ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠰᠢᠪᠡᠭᠡ ᠭᠤᠤᠯ ᠤᠨ ᠡᠷᠭᠢ ᠳᠠᠭᠠᠤ ᠤᠰᠤᠯᠠᠬᠤ ᠰᠤᠪᠠᠭ ᠢ ᠪᠢᠲᠡᠭᠦᠮᠵᠢᠯᠡᠨ ᠪᠥᠭᠯᠡᠬᠦ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2020/7/2
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠰᠢᠪᠡᠭᠡ ᠭᠤᠤᠯ ᠤᠨ ᠡᠷᠭᠢ ᠳᠠᠭᠠᠤ ᠤᠰᠤᠯᠠᠬᠤ ᠰᠤᠪᠠᠭ ᠢ ᠪᠢᠲᠡᠭᠦᠮᠵᠢᠯᠡᠨ ᠪᠥᠭᠯᠡᠬᠦ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ  ᠮᠡᠳᠡᠭᠳᠡᠯ    ᠬᠠᠷᠠᠴᠢᠨ ᠵᠠᠰᠠᠭ ᠥᠰᠥᠭ ︹ 2020 ︺70 ᠳ᠋ᠤᠭᠠᠷ ᠲᠣᠭᠠᠲᠤᠬᠠᠮᠢᠶ᠎ᠠ ᠪᠦᠬᠦᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠢᠴᠢ ︽ᠡᠷᠭᠢᠵᠦ ᠦᠵᠡᠬᠦ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠠᠬᠢᠭᠤᠯᠵᠤ᠂ ᠬᠤᠩᠱᠠᠨ ᠲᠣᠭᠤᠷᠢᠭ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠬᠠᠷᠠᠯᠲᠠ ᠶᠢᠨ ᠡᠭᠦᠷᠭᠡ ᠶᠢ ᠲᠦᠷᠭᠡᠳᠬᠡᠨ ᠪᠡᠶᠡᠯᠡᠭᠦᠯᠬᠦ ᠶᠢᠨ ᠲᠦᠯᠦᠭᠡ᠂ ᠬᠤᠰᠢᠭᠤ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ︽ᠰᠢᠪᠡᠭᠡ ᠭᠤᠤᠯ ᠤᠨ ᠡᠷᠭᠢ ᠳᠠᠭᠠᠤ ᠤᠰᠤᠯᠠᠬᠤ ᠰᠤᠪᠠᠭ ᠢ ᠪᠢᠲᠡᠭᠦᠮᠵᠢᠯᠡᠨ ᠪᠥᠭᠯᠡᠬᠦ ᠶᠢ ᠬᠡᠷᠡᠭᠵᠢᠭᠦᠯᠬᠦ ᠲᠥᠰᠦᠯ︾ ᠢ ᠬᠢᠨᠠᠨ ᠪᠠᠲᠤᠯᠠᠪᠡ᠂ ᠡᠳᠦᠭᠡ ᠳᠠᠷᠤᠮᠠᠯᠯᠠᠨ ᠲᠠᠷᠬᠠᠭᠠᠪᠠ᠃ ᠲᠠ ᠨᠠᠷ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯᠪᠠᠤ᠃                             2020 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ    ᠰᠢᠪᠡᠭᠡ ᠭᠤᠤᠯ ᠤᠨ ᠡᠷᠭᠢ ᠳᠠᠭᠠᠤ ᠤᠰᠤᠯᠠᠬᠤ ᠰᠤᠪᠠᠭ ᠢ ᠪᠢᠲᠡᠭᠦᠮᠵᠢᠯᠡᠨ ᠪᠥᠭᠯᠡᠬᠦ ᠶᠢ ᠬᠡᠷᠡᠭᠵᠢᠭᠦᠯᠬᠦ ᠲᠥᠰᠦᠯ  ᠤᠰᠤᠯᠠᠬᠤ ᠰᠤᠪᠠᠭ ᠢ ᠪᠢᠳᠡᠭᠦᠮᠵᠢᠯᠡᠨ ᠪᠥᠭᠯᠡᠬᠦ ᠪᠣᠯ ᠬᠤᠩᠱᠠᠨ ᠲᠣᠭᠤᠷᠢᠭ ᠤᠨ ᠭᠠᠵᠠᠷ ᠳᠣᠤᠷᠠᠬᠢ ᠤᠰᠤ ᠶᠢ ᠬᠡᠲᠦ ᠮᠠᠯᠲᠠᠭᠰᠠᠨ ᠣᠷᠣᠨ ᠢ ᠵᠠᠰᠠᠬᠤ ᠡᠭᠦᠷᠭᠡ ᠶᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃  ᠪᠢᠳᠡᠭᠦᠮᠵᠢᠯᠡᠨ ᠪᠥᠭᠯᠡᠬᠦ ᠤᠰᠤᠯᠠᠯᠲᠠ ᠶᠢᠨ ᠰᠤᠪᠠᠭ ᠨᠢ ᠭᠤᠣᠯᠳᠠᠭᠤ ᠰᠢᠪᠡᠭᠡ ᠭᠤᠣᠯ ᠤᠨ ᠡᠷᠭᠢ ᠳᠠᠭᠠᠤ ᠲᠠᠷᠬᠠᠵᠤ ᠪᠠᠶᠢᠳᠠᠭ᠃ ᠰᠢᠪᠡᠭᠡ ᠭᠤᠣᠯ ᠪᠣᠯ ᠪᠦᠬᠦ ᠬᠤᠰᠢᠭᠤᠨ ᠤ ᠬᠢᠯᠢ ᠳᠣᠲᠣᠷᠠᠬᠢ ᠭᠤᠣᠯ ᠮᠥᠷᠡᠨ ᠤ ᠬᠠᠮᠤᠭ ᠤᠷᠲᠤ ᠭᠤᠣᠯ ᠪᠣᠯᠬᠤ ᠪᠥᠭᠡᠳ ᠬᠤᠩᠱᠠᠨ ᠲᠣᠭᠤᠷᠢᠭ ᠤᠨ ᠬᠡᠲᠦᠷᠡᠲᠡᠯ᠎ᠡ ᠮᠠᠯᠲᠠᠭᠰᠠᠨ ᠣᠷᠣᠨ ᠤ ᠤᠰᠤ ᠨᠥᠬᠦᠪᠥᠷᠢᠯᠡᠬᠦ ᠴᠢᠬᠤᠯᠠ ᠵᠠᠮ ᠪᠣᠯᠤᠨ᠎ᠠ᠃ ᠰᠢᠪᠡᠭᠡ ᠭᠤᠣᠯ ᠨᠢ ᠮᠡᠶᠢᠷᠡᠨ ᠪᠠᠯᠭᠠᠰᠤ ᠠᠴᠠ ᠡᠬᠢ ᠠᠪᠴᠤ᠂ ᠪᠠᠷᠠᠭᠤᠨ ᠡᠮᠦᠨ᠎ᠡ ᠠᠴᠠ ᠵᠡᠭᠦᠨ ᠬᠤᠶᠢᠰᠢ ᠪᠠᠨ 4 ᠪᠠᠯᠭᠠᠰᠤ᠂ 2 ᠵᠡᠭᠡᠯᠢ ᠭᠤᠳᠤᠮᠵᠢ᠂ 88 ᠵᠠᠰᠠᠭ ᠵᠠᠬᠢᠷᠭᠠᠨ ᠤ ᠲᠣᠰᠬᠤᠨ᠂ 876 ᠲᠣᠰᠬᠤᠨ ᠤ ᠠᠷᠠᠳ ᠤᠨ ᠳᠤᠭᠤᠶᠢᠯᠠᠩ ᠢᠶᠠᠷ ᠤᠷᠤᠰᠤᠨ ᠥᠩᠭᠡᠷᠡᠵᠦ ᠪᠠᠶᠢᠨ᠎ᠠ᠃ ᠬᠤᠰᠢᠭᠤᠨ ᠤ ᠬᠢᠵᠠᠭᠠᠷ ᠳᠣᠲᠣᠷᠠᠬᠢ ᠭᠤᠤᠯ ᠤᠨ ᠣᠷᠳᠣ ᠨᠢ 115.5 ᠺᠢᠯᠣᠮᠧᠲᠷ  ᠪᠠᠶᠢᠵᠤ᠂ ᠰᠢᠪᠡᠭᠡ ᠭᠤᠣᠯ ᠤᠨ ᠡᠷᠭᠢ ᠳᠠᠭᠠᠤ ᠤᠰᠤᠯᠠᠬᠤ ᠰᠤᠪᠠᠭ ᠪᠠ ᠤᠰᠤ ᠲᠠᠲᠠᠬᠤ ᠠᠮᠠᠰᠠᠷ 23 ᠪᠤᠢ᠂ ᠡᠭᠦᠨ ᠳᠤ ᠮᠡᠶᠢᠷᠡᠨ ᠪᠠᠯᠭᠠᠰᠤᠨ ᠳᠤ 8 ᠵᠤᠷᠪᠣᠰ᠂ ᠸᠠᠩ ᠤᠨ ᠣᠷᠳᠣᠨ ᠪᠠᠯᠭᠠᠰᠤᠨ ᠳᠤ 7 ᠵᠤᠷᠪᠣᠰ᠂ ᠵᠢᠨᠱᠠᠨ ᠪᠠᠯᠭᠠᠰᠤᠨ ᠳᠤ 3 ᠵᠤᠷᠪᠤᠰ᠂ ᠾᠧᠨᠠᠨ ᠵᠡᠭᠡᠯᠢ ᠭᠤᠳᠤᠮᠵᠢ ᠳᠤ 1 ᠵᠣᠷᠪᠤᠰ᠂ ᠾᠧᠪᠧᠢ ᠵᠡᠭᠡᠯᠢ ᠭᠤᠳᠤᠮᠵᠢ ᠶᠢᠨ 2 ᠵᠤᠷᠪᠣᠰ᠂ ᠨᠢᠦ ᠵᠢᠶᠠ ᠶᠢᠩᠽᠢ ᠪᠠᠯᠭᠠᠰᠤᠨ ᠳᠤ 2 ᠵᠤᠷᠪᠤᠰ ᠰᠤᠪᠠᠭ ᠪᠤᠢ᠃ ᠡᠭᠦᠨ ᠳᠤ 16 ᠵᠤᠷᠪᠤᠰ ᠨᠢ ᠬᠡᠪ ᠤᠨ ᠶᠣᠰᠣᠭᠠᠷ ᠠᠵᠢᠯᠯᠠᠵᠤ᠂ ᠤᠰᠤᠯᠠᠯᠲᠠ ᠶᠢᠨ ᠲᠠᠯᠠᠪᠠᠶ ᠶᠢ ᠪᠠᠷᠤᠭ 12 ᠲᠦᠮᠡᠨ ᠮᠥ ᠲᠠᠯᠠᠪᠠᠢ ᠲᠠᠢ᠃ ᠣᠶᠢᠷ᠎ᠠ ᠶᠢᠨ ᠭᠤᠷᠪᠠᠨ ᠵᠢᠯ ᠳᠤ ᠬᠥᠷᠥᠰᠥᠨ ᠳᠡᠭᠡᠷᠡᠬᠢ ᠤᠰᠤ  ᠪᠠᠷ ᠤᠰᠤᠯᠠᠬᠤ ᠪᠤᠳᠠᠲᠠᠢ ᠲᠠᠯᠠᠪᠠᠢ 1.5  ᠲᠥᠮᠡᠨ ᠮᠦ ᠳᠤ  ᠬᠦᠷᠴᠦ ᠪᠠᠶᠢᠨ᠎ᠠ᠃ ᠬᠤᠩᠱᠠᠨ ᠲᠣᠭᠤᠷᠢᠭ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠭᠠᠵᠠᠷ ᠤᠨ ᠤᠰᠤ ᠨᠥᠬᠦᠪᠥᠷᠢᠯᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠰᠢᠪᠡᠭᠡ ᠭᠤᠤᠯ ᠤᠨ ᠡᠷᠭᠢ ᠳᠠᠭᠠᠤ ᠲᠠᠷᠢᠶᠠᠨ ᠭᠠᠵᠠᠷ ᠲᠤ ᠰᠤᠪᠠᠭ ᠤᠨ ᠤᠰᠤᠯᠠᠯᠲᠠ ᠶᠢ ᠬᠤᠳᠳᠤᠭ ᠢᠶᠠᠷ ᠤᠰᠤᠯᠠᠬᠤ ᠪᠣᠯᠭᠠᠨ᠂ ᠨᠡᠯᠦᠶᠢᠯᠭᠡᠨ ᠤᠰᠤᠯᠠᠵᠤ ᠪᠠᠶᠢᠭᠰᠠᠨ ᠢ ᠤᠰᠤ ᠲᠠᠮᠵᠢᠭᠤᠯᠬᠤ ᠬᠤᠭᠤᠯᠠᠶ ᠪᠠᠷ ᠤᠰᠤᠯᠠᠬᠤ ᠤᠰᠤᠨ ᠳᠤ ᠠᠷᠪᠢᠲᠠᠢ ᠠᠷᠭ᠎ᠠ ᠠᠪᠴᠦ ᠰᠤᠪᠠᠭ ᠢ ᠪᠢᠲᠡᠭᠦᠮᠵᠢᠯᠡᠨ ᠪᠥᠭᠯᠡᠵᠦ᠂ ᠨᠡᠶᠢᠲᠡ 23 ᠵᠤᠷᠪᠤᠰ ᠤᠰᠤᠨ ᠰᠤᠪᠠᠭ ᠢ ᠪᠢᠲᠡᠭᠦᠮᠵᠢᠯᠡᠬᠦ ᠬᠡᠷᠡᠭᠲᠡᠢ ᠪᠠᠶᠢᠨ᠎ᠠ᠃ ᠡᠨᠡ ᠬᠦ ᠠᠵᠢᠯ ᠨᠢ ᠠᠷᠠᠳ ᠤᠨ ᠠᠮᠢᠳᠤᠷᠠᠯ ᠲᠠᠢ ᠰᠢᠭᠤᠳ ᠬᠤᠯᠪᠤᠭ᠎ᠠ ᠲᠠᠢ ᠪᠠᠶᠢᠵᠤ᠂ ᠬᠤᠯᠪᠣᠭᠳᠠᠬᠤ ᠬᠥᠮᠦᠨ ᠨᠢ ᠤᠯᠠᠨ᠂ ᠠᠵᠤ ᠦᠢᠯᠡᠰ ᠤᠨ ᠪᠠᠶᠢᠳᠠᠯ ᠨᠢ ᠪᠤᠳᠤᠯᠢᠶᠠᠨᠲᠠᠶ᠂ ᠬᠦᠴᠢᠷᠳᠡᠯ ᠲᠤᠶᠢᠯ ᠤᠨ ᠶᠡᠭᠡ ᠪᠠᠶᠢᠨ᠎ᠠ᠃ ᠪᠠᠷᠢᠯᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠪᠢᠲᠡᠭᠦᠮᠵᠢᠯᠡᠨ ᠪᠥᠭᠯᠡᠬᠦ ᠬᠡᠷᠡᠭᠵᠢᠭᠦᠯᠬᠦ ᠲᠥᠰᠦᠯ ᠢ ᠳᠣᠤᠷᠠᠬᠢ ᠮᠡᠲᠦ ᠲᠣᠭᠲᠠᠭᠠᠪᠠ᠃ᠨᠢᠭᠡ᠂ ᠤᠳᠤᠷᠢᠳᠬᠤ ᠵᠣᠬᠢᠶᠠᠨ ᠪᠠᠶᠢᠭᠤᠯᠤᠯᠲᠠᠰᠤᠳᠤᠯᠭᠠᠨ ᠢᠶᠠᠷ ᠳᠠᠮᠵᠢᠨ ᠰᠢᠪᠡᠭᠡ ᠭᠤᠣᠯ ᠤᠨ ᠡᠷᠭᠢ ᠳᠠᠭᠠᠤ ᠤᠰᠤᠯᠠᠬᠤ ᠰᠤᠪᠠᠭ ᠢ ᠪᠢᠲᠡᠭᠦᠮᠵᠢᠯᠡᠨ ᠪᠥᠭᠯᠡᠬᠦ ᠶᠢ ᠤᠳᠤᠷᠢᠳᠬᠤ ᠳᠤᠭᠤᠶᠢᠯᠠᠩ ᠪᠠᠶᠢᠭᠤᠯᠵᠤ᠂ ᠤᠰᠤᠯᠠᠯᠲᠠ ᠶᠢᠨ ᠰᠤᠪᠠᠭ ᠢ ᠪᠢᠲᠡᠭᠦᠮᠵᠢᠯᠡᠨ ᠪᠥᠭᠯᠡᠬᠦ ᠠᠵᠢᠯ ᠢ ᠵᠢᠯᠣᠭᠤᠳᠬᠤ ᠶᠢᠨ ᠬᠠᠮᠲᠤ ᠤᠰᠤᠯᠠᠯᠲᠠ ᠶᠢᠨ ᠰᠤᠪᠠᠭ ᠢ ᠪᠢᠲᠡᠭᠦᠮᠵᠢᠯᠡᠨ ᠪᠥᠭᠯᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠢᠯ ᠰᠠᠭᠠᠲᠠᠭᠠᠭᠰᠠᠨ ᠬᠡᠷᠡᠭ  ᠭᠠᠷᠤᠭᠰᠠᠨ ᠪᠠᠶᠢᠪᠠᠯ ᠡᠪ ᠢ ᠨᠢ ᠦᠵᠡᠨ ᠠᠷᠭᠠᠴᠠᠨ ᠰᠢᠢᠳᠪᠦᠷᠢᠯᠡᠬᠦ ᠬᠡᠷᠡᠭᠲᠡᠶ᠃ᠳᠤᠭᠤᠶᠢᠯᠠᠩ ᠤᠨ ᠳᠠᠷᠤᠭ᠎ᠠ᠄ ᠮᠠ ᠰᠢᠶᠣᠤ ᠵᠢᠶᠦ᠋ᠨ   ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄  ᠾᠦ᠋ᠸᠧ ᠰᠢᠶᠤᠤ ᠳ᠋ᠦᠩ   ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ    ᠴᠧᠨ ᠯᠢ ᠰᠢᠨ   ᠬᠤᠰᠢᠭᠤᠨ ᠤ ᠰᠢᠭᠦᠬᠦ ᠬᠤᠷᠢᠶᠠᠨ ᠤ ᠳᠠᠷᠤᠭ᠎ᠠᠳᠤᠭᠤᠶᠢᠯᠠᠩ ᠤᠨ ᠬᠡᠰᠢᠭᠦᠳ᠄  ᠵᠠᠩ ᡁᠢ ᠬᠤᠸᠠ   ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ   ᠯᠢᠦ ᠰᠢᠶᠠᠩ ᠶᠠᠩ    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ   ᠴᠢ ᠰᠢᠤᠸᠠᠢ ᠸᠤᠨ   ᠮᠡᠶᠢᠷᠡᠨ ᠪᠠᠯᠭᠠᠰᠤᠨ ᠤ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ   ᠭᠧᠩ ᠯᠢ ᠵᠢᠶᠦ᠋ᠨ    ᠸᠠᠩ ᠤᠨ ᠣᠷᠳᠣᠨ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ   ᠮᠧᠩ ᠰᠢᠶᠠᠨ ᠫᠧᠩ  ᠵᠢᠨᠱᠠᠨ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ   ᠢᠦᠶ ᡁᠢ ᠵᠢᠶᠠᠨ   ᠨᠢᠤ ᠵᠢᠶᠠ ᠶᠢᠩᠽᠢ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ   ᠭᠧᠩ ᠸᠧᠶ ᠳ᠋ᠦᠩ   ᠾᠧᠨᠠᠨ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ   ᠵᠠᠩ ᠵᠢᠶᠠᠨ ᠬᠤᠸᠠ  ᠾᠧᠪᠧᠶ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢᠬᠤᠶᠠᠷ᠂ ᠤᠬᠠᠭᠤᠯᠤᠨ ᠳᠠᠶᠢᠴᠢᠯᠠᠬᠤᠪᠠᠷᠢᠯᠭ᠎ᠠ ᠶᠢᠨ ᠠᠵᠢᠯ ᠡᠬᠢᠯᠡᠬᠦ ᠠᠴᠠ ᠡᠮᠦᠨ᠎ᠡ᠂ ᠤᠳᠤᠷᠢᠳᠬᠤ ᠳᠤᠭᠤᠶᠢᠯᠠᠩ ᠠᠴᠠ ᠪᠢᠲᠡᠭᠦᠮᠵᠢᠯᠡᠨ ᠪᠥᠭᠯᠡᠬᠦ ᠠᠵᠢᠯ ᠤᠨ ᠬᠤᠷᠠᠯ ᠬᠢᠵᠦ᠂ ᠬᠤᠷᠠᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠧᠯᠸᠢᠰ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠬᠠᠮᠵᠢᠯᠴᠠᠨ ᠤᠬᠠᠭᠤᠯᠬᠤ ᠶᠢ ᠱᠠᠭᠠᠷᠳᠠᠨ᠎ᠠ᠃ ᠰᠢᠪᠡᠭᠡ ᠭᠤᠣᠯ ᠤᠨ ᠡᠷᠭᠢ ᠳᠠᠭᠠᠣ ᠪᠠᠶᠢᠭ᠎ᠠ ᠰᠢᠶᠠᠩ ᠪᠠᠯᠭᠠᠰᠤ᠂ ᠲᠣᠰᠬᠤᠨ ᠨᠢ ᠠᠵᠢᠯᠯᠠᠬᠤ ᠳᠤᠭᠤᠶᠢᠯᠠᠩ ᠪᠠᠶᠢᠭᠤᠯᠵᠤ᠂ ᠪᠢᠲᠡᠭᠦᠮᠵᠢᠯᠡᠨ ᠪᠥᠭᠯᠡᠬᠦ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠪᠢᠲᠡᠭᠦᠮᠵᠢᠯᠡᠨ ᠪᠥᠭᠯᠡᠬᠦ ᠠᠴᠠ ᠡᠮᠦᠨᠡᠬᠢ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠶ᠃ᠭᠤᠷᠪᠠ᠂ ᠪᠠᠷᠢᠯᠭ᠎ᠠ ᠪᠠᠷᠢᠬᠤ ᠨᠢᠭᠡᠴᠡᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠠᠷᠭ᠎ᠠ ᠶᠢ ᠠᠪᠴᠤ᠂ ᠰᠤᠪᠠᠭ ᠤᠨ ᠡᠬᠢ ᠪᠠᠶᠢᠳᠠᠭ ᠰᠢᠶᠠᠩ ᠪᠠᠯᠭᠠᠰᠤ ᠶᠢ ᠬᠡᠷᠡᠭᠵᠢᠭᠦᠯᠬᠦ ᠭᠤᠤᠯ ᠡᠳᠡᠭᠡᠳ ᠪᠣᠯᠭᠠᠵᠤ᠂ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠴᠠᠭ ᠬᠤᠭᠤᠴᠠᠭ᠎ᠠ ᠶᠣᠰᠣᠭᠠᠷ ᠪᠢᠲᠡᠭᠦᠮᠵᠢᠯᠡᠨ ᠪᠥᠭᠯᠡᠬᠦ ᠠᠵᠢᠯ ᠢ  ᠵᠤᠬᠢᠶᠠᠨ ᠪᠠᠶᠢᠭᠤᠯᠤᠨ᠎ᠠ᠃ ᠪᠠᠷᠢᠯᠭ᠎ᠠ ᠶᠢᠨ ᠨᠢᠭᠡᠴᠡ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠨᠢᠭᠡ ᠯᠡ ᠤᠳᠠᠭ᠎ᠠ ᠳᠤ ᠪᠢᠲᠡᠭᠦᠮᠵᠢᠯᠡᠨ ᠪᠥᠭᠯᠡᠭᠡᠳ ᠠᠮᠵᠢᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠪᠡ᠂ ᠪᠠᠴᠢᠮ ᠪᠠᠶᠢᠳᠠᠯ ᠢ ᠠᠷᠭᠠᠴᠠᠨ ᠰᠡᠶᠢᠳᠪᠦᠷᠢᠯᠡᠬᠦᠡᠯ᠎ᠡ ᠪᠦᠷᠢᠯᠳᠦᠬᠦᠨ ᠨᠢᠭᠡᠴᠡ ᠬᠠᠷᠢᠯᠴᠠᠨ ᠬᠠᠮᠵᠢᠯᠴᠠᠵᠤ᠂ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠵᠤ᠂  ᠬᠦᠴᠦ ᠪᠠᠨ ᠨᠢᠭᠡᠳᠬᠡᠬᠦ ᠬᠡᠷᠡᠭᠲᠡᠢ᠃ ᠬᠡᠷᠪᠡ ᠪᠠᠷᠢᠯᠭ᠎ᠠ ᠪᠠᠷᠢᠬᠤ ᠶᠠᠪᠤᠴᠠ ᠳᠤ ᠤᠯᠠᠨ ᠲᠦᠮᠡᠨ ᠠᠵᠢᠯ ᠢ ᠬᠠᠷᠰᠢᠯᠠᠭᠰᠠᠨ ᠪᠠᠶᠢᠪᠠᠯ᠂ ᠪᠠᠶᠢᠭ᠎ᠠ ᠰᠢᠶᠠᠩ  ᠪᠠᠯᠭᠠᠰᠤᠨ ᠠᠴᠠ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠨ᠎ᠡ᠃ᠲᠠᠪᠤ᠂ ᠪᠡᠶᠡᠯᠡᠭᠦᠯᠬᠦ ᠴᠠᠭ ᠬᠤᠭᠤᠴᠠᠭ᠎ᠠ ᠵᠢᠴᠢ ᠠᠷᠭ᠎ᠠᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠰᠤᠯᠠᠬᠤ ᠰᠤᠪᠠᠭ ᠢ ᠪᠢᠲᠡᠭᠦᠮᠵᠢᠯᠡᠨ ᠪᠥᠭᠯᠡᠬᠦ ᠴᠠᠭ ᠤᠨ ᠱᠠᠭᠠᠷᠳᠠᠯᠭ᠎ᠠ ᠶᠣᠰᠣᠭᠠᠷ᠂ ᠪᠢᠲᠡᠭᠦᠮᠵᠢᠯᠡᠬᠦ ᠴᠠᠭ ᠨᠢ 4 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ᠂ ᠪᠢᠲᠡᠭᠦᠮᠵᠢᠯᠡᠬᠦ ᠠᠷᠭ᠎ᠠ᠄ ᠰᠤᠪᠠᠭ ᠤᠨ ᠡᠬᠢ ᠶᠢᠨ ᠤᠰᠤ ᠣᠷᠣᠭᠤᠯᠬᠤ ᠠᠮᠠᠰᠠᠷ ᠲᠤ ᠪᠧᠲ᠋ᠤᠨ ᠴᠢᠳᠬᠤᠵᠤ᠂  ᠴᠢᠯᠠᠭᠤ ᠵᠡᠷᠭᠡᠯᠡᠵᠦ ᠪᠥᠭᠯᠡᠬᠦ ᠠᠷᠭ᠎ᠠ ᠠᠪᠤᠨ᠎ᠠ︔ ᠤᠰᠤᠨ ᠰᠤᠪᠠᠭ ᠳᠡᠭᠡᠷᠡᠬᠢ ᠤᠰᠤᠨ ᠬᠠᠭᠠᠯᠲᠠ᠂ ᠬᠠᠭᠠᠯᠲᠠ ᠬᠠᠪᠲᠠᠰᠤ ᠶᠢ ᠨᠤᠷᠠᠭᠠᠬᠤ ᠠᠷᠭ᠎ᠠ ᠠᠪᠤᠨ᠎ᠠ᠃ᠵᠢᠷᠭᠤᠭ᠎ᠠ᠂ ᠪᠠᠷᠢᠯᠭ᠎ᠠ ᠶᠢᠨ ᠠᠮᠤᠷ ᠲᠦᠪᠰᠢᠨᠡᠯ᠎ᠡ ᠪᠠᠷᠢᠯᠭ᠎ᠠ ᠪᠠᠷᠢᠬᠤ ᠨᠢᠭᠡᠴᠡ ᠨᠢ ᠪᠠᠷᠢᠯᠭ᠎ᠠ ᠪᠠᠷᠢᠬᠤ ᠣᠷᠴᠢᠨ ᠲᠣᠭᠤᠷᠢᠨ ᠢ ᠤᠷᠢᠳᠴᠢᠯᠠᠨ ᠬᠢᠨᠠᠨ ᠪᠠᠶᠢᠴᠠᠭᠠᠵᠤ᠂ ᠵᠠᠮ ᠱᠤᠭᠤᠮ᠂ ᠮᠣᠳᠣ᠂ ᠵᠠᠮ ᠵᠡᠷᠭᠡ ᠪᠠᠷᠢᠯᠭ᠎ᠠ ᠪᠠᠷᠢᠬᠤ ᠠᠮᠤᠷ ᠲᠦᠪᠰᠢᠨ ᠤ  ᠪᠠᠶᠢᠳᠠᠯ ᠢ ᠨᠦᠯᠦᠭᠡᠯᠡᠬᠦ ᠵᠦᠢᠯ ᠢ ᠣᠶᠢᠯᠠᠭᠠᠬᠤ ᠶᠢᠨ ᠬᠠᠮᠲᠤ ᠪᠠᠶᠢᠭ᠎ᠠ ᠠᠶᠣᠯ ᠤᠨ ᠦᠨᠳᠦᠰᠦ ᠶᠢ ᠤᠷᠢᠳᠴᠢᠯᠠᠨ ᠠᠷᠢᠯᠭᠠᠬᠤ ᠬᠡᠷᠡᠭᠲᠡᠶ︔ ᠪᠠᠷᠢᠯᠭ᠎ᠠ ᠶᠢᠨ ᠭᠠᠵᠠᠷ᠂ ᠵᠠᠮ ᠵᠡᠷᠭᠡ ᠶᠢ ᠵᠠᠰᠠᠨ ᠳᠡᠭᠰᠢᠯᠡᠵᠦ᠂ ᠲᠡᠷᠭᠡ ᠤᠨᠤᠭ᠎ᠠ ᠠᠮᠤᠷ ᠲᠦᠪᠰᠢᠨ ᠢᠶᠠᠷ ᠪᠠᠷᠢᠯᠭ᠎ᠠ ᠶᠢᠨ ᠭᠠᠵᠠᠷ ᠲᠤ ᠬᠦᠷᠴᠦ ᠳᠡᠶᠢᠯᠬᠦ ᠶᠢ ᠦᠨᠡᠨᠬᠦ ᠪᠠᠲᠣᠯᠠᠨ᠂ ᠪᠠᠷᠢᠯᠭ᠎ᠠ ᠶᠢᠨ ᠮᠠᠰᠢᠨ ᠢᠶᠠᠷ ᠠᠵᠢᠯᠯᠠᠬᠤ ᠬᠥᠮᠦᠰ ᠵᠢᠴᠢ ᠬᠠᠮᠢᠶ᠎ᠠ ᠪᠦᠬᠦᠢ ᠪᠠᠷᠢᠯᠭ᠎ᠠ ᠳᠤ ᠣᠷᠣᠯᠴᠠᠬᠤ ᠬᠥᠮᠦᠰ ᠲᠤ ᠠᠮᠤᠷ ᠲᠥᠪᠰᠢᠨ ᠤ ᠪᠣᠯᠪᠠᠰᠤᠷᠠᠭᠤᠯᠤᠯ ᠬᠢᠵᠦ᠂ ᠪᠠᠷᠢᠯᠭ᠎ᠠ ᠪᠠᠷᠢᠬᠤ ᠶᠠᠪᠤᠴᠠ ᠳᠤ ᠠᠶᠤᠯ ᠦᠭᠡᠶ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ᠳᠣᠯᠤᠭ᠎ᠠ᠂ ᠤᠰᠤ ᠠᠷᠪᠢᠯᠠᠬᠤ ᠠᠷᠭ᠎ᠠ ᠬᠡᠮᠵᠢᠶ᠎ᠡ1.  ᠰᠤᠪᠠᠭ ᠤᠨ ᠡᠬᠢ ᠶᠢ ᠪᠥᠭᠯᠡᠬᠦ᠃ ᠪᠧᠲ᠋ᠤᠨ᠂  ᠴᠢᠯᠠᠭᠤ ᠵᠡᠷᠭᠡ ᠮᠠᠲ᠋ᠧᠷᠢᠶᠠᠯ ᠢᠶᠠᠷ ᠪᠥᠭᠯᠡᠨ᠎ᠡ᠃2. ᠮᠠᠰᠢᠨ ᠬᠤᠳᠳᠤᠭ ᠢ ᠰᠢᠨ᠎ᠡ ᠪᠠᠷ ᠴᠣᠬᠢᠬᠤ ᠵᠢᠴᠢ ᠰᠡᠯᠪᠢᠨ ᠵᠠᠰᠠᠬᠤ᠃ ᠣᠳᠣᠬᠠᠨ ᠳᠤ ᠬᠤᠳᠳᠤᠭ ᠪᠠ ᠰᠤᠪᠠᠭ ᠤᠨ ᠬᠤᠤᠰ ᠤᠰᠤᠯᠠᠯᠲᠠ ᠶᠢᠨ ᠤᠷᠤᠨ ᠳᠤ ᠣᠳᠣ 125  ᠰᠠᠭᠤᠷᠢ ᠮᠠᠰᠢᠨ ᠬᠤᠳᠳᠤᠭ  ᠪᠠᠶᠢᠨ᠎ᠠ᠃ ᠤᠰᠤᠯᠠᠯᠲᠠ ᠶᠢᠨ ᠰᠤᠪᠠᠭ ᠢ ᠪᠢᠲᠡᠭᠦᠮᠵᠢᠯᠡᠨ ᠪᠥᠭᠯᠡᠭᠰᠡᠨ ᠤ ᠲᠠᠷᠠᠭ᠎ᠠ᠂ ᠰᠤᠪᠠᠭ ᠤᠨ ᠤᠰᠤᠯᠠᠯᠲᠠ ᠶᠢ ᠬᠤᠳᠳᠤᠭ ᠢᠶᠠᠷ ᠤᠰᠤᠯᠠᠬᠤ  ᠪᠣᠯᠭᠠᠨ ᠥᠭᠡᠷᠡᠴᠢᠯᠡᠨ᠎ᠡ᠃ ᠤᠰᠤᠯᠠᠯᠲᠠ ᠶᠢ ᠪᠠᠲᠤᠯᠠᠬᠤ ᠶᠢᠨ ᠲᠥᠯᠥᠭᠡ 18 ᠬᠤᠳᠳᠤᠭ ᠮᠠᠯᠲᠠᠨ᠎ᠠ ︵ ᠨᠢᠥ ᠵᠢᠶᠠ ᠢᠩᠽᠢ ᠪᠠᠯᠭᠠᠰᠤᠨ ᠤ ᠱᠤᠤ ᠭᠥᠸᠧ ᠢᠩᠽᠢ ᠲᠣᠰᠬᠤᠨ ᠳᠤ 4 ᠬᠤᠳᠳᠤᠭ ᠂ ᠮᠡᠶᠢᠷᠡᠨ ᠪᠠᠯᠭᠠᠰᠤᠨ ᠤ ᠶᠢᠨ ᠵᠢᠶᠠ ᠳ᠋ᠢᠶᠠᠨ ᠲᠣᠰᠬᠤᠨ ᠳᠤ 3 ᠬᠤᠳᠳᠤᠭ᠂ ᠸᠠᠩ ᠤᠨ ᠣᠷᠳᠣᠨ ᠪᠠᠯᠭᠠᠰᠤᠨ ᠤ ᠹᠦ᠋ ᠢᠥᠢ ᠳ᠋ᠢ ᠲᠣᠰᠬᠤᠨ ᠳᠤ 2  ᠬᠤᠳᠳᠤᠭ᠂ ᠾᠧᠢ ᠱᠠᠨ ᠭᠸᠦ ᠲᠣᠰᠬᠤᠨ  ᠳᠤ 1ᠬᠤᠳᠳᠤᠭ᠂ ᠶᠢᠨ ᠶᠢᠩᠽᠢ ᠲᠣᠰᠬᠤᠨ  ᠳᠤ 5 ᠬᠤᠳᠳᠤᠭ᠂ ᠰᠢᠶᠠ ᠸᠠ ᠹᠠᠩ ᠲᠣᠰᠬᠤᠨ ᠳᠤ 1 ᠬᠤᠳᠳᠤᠭ᠂  ᠲᠦᠴᠢᠨ ᠭᠡᠷ ᠲᠣᠰᠬᠤᠨ ᠲᠤ 1 ᠬᠤᠳᠳᠤᠭ᠂ ᠾᠧᠨᠠᠨ ᠵᠡᠭᠡᠯᠢ ᠶᠢᠨ ᠰᠡᠯᠪᠢᠨ ᠵᠠᠰᠠᠬᠤ ᠮᠠᠰᠢᠨ ᠬᠤᠳᠳᠤᠭ 7  ︵ᠮᠡᠶᠢᠷᠡᠨ ᠪᠠᠯᠭᠠᠰᠤᠨ ᠤ ᠬᠤᠶᠠᠷ ᠭᠡᠷ ᠲᠤᠰᠬᠤᠨ ᠳᠤ 4 ᠬᠤᠳᠳᠤᠭ  ᠂ ᠸᠠᠩ ᠤᠨ  ᠬᠤᠷᠢᠶ᠎ᠠ  ᠪᠠᠯᠭᠠᠰᠤ ᠶᠢᠨ ᠰᠢᠶᠠ ᠸᠠ ᠹᠠᠩ ᠲᠣᠰᠬᠤᠨ ᠳᠤ 1 ᠬᠤᠳᠳᠤᠭ  ︶  ᠃3. ᠥᠨᠳᠥᠷ ᠪᠦᠲᠦᠮᠵᠢᠲᠡᠶ ᠤᠰᠤ ᠠᠷᠪᠢᠯᠠᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠲᠣᠰ ᠲᠥᠷᠥᠯ ᠵᠦᠢᠯ ᠳᠤ 8400 ᠮᠥ ᠤᠰᠤ ᠠᠷᠪᠢᠯᠠᠬᠤ ᠲᠠᠯᠠᠪᠠᠶ ᠬᠡᠷᠡᠭᠵᠢᠭᠦᠯᠬᠦ ᠪᠠᠷ ᠲᠥᠯᠥᠪᠯᠡᠵᠦ᠂ 6600 ᠮᠥ ᠨᠢ ᠨᠢᠭᠡᠨᠲᠡ ᠤᠰᠤ ᠠᠷᠪᠢᠯᠠᠬᠤ ᠲᠥᠷᠥᠯ ᠵᠦᠢᠯ ᠢ ᠬᠡᠷᠡᠭᠵᠢᠭᠦᠯᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号