| ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠤᠰᠤᠨ | ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ ︵ᠬᠠᠷᠠᠴᠢᠨ ᠵᠠᠰᠠᠭ ᠥᠰᠥᠭ︹2020︺71 ᠳ᠋ᠦᠭᠡᠷ ᠲᠣᠭᠠᠲᠤ︶ | | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ | ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ | ᠬᠠᠷᠢᠶ᠎ᠠ ᠪᠠᠶᠢᠭᠤᠯᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄ | | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠢᠴᠢ ︽ᠡᠷᠭᠢᠨ ᠬᠠᠷᠠᠵᠤ︾ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ | ᠂ ᠬᠤᠩᠱᠠᠨ ᠲᠣᠭᠤᠷᠢᠭ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠳᠠᠨ ᠬᠡᠷᠡᠭᠯᠡᠭᠰᠡᠨ ᠣᠷᠣᠨ ᠢ ᠵᠠᠰᠠᠬᠤ | ᠬᠠᠷᠠᠯᠲᠠ ᠶᠢ ᠲᠦᠷᠭᠡᠳᠬᠡᠨ ᠪᠡᠶᠡᠯᠡᠭᠦᠯᠵᠦ᠂ ᠬᠤᠰᠢᠭᠤᠨ ᠤ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ | ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠰᠠᠨ᠂ ︽ᠬᠠᠷᠠᠴᠢᠨ ᠬᠤᠰᠢᠭᠤᠨ ᠤ ᠤᠰᠤᠨ ᠰᠤᠷᠪᠤᠯᠵᠢ ᠶᠢᠨ | ᠬᠤᠳᠳᠤᠭ ᠢ ᠪᠢᠲᠡᠭᠦᠮᠵᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠃ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠯᠪᠠᠤ᠃ | | | | 2020 ᠣᠨ ᠤ 4 ᠰᠠᠷ᠎ᠠ ᠶᠢᠨ 30 ᠤ ᠡᠳᠦᠷ | | | | ᠬᠠᠷᠠᠴᠢᠨ ᠬᠤᠰᠢᠭᠤᠨ ᠤ ᠤᠰᠤᠨ ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠬᠦ ᠠᠵᠢᠯ ᠤᠨ ᠲᠥᠰᠦᠯ | | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠢᠴᠢ ︽ᠡᠷᠭᠢᠨ ᠬᠠᠷᠠᠵᠤ︾ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ | ᠂ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾ ᠢ ᠤᠯᠠᠮ ᠨᠢᠭᠡ ᠠᠯᠬᠤᠮ | ᠲᠤᠤᠱᠯᠠᠭᠤᠯᠤᠨ ᠨᠠᠢᠳᠠᠪᠤᠷᠢᠵᠢᠭᠤᠯᠵᠦ᠂ ᠬᠠᠷᠠᠴᠢᠨ ᠬᠤᠰᠢᠭᠤᠨ ᠤ ᠭᠠᠵᠠᠷ ᠳᠣᠣᠷᠠᠬᠢ ᠤᠰᠤᠨ ᠤ ᠬᠠᠮᠠᠭᠠᠯᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ | ᠠᠷᠪᠠᠳᠤᠭᠠᠷ ᠤᠳᠠᠭᠠᠨ ᠤ ᠥᠷᠭᠡᠳᠬᠡᠭᠰᠡᠨ ᠬᠤᠷᠠᠯ ᠵᠢᠴᠢ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ | ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠲᠥᠰᠦᠯ ᠢ | ᠲᠣᠭᠲᠠᠭᠠᠪᠠ᠃ | | | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | | ᠬᠠᠷᠠᠴᠢᠨ ᠬᠤᠰᠢᠭᠤᠨ ᠤ ᠤᠰᠤᠨ ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠬᠦ ᠠᠵᠢᠯ ᠢ ᠲᠦᠷᠭᠡᠳᠬᠡᠨ | ᠠᠬᠢᠭᠤᠯᠵᠤ᠂ ᠮᠠᠨ ᠤ ᠬᠤᠰᠢᠭᠤ ᠶᠢᠨ 1000 ᠲᠦᠮᠡᠨ ᠺᠥᠪ ᠮᠧᠲᠷ ᠤᠰᠤᠨ ᠤ ᠡᠬᠢ ᠪᠠᠶᠠᠯᠢᠭ ᠢ ᠠᠷᠪᠢᠯᠠᠬᠤ | ᠡᠭᠦᠷᠭᠡ ᠶᠢ ᠡᠷᠲᠡᠬᠡᠨ ᠪᠡᠶᠡᠯᠡᠭᠦᠯᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠮᠠ ᠰᠢᠶᠣᠤ ᠵᠢᠶᠦ᠋ᠨ ᠢ ᠳᠤᠭᠤᠶᠢᠯᠠᠩ ᠤᠨ ᠳᠠᠷᠤᠭ᠎ᠠ ᠪᠣᠯᠭᠠᠨ᠂ ᠬᠠᠮᠢᠶ᠎ᠠ ᠪᠦᠬᠦᠢ ᠰᠢᠶᠠᠩ ᠪᠠᠯᠭᠠᠰᠤ ᠵᠡᠭᠡᠯᠢ | ᠭᠤᠳᠤᠮᠵᠢ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠠᠷᠠᠴᠢᠨ | ᠬᠤᠰᠢᠭᠤᠨ ᠤ ᠤᠰᠤᠨ ᠰᠤᠷᠪᠤᠯᠵᠢ ᠶᠢᠨ ᠬᠤᠳᠳᠤᠭ ᠪᠢᠲᠡᠭᠦᠮᠵᠢᠯᠡᠬᠦ ᠠᠵᠢᠯ ᠤᠨ ᠤᠳᠤᠷᠢᠳᠬᠤ ᠳᠤᠭᠤᠶᠢᠯᠠᠩ ︵ | ᠤᠳᠤᠷᠢᠳᠬᠤ ᠳᠤᠭᠤᠶᠢᠯᠠᠩ ᠤᠨ ᠨᠡᠷᠡᠰ ᠢ ᠠᠷᠤ ᠳᠤ ᠳᠠᠭᠠᠯᠳᠤᠭᠤᠯᠪᠠ︶ ᠢ ᠤᠨᠴᠠᠭᠠᠶᠢᠯᠠᠨ ᠪᠠᠶᠢᠭᠤᠯᠪᠠ᠂ ᠤᠰᠤᠨ | ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠬᠦ ᠡᠯ᠎ᠡ ᠵᠦᠢᠯ ᠤᠨ ᠠᠵᠢᠯ ᠢ ᠵᠢᠯᠣᠭᠤᠳᠣᠨ ᠤᠳᠤᠷᠢᠳᠤᠨ᠎ᠠ᠃ | | ᠬᠤᠶᠠᠷ᠂ ᠤᠰᠤᠨ ᠰᠤᠷᠪᠤᠯᠵᠢ ᠶᠢᠨ ᠬᠤᠳᠳᠤᠭ ᠶᠢ ᠪᠢᠲᠡᠭᠦᠮᠵᠢᠯᠡᠬᠦ ᠬᠡᠪᠴᠢᠶ᠎ᠡ | | ᠭᠠᠵᠠᠷ ᠣᠷᠣᠨ ᠤ ᠬᠦᠷᠢᠶ᠎ᠡ ᠬᠡᠪᠴᠢᠶ᠎ᠡ᠄ ᠬᠠᠷᠠᠴᠢᠨ ᠬᠤᠰᠢᠭᠤᠨ ᠤ ᠬᠢᠯᠢ ᠳᠣᠲᠣᠷᠠᠬᠢ ᠰᠢᠪᠡᠭᠡ ᠭᠤᠤᠯ | ᠳᠠᠭᠠᠤ ᠶᠢᠨ ᠪᠣᠶ ᠪᠥᠬᠦᠶ ᠤᠰᠤᠯᠠᠯᠲᠠ ᠶᠢ ᠵᠤᠭᠰᠤᠭᠠᠬᠤ ᠤᠰᠤᠨ ᠪᠦᠰᠡ᠂ ᠾᠧ ᠮᠧᠶ ᠠᠵᠤ ᠦᠢᠯᠡᠳᠪᠦᠷᠢ | ᠠᠷᠠᠯᠵᠢᠶᠠᠨ ᠤ ᠲᠣᠭᠤᠷᠢᠭ ᠤᠨ ᠣᠯᠠᠨ ᠨᠡᠶᠢᠲᠡ ᠶᠢᠨ ᠤᠰᠤ ᠬᠠᠩᠭᠠᠬᠤ ᠪᠠ ᠴᠡᠪᠡᠷᠰᠢᠭᠦᠯᠦᠭᠰᠡᠨ ᠤᠰᠤᠨ ᠤ | ᠺᠣᠮᠫᠠᠨᠢ ᠶᠢᠨ ᠤᠰᠤᠨ ᠬᠤᠭᠤᠯᠠᠶ ᠶᠢᠨ ᠲᠣᠤᠷ ᠤᠨ ᠪᠦᠷᠬᠦᠴᠡ ᠣᠷᠣᠨ ᠪᠦᠰᠡ ᠶᠢᠨ ᠳᠣᠲᠣᠷᠠᠬᠢ ᠪᠣᠶ ᠪᠥᠬᠦᠶ | ᠥᠪᠡᠷᠲᠡᠭᠡᠨ ᠮᠠᠯᠳᠠᠭᠰᠠᠨ ᠪᠡᠯᠡᠳᠬᠡᠯ ᠤᠰᠤᠨ ᠬᠤᠳᠳᠤᠭ ᠢ ᠴᠥᠮ ᠪᠢᠲᠡᠭᠦᠮᠵᠢᠯᠡᠬᠦ ᠬᠡᠷᠡᠭᠲᠡᠶ᠃ ᠣᠷᠣᠨ ᠪᠦᠰᠡ ᠶᠢᠨ | ᠳᠣᠤᠷᠠᠬᠢ ᠳᠥᠷᠪᠡᠨ ᠵᠦᠢᠯ ᠤᠨ ᠥᠪᠡᠷ ᠲᠡᠭᠡᠨ ᠮᠠᠯᠲᠠᠭᠰᠠᠨ ᠪᠡᠯᠡᠳᠬᠡᠯ ᠤᠰᠤᠨ ᠬᠤᠳᠳᠤᠭ ᠡᠭᠦᠨ ᠳᠤ ᠪᠠᠭᠲᠠᠬᠤ | ᠦᠭᠡᠢ᠃ | | ︵1︶ ᠢᠳᠡᠭᠡᠨ᠂ ᠡᠮ ᠦᠢᠯᠡᠳᠬᠦ ᠠᠵᠤ ᠠᠬᠤᠶᠢᠯᠠᠯ︔ | | ︵2︶ ᠴᠡᠷᠢᠭ ᠴᠠᠭᠳᠠᠭᠠᠨ ᠤ ᠨᠢᠭᠡᠴᠡ︔ | | ︵3︶ ᠤᠰᠤᠨ ᠤ ᠡᠬᠢ ᠰᠤᠷᠪᠤᠯᠵᠢ ᠶᠢᠨ ᠣᠷᠣᠨ ᠤ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠣᠷᠣᠨ ᠤ | ᠳᠣᠲᠣᠷᠠᠬᠢ ᠨᠣᠭᠤᠭᠠᠷᠠᠭᠤᠯᠤᠯᠲᠠ ᠶᠢᠨ ᠬᠤᠳᠳᠤᠭ︔ | | ︵4︶ ᠴᠡᠭᠴᠡᠯᠡᠨ ᠰᠠᠶᠢᠵᠢᠷᠠᠭᠤᠯᠬᠤ ᠬᠡᠪᠴᠢᠶᠡᠨ ᠳᠤ ᠣᠷᠣᠭᠤᠯᠤᠭᠰᠠᠨ ᠭᠠᠵᠠᠷ ᠤᠨ ᠢᠯᠴᠢ ᠶᠢᠨ ᠬᠥᠭᠡᠷᠭᠡ᠃ | | ᠭᠤᠷᠪᠠ᠂ ᠴᠠᠭ ᠬᠤᠭᠤᠴᠠᠭᠠᠨ ᠤ ᠲᠣᠬᠢᠷᠠᠭᠤᠯᠤᠯᠲᠠ | | ︵1︶ ᠤᠬᠠᠭᠤᠯᠤᠨ ᠳᠠᠶᠢᠴᠢᠯᠠᠬᠤ ᠱᠠᠲᠤ ᠦᠶ᠎ᠡ | | ᠴᠠᠭ᠄ 2020 ᠣᠨ ᠤ 3 ᠰᠠᠷ᠎ᠠ ᠶᠢᠨ 15 ᠤ ᠡᠳᠦᠷ — 2020 ᠣᠨ ᠤ 3 ᠰᠠᠷ᠎ᠠ ᠶᠢᠨ 24 ᠤ ᠡᠳᠦᠷ᠃ | | ᠲᠧᠯᠸᠢᠰ᠂ ᠵᠠᠮ ᠬᠠᠷᠢᠯᠴᠠᠭᠠᠨ ᠤ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠰᠦᠯᠵᠢᠶᠡᠨ ᠤ ᠵᠠᠭᠤᠴᠢᠯᠠᠭᠤᠷ ᠵᠡᠷᠭᠡ | ᠠᠷᠭ᠎ᠠ ᠮᠠᠶ᠋ᠢᠭ ᠢ ᠠᠰᠢᠭᠯᠠᠨ᠂ ︽ᠤᠯᠠᠭᠠᠨᠬᠠᠳᠠ ᠬᠤᠲᠠ ᠶᠢᠨ ᠲᠥᠪ ᠲᠣᠭᠤᠷᠢᠭ ᠤᠨ ᠥᠪᠡᠷᠲᠡᠭᠡᠨ ᠪᠡᠯᠡᠳᠬᠡᠭᠰᠡᠨ | ᠤᠰᠤᠨ ᠰᠤᠷᠪᠤᠯᠵᠢ ᠶᠢᠨ ᠬᠤᠳᠳᠤᠭ ᠢ ᠪᠢᠳᠡᠭᠦᠮᠵᠢᠯᠡᠬᠦ ᠵᠠᠷᠯᠠᠯ︾ ᠢ ᠨᠡᠶᠢᠲᠡᠯᠡᠬᠦ ᠪᠠ ᠨᠠᠭᠠᠨ ᠤᠬᠠᠭᠤᠯᠬᠤ᠃ | | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠮᠡᠶᠢᠷᠡᠨ ᠪᠠᠯᠭᠠᠰᠤ᠂ | ᠸᠠᠩ ᠤᠨ ᠣᠷᠳᠣᠨ ᠪᠠᠯᠭᠠᠰᠤ᠂ ᠶᠢᠨ ᠱᠠᠨ ᠪᠠᠯᠭᠠᠰᠤ᠂ ᠨᠢᠤ ᠵᠢᠶᠠ ᠶᠢᠩᠽᠢ ᠪᠠᠯᠭᠠᠰᠤ᠂ ᠾᠧᠨᠠᠨ ᠵᠡᠭᠡᠯᠢ ᠭᠤᠳᠤᠮᠵᠢ | ᠂ ᠾᠧᠪᠧᠶ ᠵᠡᠭᠡᠯᠢ ᠭᠤᠳᠤᠮᠵᠢ᠂ ᠠᠵᠤ ᠠᠬᠤᠢ ᠶᠢᠨ ᠨᠡᠬᠡᠭᠡᠯᠲᠡ ᠶᠢᠨ ᠲᠣᠭᠤᠷᠢᠭ᠂ ᠤᠰᠤᠨ ᠠᠰᠢᠭᠯᠠᠯᠲᠠ ᠶᠢᠨ | ᠲᠣᠪᠴᠢᠶ᠎ᠠ᠃ | | ︵2︶ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠲᠤ ︵ᠾᠧ ᠮᠧᠢ ᠠᠵᠤ ᠦᠢᠯᠡᠳᠪᠦᠷᠢ | ᠠᠷᠠᠯᠵᠢᠶᠠᠨ ᠤ ᠲᠣᠭᠤᠷᠢᠭ︶ | ᠴᠠᠭ᠄ 2020 ᠣᠨ ᠤ 3 ᠰᠠᠷ᠎ᠠ ᠶᠢᠨ 24 ᠤ ᠡᠳᠦᠷ — 2020 ᠣᠨ ᠤ 4 ᠰᠠᠷ᠎ᠠ ᠶᠢᠨ 10 ᠤ ᠡᠳᠦᠷ | | ᠥᠪᠡᠰᠦᠪᠡᠨ ᠪᠠᠶᠢᠴᠠᠭᠠᠵᠤ ᠳᠠᠩᠰᠠᠯᠠᠬᠤ᠄ ᠥᠪᠡᠰᠦᠪᠡᠨ ᠮᠠᠯᠲᠠᠭᠰᠠᠨ ᠪᠡᠯᠡᠳᠬᠡᠯ ᠤᠰᠤᠨ ᠬᠤᠳᠳᠤᠭ ᠬᠡᠷᠡᠭᠯᠡᠭᠴᠢ ︵ | ᠤᠰᠤ ᠬᠠᠩᠭᠠᠬᠤ ᠠᠵᠤ ᠠᠬᠤᠶᠢᠯᠠᠯ ᠪᠠᠭᠲᠠᠨ᠎ᠠ︶ ᠨᠢ 2020 ᠣᠨ ᠤ 4 ᠰᠠᠷ᠎ᠠ ᠶᠢᠨ 20 ᠤ ᠡᠳᠦᠷ ᠠᠴᠠ | ᠡᠮᠦᠨ᠎ᠡ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠱᠠᠭᠠᠷᠳᠠᠨ ᠂ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠬᠦᠷᠴᠦ ᠳᠠᠩᠰᠠᠯᠠᠭᠤᠯᠵᠤ᠂ ᠳᠠᠩᠰᠠ ᠡᠪᠬᠡᠮᠡᠯ | ᠪᠠᠶᠢᠭᠤᠯᠬᠤ ᠬᠡᠷᠡᠭᠲᠡᠶ᠃ | | ᠣᠷᠣᠨ ᠪᠦᠰᠡ ᠶᠢᠨ ᠵᠠᠷᠯᠠᠯ᠄ 2020 ᠤᠨ 4 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 10 ᠤ ᠡᠳᠦᠷ | ᠪᠣᠯᠲᠠᠯ᠎ᠠ᠂ ᠬᠤᠳᠳᠤᠭ ᠪᠢᠲᠡᠭᠦᠮᠵᠢᠯᠡᠬᠦ ᠨᠡᠷᠡᠰ᠂ ᠪᠢᠲᠡᠭᠦᠮᠵᠢᠯᠡᠬᠦ ᠠᠷᠭ᠎ᠠ ᠮᠠᠶ᠋ᠢᠭ ᠵᠢᠴᠢ ᠬᠤᠳᠳᠤᠭ ᠪᠢᠲᠡᠭᠦᠮᠵᠢᠯᠡᠬᠦ | ᠴᠠᠭ ᠬᠤᠭᠤᠴᠠᠭ᠎ᠠ ᠶᠢ ᠢᠯᠡ ᠨᠡᠶᠢᠲᠡᠯᠡᠬᠦ ᠶᠢᠨ ᠬᠠᠮᠲᠤ ᠰᠠᠨᠠᠯ ᠰᠣᠨᠣᠰᠬᠤ ᠬᠡᠷᠡᠭᠲᠡᠶ᠃ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠨᠡᠶᠢᠭᠡᠮ ᠤᠨ ᠬᠢᠨᠠᠯᠲᠠ ᠪᠠ ᠣᠯᠠᠨ ᠲᠦᠮᠡᠨ ᠤ ᠱᠠᠩᠨᠠᠯᠲᠤ ᠮᠡᠳᠡᠭᠦᠯᠦᠯᠲᠡ ᠶᠢ ᠬᠦᠯᠢᠶᠡᠨ | ᠠᠪᠤᠨ᠎ᠠ᠃ ᠢᠯᠡᠴᠢᠯᠡᠨ ᠮᠡᠳᠡᠭᠦᠯᠬᠦ ᠤᠲᠠᠰᠤ 0476 — 3755333 | ᠬᠠᠷᠢᠭᠤᠴᠠᠬᠤ ᠰᠠᠯᠠᠭ᠎ᠠ ᠮᠥᠴᠢᠷ᠄ ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶ᠎ᠠ᠂ ᠠᠵᠤ ᠠᠬᠤᠢ ᠶᠢᠨ | ᠨᠡᠭᠡᠬᠡᠯᠲᠡ ᠶᠢᠨ ᠲᠤᠭᠤᠷᠢᠭ | | ︵3︶ ᠪᠢᠲᠡᠭᠦᠮᠵᠢᠯᠡᠨ ᠬᠡᠷᠡᠭᠵᠢᠭᠦᠯᠬᠦ ᠱᠠᠲᠤ ᠦᠶ᠎ᠡ | ᠴᠠᠭ᠄ 2020 ᠣᠨ ᠤ 4 ᠰᠠᠷ᠎ᠠ ᠶᠢᠨ 11 ᠤ ᠡᠳᠦᠷ — 2020 ᠣᠨ ᠤ 5 ᠰᠠᠷ᠎ᠠ ᠶᠢᠨ 20 ᠤ ᠡᠳᠦᠷ | | 1. ᠾᠧ ᠮᠧᠶ ᠠᠵᠤ ᠦᠶ᠋ᠯᠡᠳᠪᠦᠷᠢ ᠠᠷᠠᠯᠵᠢᠶᠠᠨ ᠤ ᠲᠣᠭᠤᠷᠢᠭ ᠤᠨ ᠣᠯᠠᠨ ᠨᠡᠶᠢᠲᠡ ᠶᠢᠨ ᠤᠰᠤ ᠬᠠᠩᠭᠠᠬᠤ ᠪᠠ | ᠴᠡᠪᠡᠷᠰᠢᠭᠦᠯᠦᠭᠰᠡᠨᠣᠰᠣᠨ ᠤ ᠺᠤᠮᠫᠠᠨᠢ ᠶᠢᠨ ᠤᠰᠤᠨ ᠤ ᠬᠤᠭᠤᠯᠠᠶ ᠶᠢᠨ ᠲᠣᠤᠷ ᠤᠨ ᠪᠦᠷᠬᠦᠴᠡ ᠶᠢᠨ ᠣᠷᠣᠨ | ᠪᠦᠰᠡ | | ᠬᠤᠳᠳᠤᠭ ᠢᠶᠠᠨ ᠥᠪᠡᠷᠲᠡᠭᠡᠨ ᠪᠢᠲᠡᠭᠦᠮᠵᠢᠯᠡᠬᠦ᠄ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠤᠰᠤ ᠬᠡᠷᠡᠭᠯᠡᠬᠦ ᠡᠷᠦᠬᠡ ᠳᠤ ᠬᠤᠭᠤᠴᠠᠭ᠎ᠠ ᠬᠢᠵᠠᠭᠠᠷᠯᠠᠨ ᠬᠤᠳᠳᠤᠭ | ᠪᠢᠲᠡᠭᠦᠮᠵᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠤᠰᠤ ᠬᠡᠷᠡᠭᠯᠡᠬᠦ ᠡᠷᠦᠬᠡ ᠨᠢ ᠬᠤᠳᠳᠤᠭ ᠪᠢᠲᠡᠭᠦᠮᠵᠢᠯᠡᠬᠦ | ᠮᠡᠳᠡᠭᠳᠡᠯ ᠤᠨ ᠪᠢᠴᠢᠭ ᠢ ᠣᠯᠤᠭᠰᠠᠨ 7 ᠡᠳᠦᠷ ᠤᠨ ᠳᠣᠲᠣᠷ᠎ᠠ ᠤᠰᠤ ᠬᠡᠷᠡᠭᠯᠡᠬᠦ ᠪᠤᠰᠤᠳ ᠠᠷᠭ᠎ᠠ ᠬᠡᠮᠵᠢᠶ᠎ᠡ ᠪᠠᠨ | ᠭᠤᠶᠤᠴᠢᠯᠠᠨ᠂ ᠤᠤᠯ ᠤᠨ ᠤᠰᠤ ᠳᠠᠲᠠᠬᠤ ᠲᠥᠬᠦᠭᠡᠷᠦᠮᠵᠢ ᠶᠢ ᠨᠤᠷᠠᠭᠠᠨ ᠡᠪᠳᠡᠯᠡᠵᠦ᠂ ᠥᠪᠡᠷᠲᠡᠭᠡᠨ ᠮᠠᠯᠲᠠᠭᠰᠠᠨ | ᠤᠰᠤᠨ ᠬᠤᠳᠳᠤᠭ ᠢ ᠪᠢᠲᠡᠭᠦᠮᠵᠢᠯᠡᠨ᠎ᠡ᠃ ᠪᠢᠲᠡᠭᠦᠮᠵᠢᠯᠡᠬᠦ ᠶᠠᠪᠤᠴᠠ ᠳᠤ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠵᠢᠴᠢ ᠤᠰᠤ ᠬᠠᠩᠭᠠᠬᠤ ᠠᠵᠤ ᠠᠬᠤᠶᠢᠯᠠᠯ ᠤᠨ ᠠᠵᠢᠯᠲᠠᠨ ᠲᠤᠬᠠᠶ ᠶᠢᠨ ᠲᠠᠯᠠᠪᠤᠷ ᠲᠤ ᠢᠷᠡᠵᠦ ᠬᠢᠨᠠᠯᠲᠠ | ᠲᠠᠯᠪᠢᠵᠤ᠂ ᠬᠤᠳᠳᠤᠭ ᠢ ᠬᠠᠭᠤᠷᠮᠠᠭ ᠢᠶᠠᠷ ᠪᠢᠲᠡᠭᠦᠮᠵᠢᠯᠡᠬᠦ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ | ᠡᠭᠦᠨ ᠤ ᠬᠠᠮᠲᠤ ᠤᠰᠤ ᠬᠠᠩᠭᠠᠬᠤ ᠠᠵᠤ ᠠᠬᠤᠶᠢᠯᠠᠯ ᠨᠢ ᠭᠤᠶᠤᠴᠢᠯᠠᠯ ᠢ ᠣᠯᠤᠭᠰᠠᠨ ᠤ ᠳᠠᠷᠠᠭ᠎ᠠ 5 ᠡᠳᠦᠷ ᠤᠨ | ᠳᠣᠲᠤᠷ᠎ᠠ ᠤᠷᠤᠯᠠᠨ ᠬᠡᠷᠡᠭᠯᠡᠬᠦ ᠤᠰᠤᠨ ᠰᠤᠷᠪᠤᠯᠵᠢ ᠶᠢ ᠵᠠᠯᠭᠠᠵᠤ ᠨᠡᠪᠲᠡᠷᠡᠭᠦᠯᠬᠦ ᠬᠡᠷᠡᠭᠲᠡᠶ᠃ | | ᠠᠯᠪᠠᠳᠠᠯᠭ᠎ᠠ ᠪᠠᠷ ᠬᠤᠳᠳᠤᠭ ᠪᠢᠲᠡᠭᠦᠮᠵᠢᠯᠡᠬᠦ᠄ ᠲᠤᠭᠲᠠᠭᠰᠠᠨ ᠴᠠᠭ ᠤᠨ ᠬᠢᠵᠠᠭᠠᠷ ᠤᠨ ᠳᠣᠲᠣᠷ᠎ᠠ ᠬᠤᠭᠤᠴᠠᠭ᠎ᠠ | ᠦᠩᠭᠡᠷᠡᠭᠰᠡᠨ ᠪᠠᠶᠢᠳᠠᠯ᠎ᠠ ᠬᠤᠳᠳᠤᠭ ᠢᠶᠠᠨ ᠪᠢᠲᠡᠭᠦᠮᠵᠢᠯᠡᠬᠦ ᠦᠭᠡᠢ ᠪᠠᠷ ᠤᠰᠤ ᠬᠡᠷᠡᠭᠯᠡᠬᠦ ᠡᠷᠦᠬᠡ᠂ ᠣᠯᠠᠨ | ᠲᠦᠮᠡᠨ ᠤ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠶ ᠪᠠᠶᠢᠵᠤ ᠤᠰᠤ ᠬᠡᠷᠡᠭᠯᠡᠭᠰᠡᠨ ᠡᠷᠦᠬᠡ ᠶᠢ ᠬᠤᠰᠢᠭᠤᠨ ᠤ | ᠤᠰᠤᠨ ᠠᠰᠢᠭᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠲᠣᠷᠭᠠᠬᠤ ᠳᠦᠷᠢᠮ ᠤᠨ | ᠳᠡᠭᠡᠳᠦ ᠬᠡᠮᠵᠢᠶ᠎ᠡ ᠶᠢᠨ ᠰᠢᠳᠭᠡᠯ ᠥᠭᠭᠦᠨ᠎ᠡ᠃ ᠲᠡᠷᠡᠴᠢᠯᠡᠨ ᠤᠰᠤᠨ ᠬᠤᠳᠳᠤᠭ ᠢ ᠨᠢ ᠠᠯᠪᠠᠳᠠᠨ ᠪᠢᠲᠡᠭᠦᠮᠵᠢᠯᠡᠵᠦ᠂ | ᠬᠡᠷᠡᠭᠰᠡᠬᠦ ᠵᠠᠷᠤᠳᠠᠯ ᠢ ᠤᠰᠤ ᠬᠡᠷᠡᠭᠯᠡᠬᠦ ᠡᠷᠥᠭᠡ ᠥᠪᠡᠷ ᠲᠡᠭᠡᠨ ᠬᠠᠷᠢᠭᠤᠴᠠᠨ᠎ᠠ᠃ | | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠠᠵᠤ ᠠᠬᠤᠶ ᠶᠢᠨ | ᠨᠡᠬᠡᠭᠡᠯᠲᠡ ᠶᠢᠨ ᠲᠣᠭᠤᠷᠢᠭ᠂ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠬᠠᠳᠠ ᠶᠢᠨ ᠯᠦᠩ | ᠶᠤᠸᠠᠨ ᠤᠰᠤ ᠬᠠᠩᠭᠠᠬᠤ ᠺᠣᠮᠫᠠᠨᠢ᠃ | 2. ᠰᠢᠪᠡᠭᠡ ᠭᠤᠤᠯ ᠳᠠᠭᠠᠤ ᠤᠰᠤᠯᠠᠯᠲᠠ ᠶᠢ ᠵᠤᠭᠰᠤᠭᠠᠬᠤ ᠣᠷᠣᠨ ᠪᠦᠰᠡ | 2020 ᠣᠨ ᠤ 4 ᠰᠠᠷ᠎ᠠ ᠶᠢᠨ 20 ᠤ ᠡᠳᠦᠷ ᠠᠴᠠ ᠡᠬᠢᠯᠡᠨ 5 ᠰᠠᠷ᠎ᠠ ᠶᠢᠨ 31 ᠤ ᠡᠳᠦᠷ ᠪᠣᠯᠲᠠᠯᠠᠬᠢ | ᠬᠤᠭᠤᠴᠠᠭᠠᠨ ᠳᠤ᠂ ᠤᠰᠤᠯᠠᠯᠲᠠ ᠶᠢ ᠵᠤᠭᠰᠤᠭᠠᠬᠤ ᠣᠷᠣᠨ ᠤ ᠬᠡᠪᠴᠢᠶᠡᠨ ᠳᠠᠬᠢ ᠤᠰᠤᠨ ᠰᠤᠷᠪᠤᠯᠵᠢ ᠶᠢᠨ | ᠬᠤᠳᠳᠤᠭ ᠢ ᠪᠦᠬᠦᠨ ᠢ ᠪᠢᠲᠡᠭᠦᠮᠵᠢᠯᠡᠨ ᠬᠡᠷᠡᠭᠯᠡᠬᠦ ᠶᠢ ᠵᠤᠭᠰᠤᠭᠠᠨ᠎ᠠ᠃ | | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠤᠰᠤᠯᠠᠯᠳᠠ ᠶᠢᠨ | ᠣᠷᠣᠨ ᠪᠦᠰᠡ ᠳᠤ ᠪᠠᠶᠢᠭ᠎ᠠ ᠰᠢᠶᠠᠩ ᠪᠠᠯᠭᠠᠰᠤ ᠵᠡᠭᠡᠯᠢ ᠭᠤᠳᠤᠮᠵᠢ᠃ | ᠳᠥᠷᠪᠡ᠂ ᠪᠢᠲᠡᠭᠦᠮᠵᠢᠯᠡᠬᠦ ᠠᠷᠭ᠎ᠠ ᠮᠠᠶ᠋ᠢᠭ | ᠴᠠᠬᠢᠯᠭᠠᠨ ᠤ ᠰᠣᠷᠪᠤᠯᠵᠢ ᠶᠢ ᠨᠢ ᠵᠤᠭᠰᠤᠭᠠᠵᠤ᠂ ᠤᠰᠦᠠ ᠤ ᠬᠤᠳᠳᠤᠭ ᠪᠠᠶᠢᠭ᠎ᠠ ᠪᠠᠶᠢᠷᠢ ᠶᠢᠨ ᠠᠳᠠᠯᠢ ᠪᠤᠰᠤ ᠶᠢ | ᠦᠨᠳᠦᠰᠦᠯᠡᠨ ᠡᠷᠭᠦᠭᠦᠷ ᠲᠡᠷᠭᠡ ᠪᠤᠶᠤ ᠭᠤᠯᠭᠤᠭᠤᠷ ᠬᠦᠷᠳᠦ ᠶᠢᠨ ᠠᠷᠭ᠎ᠠ ᠪᠠᠷ ᠤᠰᠦᠠ ᠬᠥᠭᠡᠷᠭᠡ ᠶᠢ ᠳᠡᠭᠦᠵᠢᠯᠡᠨ | ᠭᠠᠷᠭᠠᠬᠤ ᠶᠢᠨ ᠬᠠᠮᠲᠤ ᠬᠤᠳᠳᠤᠭ ᠤᠨ ᠬᠡᠪᠡᠯᠢ ᠳᠣᠲᠣᠷ᠎ᠠ ᠪᠧᠲ᠋ᠤᠨ ᠴᠢᠳᠬᠤᠬᠤ ᠠᠷᠭ᠎ᠠ ᠪᠠᠷ ᠬᠤᠳᠳᠤᠭ ᠢ | ᠪᠢᠲᠡᠭᠦᠮᠵᠢᠯᠡᠨ᠂ ᠬᠤᠳᠳᠤᠭ ᠤᠨ ᠭᠡᠷ ᠤᠨ ᠭᠠᠳᠠᠨ᠎ᠠ ᠪᠢᠲᠡᠭᠦᠮᠵᠢᠯᠡᠬᠦ ᠬᠠᠭᠤᠳᠠᠰᠤ ᠨᠠᠭᠠᠨ᠎ᠠ᠃ | ᠲᠠᠪᠤ᠂ ᠵᠣᠬᠢᠶᠠᠨ ᠪᠠᠶᠢᠭᠤᠯᠵᠤ ᠰᠢᠯᠭᠠᠨ ᠠᠪᠬᠤ | ᠴᠠᠭ᠄ 2020 ᠣᠨ ᠤ 5 ᠰᠠᠷ᠎ᠠ ᠶᠢᠨ 21 ᠤ ᠡᠳᠦᠷ — 2020 ᠣᠨ ᠤ 5 ᠰᠠᠷ᠎ᠠ ᠶᠢᠨ 31 ᠤ ᠡᠳᠦᠷ | | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠬᠢᠨᠠᠯᠲᠠ ᠲᠠᠯᠪᠢᠬᠤ᠂ ᠪᠠᠶᠢᠴᠠᠭᠠᠬᠤ᠂ ᠰᠢᠯᠭᠠᠨ ᠠᠪᠬᠤ | ᠠᠵᠢᠯ ᠢ ᠬᠠᠷᠢᠭᠤᠴᠠᠨ᠎ᠠ᠃ | | ᠵᠢᠷᠭᠤᠭ᠎ᠠ᠂ ᠪᠣᠳᠠᠲᠠᠶ ᠬᠡᠷᠡᠭᠵᠢᠭᠦᠯᠬᠦ ᠭᠠᠵᠠᠷ ᠵᠢᠴᠢ ᠬᠤᠳᠳᠤᠭ ᠪᠢᠲᠡᠭᠦᠮᠵᠢᠯᠡᠬᠦ ᠲᠤᠭ᠎ᠠ ᠬᠡᠮᠵᠢᠶ᠎ᠡ | | 1. ᠾᠧ ᠮᠧᠶ ᠠᠵᠤ ᠦᠶ᠋ᠯᠡᠳᠪᠦᠷᠢ ᠠᠷᠠᠯᠵᠢᠶᠠᠨ ᠤ ᠲᠣᠭᠤᠷᠢᠭ᠄ ᠥᠪᠡᠰᠦᠪᠡᠨ ᠮᠠᠯᠲᠠᠭᠰᠠᠨ ᠪᠡᠯᠡᠳᠬᠡᠯ ᠤᠰᠤᠨ | ᠬᠤᠳᠳᠤᠭ 16 ᠰᠠᠭᠤᠷᠢ᠂ ᠬᠤᠲᠠ ᠲᠣᠭᠤᠷᠢᠭᠰᠠᠨ ᠤᠰᠤᠨ ᠰᠢᠰᠲ᠋ᠧᠮ ᠤᠨ ᠨᠣᠭᠤᠭᠠᠷᠠᠭᠤᠯᠤᠯᠲᠠ ᠶᠢᠨ ᠬᠤᠳᠳᠤᠭ | 14 ᠰᠠᠭᠤᠷᠢ᠃ | | 2. ᠨᠢᠦ ᠵᠢᠶᠠ ᠶᠢᠩᠽᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠄ ᠨᠢᠦ ᠵᠢᠶᠠ ᠶᠢᠩᠽᠢ | ᠪᠠᠯᠭᠠᠰᠤᠨ ᠤ ᠨᠠᠨ ᠬᠤᠸᠠᠩ ᠲᠣᠰᠬᠤᠨ ᠳᠤ ᠪᠠᠶᠢᠷᠢᠯᠠᠵᠤ ᠪᠤᠶ᠃ 7000 ᠮᠦ ᠭᠠᠵᠠᠷ ᠢ ᠨᠢᠭᠡᠨᠲᠡ ᠲᠠᠲᠠᠪᠤᠷᠢᠯᠠᠵᠤ | ᠳᠠᠭᠤᠰᠪᠠ᠂ ᠨᠡᠶᠢᠲᠡ 18 ᠤᠰᠤᠨ ᠰᠤᠷᠪᠤᠯᠵᠢ ᠶᠢᠨ ᠬᠤᠳᠳᠤᠭ ︵ᠡᠮᠦᠨᠡᠬᠢ ᠬᠤᠭᠤᠴᠠᠭᠠᠨ ᠳᠤ ᠭᠠᠵᠠᠷ ᠢᠶᠠᠨ | ᠲᠠᠲᠠᠪᠤᠷᠢᠯᠠᠬᠤ ᠦᠶ᠎ᠡ ᠳᠤ ᠳᠡᠭᠡᠷ᠎ᠡ ᠳᠤᠷᠠᠳᠤᠭᠰᠠᠨ ᠤᠰᠤᠨ ᠰᠤᠷᠪᠤᠯᠵᠢ ᠶᠢᠨ ᠬᠤᠳᠳᠤᠭ ᠢ ᠲᠠᠲᠠᠪᠤᠷᠢᠯᠠᠭᠰᠠᠨ ᠦᠭᠡᠶ | ᠃ ᠥᠮᠴᠢᠯᠡᠬᠦ ᠡᠷᠬᠡ ᠨᠢ ᠤᠳᠤ ᠪᠠᠰᠠ ᠭᠠᠴᠠᠭᠠᠨ ᠤ ᠬᠠᠮᠲᠤ ᠨᠡᠶᠢᠳᠡ ᠪᠤᠶᠤ ᠬᠤᠪᠢ ᠬᠥᠮᠦᠨ ᠳᠤ ᠬᠠᠷᠢᠶᠠᠯᠠᠭᠳᠠᠨ᠎ᠠ︶ | ᠃ | | 3. ᠵᠢᠨᠱᠠᠨ ᠪᠠᠯᠭᠠᠰᠤᠨ ᠤ ᠯᠦᠩᠱᠠᠨ ᠤ ᠬᠠᠯᠠᠭᠤᠨ ᠷᠠᠰᠢᠶᠠᠨ ᠤ ᠵᠢᠵᠢᠭ ᠪᠠᠯᠭᠠᠰᠤᠨ ᠤ ᠤᠰᠤᠯᠠᠯᠲᠠ ᠶᠢ | ᠵᠣᠭᠰᠣᠭᠠᠬᠤ ᠣᠷᠣᠨ ᠪᠦᠰᠡ᠄ ᠵᠢᠨᠱᠠᠨ ᠪᠠᠯᠭᠠᠰᠤᠨ ᠤ ᠯᠦᠩᠱᠠᠨ ᠲᠣᠰᠬᠤᠨ ᠳᠤ ᠪᠤᠢ᠃ 1000 ᠮᠥ ᠲᠠᠯᠠᠪᠠᠶ ᠶᠢ | ᠨᠢᠭᠡᠨᠲᠡ ᠲᠠᠳᠠᠪᠣᠷᠢᠯᠠᠨ ᠡᠵᠡᠯᠡᠵᠦ᠂ ᠨᠡᠶᠢᠲᠡ 13 ᠬᠤᠳᠳᠤᠭ ᠪᠠᠶᠢᠨ᠎ᠠ᠃ | | 4. ᠢᠦᠶ ᠯᠦᠩ ᠨᠢᠰᠬᠡᠯ ᠤᠨ ᠪᠠᠭᠤᠳᠠᠯ ᠤᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠤᠷᠤᠨ ᠤ ᠤᠰᠤᠯᠠᠯᠲᠠ | ᠶᠢ ᠵᠣᠭᠰᠣᠭᠠᠬᠤ ᠣᠷᠣᠨ ᠪᠦᠰᠡ᠄ ᠨᠢᠤ ᠵᠢᠶᠠ ᠶᠢᠩᠽᠢ ᠪᠠᠯᠭᠠᠰᠤᠨ ᠤ ᠲᠤ ᠴᠧᠩ ᠽᠢ ᠲᠣᠰᠬᠤᠨ ᠳᠤ ᠪᠠᠶᠢᠷᠢᠯᠠᠨ᠎ᠠ᠃ | 800 ᠮᠥ ᠲᠠᠯᠠᠪᠠᠶ ᠶᠢ ᠲᠠᠳᠠᠪᠤᠷᠢᠯᠠᠨ ᠡᠵᠡᠯᠡᠵᠦ᠂ ᠨᠡᠶᠢᠲᠡ 8 ᠬᠤᠳᠳᠤᠭ ᠪᠠᠶᠢᠨ᠎ᠠ᠃ | | 5. ᠨᠢᠦ ᠵᠢᠶᠠ ᠶᠢᠩᠽᠢ ᠶᠢᠨ ᠬᠢᠲᠠᠳ ᠡᠮ ᠤᠨ ᠮᠠᠲ᠋ᠧᠷᠢᠶᠠᠯ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ | ᠬᠦᠷᠢᠶᠡᠯᠡᠩ ᠤᠨ ᠤᠰᠤᠯᠠᠯᠲᠠ ᠶᠢ ᠵᠣᠭᠰᠣᠭᠠᠬᠤ ᠣᠷᠣᠨ ᠪᠦᠰᠡ᠄ ᠨᠢᠦ ᠵᠢᠶᠠ ᠶᠢᠩᠽᠢ ᠪᠠᠯᠭᠠᠰᠤᠨ ᠤ ᠨᠢᠦ ᠵᠢᠶᠠ | ᠶᠢᠩᠽᠢ ᠲᠣᠰᠬᠤᠨ ᠳᠤ ᠪᠤᠶ᠃ 190 ᠮᠥ ᠲᠠᠯᠠᠪᠠᠶ ᠶᠢ ᠲᠠᠳᠠᠪᠤᠷᠢᠯᠠᠨ ᠡᠵᠡᠯᠡᠵᠦ᠂ ᠨᠡᠶᠢᠲᠡ 4 ᠬᠤᠳᠳᠤᠭ | ᠪᠠᠶᠢᠨ᠎ᠠ᠃ | | 6. ᠮᠧᠶ ᠯᠢᠨ ᠪᠠᠯᠭᠠᠰᠤᠨ ᠤ ᠮᠣᠷᠢᠨ ᠤᠷᠤᠯᠳᠤᠭᠠᠨ ᠤ ᠲᠠᠯᠠᠪᠠᠶ ᠶᠢᠨ ᠤᠰᠤᠯᠠᠯᠲᠠ ᠶᠢ ᠵᠤᠭᠰᠤᠭᠠᠬᠤ ᠣᠷᠣᠨ᠄ | ᠮᠡᠶᠢᠷᠡᠨ ᠪᠠᠯᠭᠠᠰᠤᠨ ᠤ ᠸᠠᠩ ᠶᠧ ᠳ᠋ᠢᠶᠠᠨ ᠲᠣᠰᠬᠤᠨ ᠳᠤ ᠪᠠᠶᠢᠷᠢᠯᠠᠵᠤ ᠪᠠᠶᠢᠨ᠎ᠠ᠃ 550 ᠮᠥ ᠲᠠᠯᠠᠪᠠᠶ ᠶᠢ | ᠲᠠᠳᠠᠪᠤᠷᠢᠯᠠᠨ ᠡᠵᠡᠯᠡᠵᠦ᠂ ᠨᠡᠶᠢᠲᠡ 2 ᠬᠤᠳᠳᠤᠭ ᠪᠠᠶᠢᠨ᠎ᠠ᠃ | | 7. ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠣᠭᠲᠠᠭᠠᠯ ᠳᠤ | ᠨᠡᠶᠢᠴᠡᠬᠦ ᠦᠭᠡᠢ ᠮᠠᠰᠢᠨ ᠬᠤᠳᠳᠤᠭ ᠢ ᠪᠢᠲᠡᠭᠦᠮᠵᠢᠯᠡᠬᠦ ᠠᠵᠢᠯ ᠢ ᠰᠢᠨ᠎ᠡ ᠪᠠᠷ ᠨᠡᠮᠡᠪᠡ᠄ ᠡᠮᠬᠢᠯᠡᠨ ᠴᠡᠭᠴᠡᠯᠡᠬᠦ ᠪᠠᠷ | ᠳᠠᠮᠵᠢᠨ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠠᠷᠢᠶᠠᠯᠠᠩ ᠤᠨ | ᠤᠰᠤᠯᠠᠯᠲᠠ ᠶᠢᠨ ᠮᠠᠰᠢᠨ ᠬᠤᠳᠳᠤᠭ ᠤᠨ ᠲᠤᠭ᠎ᠠ ᠶᠢ ᠨᠡᠶᠢᠲᠡ 1161 ᠰᠠᠭᠤᠷᠢ ᠰᠢᠨ᠎ᠡ ᠪᠠᠷ ᠨᠡᠮᠡᠭᠳᠡᠭᠦᠯᠵᠡᠶ᠃ | ᠡᠭᠦᠨ ᠳᠤ ︽ᠥᠮᠴᠢᠯᠡᠬᠦ ᠡᠷᠬᠡ ᠶᠢᠨ ᠦᠨᠡᠮᠯᠡᠯ︾ ᠵᠢᠴᠢ ︽ᠬᠡᠷᠡᠭᠯᠡᠬᠦ ᠡᠷᠬᠡ ᠶᠢᠨ ᠦᠨᠡᠮᠯᠡᠯ︾ ᠲᠠᠢ ᠮᠠᠰᠢᠨ | ᠬᠤᠳᠳᠤᠭ 916 ᠰᠠᠭᠤᠷᠢ ᠪᠠᠶᠢᠨ᠎ᠠ︔ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠵᠦ ᠥᠩᠭᠡᠷᠡᠭᠰᠡᠨ ᠤᠰᠤ | ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ ᠲᠥᠷᠥᠯ ᠵᠦᠢᠯ ᠤᠨ ᠤᠰᠤᠯᠠᠯᠲᠠ ᠶᠢᠨ ᠮᠠᠰᠢᠨ ᠬᠤᠳᠳᠤᠭ ᠨᠡᠶᠢᠲᠡ 195 | ᠰᠠᠭᠤᠷᠢ ᠪᠠᠶᠢᠨ᠎ᠠ︔ ᠲᠣᠭᠲᠠᠭᠠᠯ ᠳᠤ ᠨᠡᠶᠢᠴᠡᠬᠦ ᠦᠭᠡᠶ ᠪᠤᠰᠤᠳ 50 ᠤᠰᠤᠯᠠᠯᠲᠠ ᠶᠢᠨ ᠮᠠᠰᠢᠨ ᠬᠤᠳᠳᠤᠭ ᠢ | ᠪᠢᠲᠡᠭᠦᠮᠵᠢᠯᠡᠨ ᠬᠠᠭᠠᠬᠤ ᠬᠡᠷᠡᠭᠲᠡᠢ᠃ | | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠯ᠎ᠡ ᠨᠢᠭᠡᠴᠡ ᠨᠢ ᠪᠦᠬᠦ ᠬᠦᠴᠦ ᠪᠠᠷ ᠢᠶᠠᠨ ᠵᠤᠬᠢᠶᠠᠨ ᠪᠠᠶᠢᠭᠤᠯᠵᠤ᠂ ᠤᠳᠤᠷᠢᠳᠬᠤ | ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠢᠳᠡᠪᠬᠢᠲᠡᠢ ᠬᠠᠮᠵᠢᠯᠴᠠᠨ᠂ ᠭᠤᠣᠯ ᠬᠤᠲᠠ ᠲᠣᠭᠤᠷᠢᠭ ᠤᠨ | ᠬᠤᠳᠳᠤᠭ ᠢ ᠪᠢᠲᠡᠭᠦᠮᠵᠢᠯᠡᠬᠦ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ | ᠪᠠᠲᠤᠯᠠᠨ᠎ᠠ᠃ | | ︵ᠬᠤᠶᠠᠷ︶ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ | ᠨᠢᠭᠡᠴᠡ ᠶᠢᠨ ᠠᠵᠢᠯᠲᠠᠳ ᠳᠤᠭᠤᠶᠢᠯᠠᠩ ᠤᠨ ᠳᠠᠷᠤᠭ᠎ᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠵᠢᠯ ᠤᠨ ᠡᠭᠦᠷᠭᠡ ᠪᠠᠨ ᠬᠢᠨᠠᠮᠠᠭᠠᠶ ᠨᠠᠶᠢᠳᠠᠪᠣᠷᠢᠵᠢᠭᠤᠯᠤᠨ᠂ ᠠᠵᠢᠯ ᠤᠨ | ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠮᠡᠳᠡᠭᠦᠯᠬᠦ ᠬᠡᠷᠡᠭᠲᠡᠶ᠃ 24 ᠴᠠᠭ ᠤᠨ ᠰᠠᠭᠠᠳ ᠦᠭᠡᠢ ᠬᠠᠷᠢᠯᠴᠠᠭ᠎ᠠ | ᠲᠠᠢ ᠪᠠᠶᠢᠬᠤ ᠶᠢ ᠪᠠᠲᠤᠯᠠᠵᠤ᠂ ᠴᠠᠭ ᠲᠤᠬᠠᠶ ᠳᠤᠨᠢ ᠠᠵᠢᠯ ᠤᠨ ᠪᠠᠶᠢᠷᠢ ᠳᠠᠭᠠᠨ ᠪᠠᠶᠢᠵᠤ᠂ ᠣᠨᠴᠠᠭᠠᠢ ᠪᠠᠢᠳᠠᠯ ᠲᠠᠢ | ᠪᠣᠯ ᠳᠤᠭᠤᠶᠢᠯᠠᠩ ᠤᠨ ᠳᠠᠷᠤᠭ᠎ᠠ ᠠᠴᠠ ᠴᠢᠯᠥᠭᠡ ᠭᠤᠶᠤᠨ᠎ᠠ᠃ | | ︵ᠭᠤᠷᠪᠠ︶ ᠬᠠᠮᠵᠢᠯᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠡᠯ᠎ᠡ ᠬᠤᠯᠪᠣᠭᠳᠠᠯ ᠪᠦᠬᠦᠢ | ᠨᠢᠭᠡᠴᠡ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠶ᠃ | | |