᠦᠨ᠄ ᠰᠢᠤᠢ ᠶᠢᠩ ᠬᠤᠸᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ | ᠯᠢᠦ ᠴᠢᠩ ᠴᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠡᠳ᠋ ᠳᠠᠷᠤᠭ᠎ᠠ | ᠭᠤᠤ ᠹᠠᠩ ᠬᠤᠸᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠼᠦᠩ ᠰᠢᠶᠣᠤ ᠸᠧᠶ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | |