ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ  ᠪᠠᠶᠢᠭᠤᠯᠭ᠎ᠠ ᠨᠢᠭᠡᠴᠡ ᠳᠤ ᠤᠶᠤᠨᠲᠤ ᠴᠠᠬᠢᠯᠭᠠᠨ ᠴᠡᠨᠡᠭᠯᠡᠬᠦ ᠱᠤᠩ ᠤᠭᠰᠠᠷᠠᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/7/2
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ  ᠪᠠᠶᠢᠭᠤᠯᠭ᠎ᠠ ᠨᠢᠭᠡᠴᠡ ᠳᠤ ᠤᠶᠤᠨᠲᠤ ᠴᠠᠬᠢᠯᠭᠠᠨ ᠴᠡᠨᠡᠭᠯᠡᠬᠦ ᠱᠤᠩ ᠤᠭᠰᠠᠷᠠᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ ︵ ᠬᠠᠷᠠᠴᠢᠨ ᠵᠠᠰᠠᠭ ᠠᠯᠪᠠᠨ ᠥᠰᠥᠭ ︹2020 ︺40 ᠳ᠋ᠦᠭᠡᠷ ᠲᠣᠭᠠᠲᠤ︶ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ᠄    ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠴᠠᠬᠢᠯᠭᠠᠨ‌‍ᠴᠡᠨᠡᠭᠯᠡᠯ ᠬᠡᠷᠡᠭᠯᠡᠬᠦ ᠠᠮᠤᠷ ᠲᠦᠪᠰᠢᠨ ᠤ ᠳᠠᠯᠳᠠ ᠠᠶᠣᠯ ᠢ ᠲᠣᠶᠢᠯᠪᠣᠷᠢᠲᠠᠢ ᠪᠠᠭᠠᠰᠬᠠᠨ᠂ ᠣᠷᠣᠨ ᠰᠠᠭᠤᠴᠠ ᠶᠢᠨ ᠲᠣᠭᠤᠷᠢᠭ ᠳᠣᠲᠣᠷᠠᠬᠢ ᠴᠠᠬᠢᠯᠭᠠᠨ ᠬᠥᠳᠡᠯᠭᠡᠭᠦᠷᠲᠦ ᠲᠡᠷᠭᠡ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠴᠠᠬᠢᠯᠭᠠᠨ ᠤᠲᠠᠰᠤ ᠲᠡᠳᠡᠵᠦ ᠴᠡᠨᠡᠭᠯᠡᠬᠦ ᠠᠶᠤᠯ ᠲᠥᠭᠰᠢᠭᠦᠷᠢ ᠶᠢᠨ ᠠᠰᠠᠭᠤᠳᠠᠯ ᠢ ᠲᠤᠶᠢᠯᠪᠦᠷᠢᠲᠠᠢ ᠰᠢᠢᠳᠪᠦᠷᠢᠯᠡᠬᠦ ᠶᠢᠨ ᠲᠥᠯᠥᠭᠡ᠂᠂ ︽ᠬᠠᠷᠠᠴᠢᠨ ᠬᠤᠰᠢᠭᠤᠨ ᠤ ᠵᠢᠨᠱᠠᠨ ᠭᠤᠣᠯ ᠬᠤᠲᠠ ᠲᠣᠭᠤᠷᠢᠭ ᠤᠨ ᠤᠶᠤᠨᠴᠢᠯᠠᠭᠰᠠᠨ ᠴᠠᠬᠢᠯᠭᠠᠨ ᠴᠡᠨᠡᠭᠯᠡᠬᠦ ᠱᠤᠩ ᠤᠭᠰᠠᠷᠠᠬᠤ ᠶᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠪᠠᠶᠢᠭᠤᠯᠭ᠎ᠠ ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠤᠭᠰᠠᠷᠠᠬᠤ ᠪᠠᠷ ᠪᠤᠯᠪᠠ᠂ ᠬᠠᠮᠢᠶ᠎ᠠ ᠪᠦᠬᠦᠢ ᠤᠴᠢᠷ ᠶᠠᠪᠤᠳᠠᠯ ᠢ ᠲᠤᠤᠷᠠᠬᠢ ᠮᠡᠳᠦ ᠮᠡᠳᠡᠭᠳᠡᠪᠡ᠄    ᠨᠢᠭᠡ᠂ ᠵᠢᠨᠱᠠᠨ ᠭᠤᠤᠯ ᠬᠤᠲᠠ ᠲᠣᠭᠤᠷᠢᠭ ᠤᠨ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ 2020 ᠤᠨ 5 ᠰᠠᠷ᠎ᠠ ᠶᠢᠨ 31 ᠤ ᠡᠳᠦᠷ ᠠᠴᠠ ᠡᠮᠦᠨ᠎ᠡ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠱᠣᠩ ᠤᠭᠰᠠᠷᠠᠬᠤ ᠠᠵᠢᠯ ᠢ ᠳᠠᠭᠤᠰᠬᠠᠨ᠂ ᠪᠦᠬᠦ ᠪᠠᠯᠭᠠᠰᠤ ᠤᠶᠤᠨᠴᠢᠯᠠᠭᠰᠠᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠲᠠᠢ ᠪᠠᠶᠢᠬᠤ ᠶᠢ ᠦᠨᠡᠨᠬᠦ ᠪᠠᠲᠤᠯᠠᠵᠤ᠂ ᠤᠭᠰᠠᠷᠠᠬᠤ ᠵᠠᠷᠤᠳᠠᠯ ᠢ ᠡᠯ᠎ᠡ ᠪᠠᠶᠢᠭᠤᠯᠤᠯᠭ᠎ᠠ ᠨᠢᠭᠡᠴᠡ ᠠᠴᠠ  ᠡᠭᠦᠷᠭᠡᠯᠡᠨ ᠳᠠᠭᠠᠭᠠᠨ᠎ᠠ  ᠃    ᠬᠤᠶᠠᠷ᠂ ᠡᠯ᠎ᠡ ᠨᠢᠭᠡᠴᠡ ᠨᠢ ᠤᠶᠤᠨᠴᠢᠯᠠᠭᠰᠠᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠤᠭᠰᠠᠷᠠᠬᠤ ᠪᠠᠷᠢᠮᠵᠢᠶ᠎ᠠ ᠶᠣᠰᠣᠭᠠᠷ᠂ ᠤᠶᠤᠨᠴᠢᠯᠠᠭᠰᠠᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠦᠢᠯᠡᠳᠭᠦᠨ ᠤ ᠶᠠᠰᠤ ᠴᠢᠨᠠᠷ ᠢᠶᠠᠷ ᠰᠠᠶᠢᠨ᠂ ᠬᠡᠷᠡᠭᠯᠡᠬᠦ ᠳᠤ ᠲᠥᠬᠦᠮ ᠪᠠᠶᠢᠬᠤ᠂ ᠬᠡᠷᠡᠭᠯᠡᠭᠰᠡᠨ ᠤ ᠳᠠᠷᠠᠭ᠎ᠠ ᠠᠷᠠᠴᠢᠯᠠᠨ ᠬᠠᠮᠠᠭᠠᠯᠠᠬᠤ ᠵᠠᠷᠤᠳᠠᠯ ᠪᠠᠭ᠎ᠠ ᠰᠢᠭ᠋ ᠤᠶᠤᠨᠴᠢᠯᠠᠭᠰᠠᠨ ᠴᠠᠬᠢᠯᠭᠠᠨ ᠴᠡᠨᠡᠭᠯᠡᠬᠦ ᠱᠤᠩ ᠢ ᠤᠭᠰᠠᠷᠠᠬᠤ ᠬᠡᠷᠡᠭᠲᠡᠢ᠃    ᠭᠤᠷᠪᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠴᠠᠬᠢᠯᠭᠠᠨ ᠴᠡᠨᠡᠭᠯᠡᠬᠦ ᠱᠣᠩ ᠤᠭᠰᠠᠷᠠᠬᠤ ᠶᠢ ᠵᠢᠯᠣᠭᠤᠳᠬᠤ᠂ ᠰᠢᠯᠭᠠᠨ ᠠᠪᠬᠤ᠂ ᠪᠦᠷᠢᠳᠬᠡᠬᠦ ᠠᠵᠢᠯ ᠢ ᠬᠠᠷᠢᠭᠤᠴᠠᠵᠤ᠂ ᠡᠯ᠎ᠡ ᠨᠢᠭᠡᠴᠡ ᠶᠢᠨ ᠴᠠᠬᠢᠯᠭᠠᠨ ᠴᠡᠨᠡᠭᠯᠡᠬᠦ ᠱᠣᠩ ᠤᠭᠰᠠᠷᠠᠭᠰᠠᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠵᠦ᠂ ᠤᠭᠰᠠᠷᠠᠬᠤ ᠠᠬᠢᠴᠠ ᠤᠳᠠᠭᠠᠨ ᠪᠤᠶᠤ ᠤᠴᠢᠷ ᠰᠢᠯᠲᠠᠭᠠᠨ ᠥᠬᠡᠶ ᠪᠠᠷ ᠤᠭᠰᠠᠷᠠᠬᠤ ᠥᠬᠡᠶ ᠨᠢᠭᠡᠴᠡ ᠶᠢ ᠬᠤᠰᠢᠭᠤᠨ ᠤ ᠵᠠᠰᠠᠭ ᠤᠨ ᠣᠷᠳᠣᠨ ᠠᠴᠠ ᠲᠤᠬᠠᠶ ᠶᠢᠨ ᠲᠠᠯᠠᠪᠠᠶ ᠶᠢᠨ ᠬᠤᠷᠠᠯ ᠬᠤᠷᠠᠯᠳᠤᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠬᠤ  ᠵᠡᠷᠭᠡ ᠬᠡᠯᠪᠡᠷᠢ ᠪᠠᠷ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃     ᠲᠦᠷᠪᠡ᠂ ᠡᠯ᠎ᠡ ᠨᠢᠭᠡᠴᠡ ᠨᠦᠭᠦᠳ 6 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠱᠤᠩ ᠤᠭᠰᠠᠷᠠᠭᠰᠠᠨ ᠪᠠᠶᠢᠳᠠᠯ ᠢᠶᠠᠨ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠳᠠᠯ ᠠᠬᠤᠢ ᠶᠢᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃                             2020 ᠣᠨ ᠤ 5 ᠰᠠᠷ᠎ᠠ ᠶᠢᠨ 6 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号